8 ᠳ᠋ᠤᠭ᠋ᠠᠷ ᠰᠠᠷ᠎ᠠ ᠵᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠠᠴᠠ ᠵᠣᠬᠢᠶᠠᠨ ᠪᠠᠢ᠌ᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠰᠣᠩᠭᠣᠨ ᠲᠣᠮᠢᠯᠠᠭᠰᠠᠨ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠤᠳᠬ᠎ᠠ ᠤᠷᠠᠯᠢᠭ᠎ᠤᠨ ᠪᠦᠯᠬᠦᠮ ᠢᠲ᠋ᠠᠯᠢ ᠵᠢᠨ ᠪᠸᠷᠭ᠋ᠠᠮᠤ᠋ ᠡᠷᠲᠡᠨ᠎ᠤ ᠬᠤᠲᠠ ᠵᠢᠨ Piazza Vecchia ᠲᠠᠯᠠᠪᠠᠢ᠎ᠳᠤ ᠶᠠᠪᠤᠭᠳᠠᠭᠰᠠᠨ 41 ᠳ᠋ᠦ᠍ᠭᠡᠷ ᠬᠤᠭᠤᠴᠠᠭ᠋ᠠᠨ᠎ᠤ ᠣᠯᠠᠨ ᠤᠯᠤᠰ᠎ᠤᠨ ᠵᠠᠩ ᠦᠢ᠍ᠯᠡ ᠵᠢᠨ ᠰᠣᠶᠣᠯ᠎ᠤᠨ ᠨᠠᠢ᠌ᠷ᠎ᠲᠤ ᠤᠷᠤᠯᠴᠠᠵᠤ᠂ ᠳᠡᠯᠡᠬᠡᠢ ᠵᠢᠨ ᠡᠯ᠎ᠡ ᠭᠠᠵᠠᠷ᠎ᠤᠨ ᠤᠳᠬ᠎ᠠ ᠤᠷᠠᠯᠢᠭ᠎ᠤᠨ ᠪᠦᠯᠬᠦᠮ ᠪᠣᠯᠤᠨ ᠲᠤᠬᠠᠢ ᠵᠢᠨ ᠭᠠᠵᠠᠷ᠎ᠤᠨ ᠠᠷᠠᠳ ᠤᠯᠠᠨ᠎ᠳᠤ ᠨᠢᠭᠡ ᠤᠳᠠᠭ᠋ᠠᠨ᠎ᠤ ᠭᠣᠶ᠋ᠢᠳᠠ ᠰᠠᠶ᠋ᠢᠬᠠᠨ ᠲᠤᠭᠯᠠᠯᠲᠠ᠎ᠪᠠᠨ ᠰᠤᠨᠢᠷᠬᠠᠭᠤᠯᠤᠭᠰᠠᠨ ᠪᠠᠢ᠌ᠨ᠎ᠠ᠃

ᠣᠶ᠋ᠢᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠣᠯᠠᠨ ᠤᠯᠤᠰ᠎ᠤᠨ ᠵᠠᠩ ᠦᠢ᠍ᠯᠡ ᠵᠢᠨ ᠰᠣᠶᠣᠯ᠎ᠤᠨ ᠨᠠᠶ᠋ᠢᠷ ᠡᠬᠢᠯᠡᠬᠦ᠎ᠠᠴᠠ ᠡᠮᠦᠨ᠎ᠡ᠂ ᠢᠲ᠋ᠠᠯᠢ ᠵᠢᠨ ᠠᠯᠪᠠᠨ᠎ᠤ ᠰᠦᠯᠵᠢᠶ᠎ᠡ ᠵᠢᠴᠢ ᠲᠤᠬᠠᠶ ᠵᠢᠨ ᠭᠠᠵᠠᠷ᠎ᠤᠨ ᠵᠠᠭᠤᠴᠢᠯᠠᠭᠤᠷ᠎ᠤᠨ᠎ᠬᠢᠨ ᠨᠢᠭᠡᠨᠲᠡ ᠤᠷᠢᠳᠴᠢᠯᠠᠨ ᠤᠬᠠᠭᠤᠯᠭ᠎ᠠ ᠬᠢᠵᠦ᠂ ᠲᠣᠰ ᠤᠳᠠᠭ᠋ᠠᠨ᠎ᠤ ᠤᠷᠠᠯᠢᠭ᠎ᠤᠨ ᠨᠠᠶ᠋ᠢᠷ᠎ᠤᠨ ᠠᠯᠢ ᠣᠯᠠᠨ ᠲᠣᠬᠢᠷᠠᠭᠤᠯᠤᠯᠲᠠ᠎ᠠᠴᠠ 8 ᠳ᠋ᠤᠭ᠋ᠠᠷ ᠰᠠᠷ᠎ᠠ ᠵᠢᠨ 23᠎ᠤ ᠡᠳᠦᠷ (ᠭᠠᠷᠠᠭ᠎ᠤᠨ ᠵᠢᠷᠭᠤᠭ᠋ᠠᠨ)᠎ᠤᠨ ᠣᠷᠣᠶ ᠵᠢᠨ 20᠄ 30᠎ᠲᠤ ᠲᠤᠭᠯᠠᠬᠤ ᠳᠤᠮᠳᠠᠳᠤ ᠤᠯᠤᠰ᠎ᠤᠨ ᠥᠪᠥᠷ ᠮᠣᠩᠭᠤᠯ᠎ᠠᠴᠠ ᠢᠷᠡᠭᠰᠡᠨ ᠣᠨᠴᠠ ᠤᠷᠢᠭᠰᠠᠨ ᠤᠳᠬ᠎ᠠ ᠤᠷᠠᠯᠢᠭ᠎ᠤᠨ ᠪᠦᠯᠬᠦᠮ᠎ᠤᠨ ᠲᠣᠭᠯᠠᠯᠲᠠ ᠵᠢ ᠤᠨᠴᠠᠯᠠᠨ ᠤᠬᠠᠭᠤᠯᠤᠭᠰᠠᠨ ᠪᠠᠢ᠌ᠨ᠎ᠠ᠃