ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ |
ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽︿ᠰᠢᠨ᠎ᠡ ᠨᠡᠮᠡᠭᠳᠡᠯ ᠤᠨ ᠴᠡᠭ ᠢ ᠤᠯᠠᠮ ᠨᠢᠭᠡ ᠠᠯᠬᠤᠮ ᠪᠣᠶᠢᠵᠢᠭᠤᠯᠤᠨ |
ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠬᠦᠭᠵᠢᠭᠡᠬᠦ ᠠᠷᠭ᠎ᠠ ᠬᠡᠮᠵᠢᠶ᠎ᠡ ᠨᠦᠭᠦᠳ﹀ ᠤᠨ ᠲᠤᠬᠠᠢ ᠲᠦᠷᠦ ᠶᠢᠨ |
ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ︽ᠪᠡᠶ᠎ᠡ ᠶᠢᠨ ᠲᠠᠮᠢᠷ ᠤᠨ ᠶᠡᠷᠦᠩᠬᠡᠢ |
ᠲᠣᠪᠴᠢᠶ᠎ᠠ ᠶᠢᠨ ᠠᠯᠪᠠᠨ ᠲᠢᠩᠬᠢᠮ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠰᠣᠶᠣᠯ ᠪᠠ |
ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ︿ᠪᠡᠶ᠎ᠡ ᠶᠢᠨ ᠲᠠᠮᠢᠷ ᠤᠨ ᠤᠷᠤᠯᠳᠤᠭᠠᠨ ᠢ ᠦᠵᠡᠮᠵᠢ ᠶᠢᠨ |
ᠣᠷᠣᠨ ᠳᠤ ᠣᠷᠣᠭᠤᠯᠬᠤ᠂ ᠵᠡᠭᠡᠯᠢ ᠲᠣᠭᠤᠷᠢᠭ ᠲᠤ ᠣᠷᠣᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ﹀ |
ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︽ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠤᠳᠠᠯᠳᠤᠭᠠᠨ ᠤ |
ᠶᠠᠪᠤᠳᠠᠯ ᠤᠨ ᠶᠠᠮᠤᠨ ᠤ ︿ᠭᠤᠶᠢᠳᠠ ᠰᠠᠶᠢᠬᠠᠨ ᠤᠷᠤᠯᠳᠤᠭᠠᠨ ᠢ ᠡᠳ᠋ᠯᠡᠵᠦ ᠳᠤᠮᠳᠠᠳᠤ ᠶᠢᠨ ᠠᠮᠲᠠᠲᠤ ᠢᠳᠡᠭᠡᠨ ᠢ |
ᠠᠮᠲᠠᠯᠠᠬᠤ﹀ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ |
ᠥᠪᠥᠷ ᠮᠣᠩᠭᠤᠯ ᠤᠨ ᠲᠠᠮᠢᠷ ᠤᠨ ᠤᠷᠤᠯᠳᠤᠭᠠᠨ ᠤ ᠨᠡᠷᠡᠲᠦ ᠲᠡᠮᠳᠡᠭᠲᠦ ᠶᠢ ᠪᠦᠲᠦᠭᠡᠨ ᠪᠠᠶᠢᠭᠤᠯᠵᠤ᠂ ᠰᠣᠶᠣᠯ |
ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠤᠳᠠᠯᠳᠤᠭᠠᠴᠢᠨ ᠤ ᠬᠡᠷᠡᠭᠯᠡᠭᠡ ᠶᠢ ᠬᠦᠴᠦᠯᠡᠨ ᠥᠷᠭᠡᠳᠬᠡᠵᠦ᠂ ᠪᠡᠶ᠎ᠡ ᠶᠢᠨ |
ᠲᠠᠮᠢᠷ ᠤᠨ ᠤᠷᠤᠯᠳᠤᠭᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ |
ᠠᠷᠠᠳ ᠣᠯᠠᠨ ᠤ ᠣᠯᠠᠨ ᠡᠰᠢᠲᠦ ᠣᠶᠤᠨ ᠤ ᠰᠣᠶᠣᠯ ᠪᠠ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ |
ᠰᠠᠶᠢᠲᠤᠷ ᠬᠠᠩᠭᠠᠬᠤ ᠶᠢᠨ ᠲᠦᠯᠦᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ |
ᠲᠠᠮᠢᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ |
ᠬᠠᠮᠲᠤᠷᠠᠨ ︽5.1︾ ᠤ ᠬᠤᠭᠤᠴᠠᠭᠠᠨ ᠳᠠᠬᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ |
ᠭᠠᠷᠴᠠᠭᠯᠠᠯ ᠢ ᠨᠡᠶᠢᠲᠡᠯᠡᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠬᠠᠮᠢᠶ᠎ᠠ ᠪᠦᠬᠦᠢ ᠠᠵᠢᠯᠯᠠᠭ᠎ᠠ ᠨᠡᠶᠢᠲᠡ |
102 ᠵᠦᠢᠯ ᠪᠠᠶᠢᠵᠤ᠂ ᠭᠤᠣᠯ ᠨᠡᠷᠡᠰ ᠨᠢ ᠳᠣᠣᠷᠠᠬᠢ ᠮᠡᠲᠦ᠃ |
|
|
|
|
|
|
|
|
|
|
|
|
|
|
|
|
ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ᠂ ᠰᠣᠶᠣᠯ ᠪᠠ ᠵᠢᠭᠤᠯᠴᠢᠯᠠᠯ᠂ ᠬᠤᠳᠠᠯᠳᠤᠭᠠᠨ ᠤ ᠶᠠᠪᠤᠳᠠᠯ ᠤᠨ |
ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠤᠷᠤᠯᠳᠤᠭᠠᠨ ᠤ ᠶᠠᠪᠤᠳᠠᠯ ᠢ ᠳᠠᠭᠠᠵᠤ ᠵᠤᠭᠠᠴᠠᠬᠤ︾᠂ |
︽ᠭᠤᠷᠪᠠ ᠳᠤ ᠣᠷᠣᠬᠤ︾ ︵ᠵᠡᠭᠡᠯᠢ ᠭᠤᠳᠤᠮᠵᠢ ᠳᠤ ᠣᠷᠣᠬᠤ᠂ ᠦᠵᠡᠮᠵᠢ ᠶᠢᠨ ᠣᠷᠣᠨ ᠳᠤ ᠣᠷᠣᠬᠤ᠂ |
ᠬᠤᠳᠠᠯᠳᠤᠭᠠᠨ ᠤ ᠲᠣᠭᠤᠷᠢᠭ ᠲᠤ ᠣᠷᠣᠬᠤ︶ ᠪᠠ ︽ᠭᠤᠶᠢᠳᠠ ᠰᠠᠶᠢᠬᠠᠨ ᠤᠷᠤᠯᠳᠤᠭᠠᠨ ᠤ ᠶᠠᠪᠤᠳᠠᠯ ᠢ ᠡᠳ᠋ᠯᠡᠵᠦ |
ᠳᠤᠮᠳᠠᠳᠤ ᠶᠢᠨ ᠠᠮᠲᠠᠲᠤ ᠢᠳᠡᠭᠡᠨ ᠢ ᠠᠮᠲᠠᠯᠠᠬᠤ︾ ᠠᠵᠢᠯᠯᠠᠭ᠎ᠠ ᠶᠢᠨ ᠬᠡᠷᠡᠭᠯᠡᠭᠡ ᠶᠢ ᠠᠬᠢᠭᠤᠯᠬᠤ ᠰᠢᠷᠢᠰ |
ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ᠃ ᠤᠷᠤᠯᠳᠤᠭᠠᠨ ᠤ ᠶᠠᠪᠤᠳᠠᠯ ᠤᠨ ᠣᠨᠴᠠᠯᠢᠭ ᠲᠠᠢ ᠤᠶᠠᠯᠳᠤᠭᠤᠯᠤᠨ᠂ |
ᠰᠣᠶᠣᠯ ᠪᠡᠶ᠎ᠡ ᠶᠢᠨ ᠲᠠᠮᠢᠷ ᠪᠠ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠭᠦᠨᠵᠡᠭᠡᠢ ᠲᠦᠯᠬᠢᠨ |
ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠠᠵᠤ ᠠᠬᠤᠶᠢᠯᠠᠯ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ᠂ |
ᠵᠢᠭᠤᠯᠴᠢᠯᠠᠯ ᠠᠮᠠᠷᠠᠯᠲᠠ ᠶᠢᠨ ᠣᠷᠣᠨ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠬᠤᠳᠠᠯᠳᠤᠭᠠᠨ ᠤ |
ᠲᠣᠭᠤᠷᠢᠭ ᠵᠡᠷᠭᠡ ᠰᠣᠶᠣᠯ ᠪᠠ ᠵᠢᠭᠤᠯᠴᠢᠯᠠᠯ ᠤᠨ ᠲᠠᠯᠠᠪᠤᠷ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ ᠰᠣᠶᠣᠯ |
ᠵᠢᠭᠤᠯᠴᠢᠯᠠᠯ ᠤᠨ ᠠᠵᠢᠯᠯᠠᠭ᠎ᠠ ᠶᠢᠨ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠬᠤ ᠶᠢ ᠵᠣᠷᠢᠭᠵᠢᠭᠤᠯᠤᠨ᠎ᠠ᠃ |
ᠥᠷᠭᠡᠨ ᠤᠯᠠᠨ ᠪᠡᠶ᠎ᠡ ᠶᠢᠨ ᠲᠠᠮᠢᠷ ᠤᠨ ᠵᠤᠭᠠᠴᠠᠯ ᠳᠤ ᠪᠠᠭ᠋ᠠᠲᠠᠢ ᠬᠥᠮᠥᠰ ᠵᠤᠭᠠᠴᠠᠬᠤ ᠪᠠᠷ ᠭᠠᠷᠬᠤ ᠶᠢ ᠵᠣᠬᠢᠰᠲᠠᠢ |
ᠲᠣᠬᠢᠷᠠᠭᠤᠯᠵᠤ᠂ ᠤᠷᠤᠯᠳᠤᠭᠠᠨ ᠢ ᠲᠠᠭᠠᠵᠦ ᠵᠤᠭᠠᠴᠠᠬᠤ᠂ ᠤᠷᠤᠯᠳᠤᠭᠠᠨ ᠢ ᠲᠠᠭᠠᠵᠦ ᠠᠮᠲᠠᠲᠤ ᠢᠳᠡᠭᠡᠨ ᠢᠳᠡᠬᠦ |
ᠶᠠᠪᠤᠴᠠ ᠳᠤ᠂ ᠠᠶᠤᠯ ᠦᠭᠡᠢ ᠤᠬᠠᠮᠰᠠᠷ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠵᠦ ᠪᠣᠯᠤᠨ᠎ᠠ᠃ |
ᠡᠭᠦᠨ ᠤ ᠲᠤᠯᠠ ᠣᠨᠴᠠᠭᠠᠶᠢᠯᠠᠨ ᠵᠠᠷᠯᠠᠪᠠ᠃ |
|
ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ |
ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ |
2025 ᠣᠨ ᠤ 4 ᠰᠠᠷ᠎ᠠ ᠶᠢᠨ 27 ᠤ ᠡᠳᠦᠷ |
|