9 ᠰᠠᠷ᠎ᠠ ᠶᠢᠨ 27 ᠤ ᠡᠳᠦᠷ᠂ ︽ᠲᠠᠲᠠᠮᠠᠯ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ |
ᠪᠠ ᠠᠰᠢᠭᠯᠠᠬᠤ︾ ᠪᠠᠷ ᠭᠤᠤᠯ ᠰᠡᠳᠦᠪ ᠪᠣᠯᠭᠠᠭᠰᠠᠨ 2019 ᠤᠨ ᠤ ᠳᠡᠯᠡᠬᠡᠶ ᠶᠢᠨ ᠲᠠᠲᠠᠮᠠᠯ ᠭᠤᠤᠯ ᠤᠨ |
ᠬᠤᠲᠠ ᠶᠢᠨ ᠶᠠᠷᠢᠯᠴᠠᠭᠠᠨ ᠤ ᠲᠠᠪᠴᠠᠩ ᠵᠢᠴᠢ ᠳᠡᠯᠡᠬᠡᠶ ᠶᠢᠨ ᠲᠠᠲᠠᠮᠠᠯ ᠭᠤᠤᠯ ᠤᠨ ᠶᠡᠭᠡ ᠬᠤᠷᠠᠯ ᠡᠬᠢᠯᠡᠪᠡ᠃ |
ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠯᠦᠸᠧ ᠱᠣ᠋ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ |
ᠵᠢᠶᠠᠩᠰᠤ ᠮᠤᠵᠢ ᠶᠢᠨ ᠳᠠᠷᠤᠭ᠎ᠠ ᠦ᠋ ᠵᠧᠩ ᠯᠦᠩ ᠬᠤᠷᠠᠯ ᠳᠤ ᠣᠷᠣᠯᠴᠠᠨ ᠪᠠᠶᠠᠷ ᠤᠨ ᠦᠭᠡ ᠬᠡᠯᠡᠵᠦ᠂ ᠫᠠᠨᠠᠮᠠ ᠶᠢᠨ |
ᠤᠤᠯ ᠤᠨ ᠶᠡᠷᠦᠩᠬᠡᠢᠯᠡᠭᠴᠢ ᠬᠤᠨᠨᠨ · ᠺᠠᠷᠯᠤᠰ · ᠪᠠᠯᠸᠢᠢᠯᠠ᠂ ᠳᠣᠲᠣᠭᠠᠳᠤ ᠭᠤᠤᠯ ᠮᠥᠷᠡᠨ ᠤ ᠤᠰᠤᠨ ᠵᠠᠮ ᠤᠨ |
ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠳ᠋ᠠᠸᠧᠢ · ᠠᠤᠳ᠋ᠸᠧᠠᠷᠽ · ᠮᠧᠶ ᠶᠡᠭᠡ ᠬᠤᠷᠠᠯ |
ᠳᠡᠭᠡᠷ᠎ᠡ ᠪᠠᠶᠠᠷ ᠤᠨ ᠦᠭᠡ ᠬᠡᠯᠡᠵᠡᠶ᠃ ᠵᠢᠶᠠᠩᠰᠦ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ |
ᠤᠬᠠᠭᠤᠯᠬᠤ ᠬᠡᠯᠲᠡᠰ ᠤᠨ ᠳᠠᠷᠤᠭ᠎ᠠ ᠸᠠᠩ ᠶᠠᠨ ᠸᠧᠨ ᠶᠡᠭᠡ ᠬᠤᠷᠠᠯ ᠳᠤ ᠣᠷᠣᠯᠴᠠᠵᠤ᠂ ᠮᠤᠵᠢ ᠶᠢᠨ ᠳᠡᠳ᠋ |
ᠳᠠᠷᠤᠭ᠎ᠠ ᠸᠠᠩ ᠵᠢᠶᠠᠩ ᠶᠡᠭᠡ ᠬᠤᠷᠠᠯ ᠢ ᠡᠷᠬᠢᠯᠡᠵᠡᠢ᠃ |
ᠯᠦᠸᠧ ᠱᠣ᠋ ᠭᠠᠩ ᠬᠡᠯᠡᠭᠰᠡᠨ ᠨᠢ᠂ ᠲᠠᠲᠠᠮᠠᠯ ᠭᠤᠣᠯ ᠤᠨ ᠰᠣᠶᠣᠯ ᠪᠣᠯ ᠬᠥᠮᠥᠨ ᠲᠥᠷᠥᠯᠬᠢᠲᠡᠨ ᠤ |
ᠪᠣᠯᠪᠠᠰᠤᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠵᠢᠶᠠᠩᠰᠦ ᠪᠣᠯ ᠳᠤᠮᠳᠠᠳᠤ ᠤᠯᠤᠰ ᠤᠨ ᠶᠡᠭᠡ ᠲᠠᠲᠠᠮᠠᠯ |
ᠭᠤᠤᠯ ᠤᠨ ᠥᠯᠥᠭᠡᠶ ᠪᠠ ᠭᠤᠤᠯ ᠥᠪ ᠬᠥᠷᠥᠩᠭᠡ ᠶᠢᠨ ᠣᠷᠣᠨ ᠪᠦᠰᠡ ᠮᠥᠨ᠂ ᠶᠠᠩᠵᠸᠤ ᠪᠣᠯ ᠳᠤᠮᠳᠠᠳᠤ ᠤᠯᠤᠰ |
ᠤᠨ ᠶᠡᠭᠡ ᠲᠠᠲᠠᠮᠠᠯ ᠭᠤᠤᠯ ᠤᠨ ᠤᠤᠯ ᠴᠡᠭ ᠤᠨ ᠬᠤᠲᠠ ᠪᠠ ᠰᠣᠶᠣᠯ ᠤᠨ ᠥᠪ ᠢᠶᠠᠷ ᠮᠡᠳᠡᠭᠦᠯᠬᠦ ᠳᠠᠭᠠᠭᠤᠯᠤᠭᠴᠢ |
ᠬᠤᠲᠠ ᠮᠥᠨ᠂ ᠲᠠᠲᠠᠮᠠᠯ ᠭᠤᠤᠯ ᠢ ᠬᠠᠮᠠᠭᠠᠯᠠᠨ ᠠᠰᠢᠭᠯᠠᠬᠤ ᠪᠠ ᠥᠷᠲᠡᠭ ᠢ ᠨᠢ ᠪᠠᠳᠠᠷᠠᠭᠤᠯᠬᠤ ᠵᠡᠷᠭᠡ ᠲᠠᠯ᠎ᠠ ᠪᠠᠷ |
ᠶᠡᠭᠡ ᠬᠡᠮᠵᠢᠶᠡᠨ ᠤ ᠦᠷ᠎ᠡ ᠪᠦᠲᠦᠮᠵᠢᠲᠡᠶ ᠬᠠᠶᠢᠨ ᠰᠦᠪᠡᠭᠴᠢᠯᠡᠬᠦ ᠠᠵᠢᠯ ᠬᠢᠭᠰᠡᠨ ᠪᠠᠶᠢᠨ᠎ᠠ᠃ ᠪᠢᠳᠡ ᠶᠡᠷᠦᠩᠬᠡᠶ |
ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ |
ᠲᠤᠭᠤᠰᠢᠯᠠᠭᠤᠯᠵᠤ᠂ ᠶᠡᠭᠡ ᠲᠠᠲᠠᠮᠠᠯ ᠭᠤᠤᠯ ᠤᠨ ᠠᠴᠢᠶᠠᠯᠠᠭᠰᠠᠨ ᠭᠦᠨ ᠵᠤᠵᠠᠭᠠᠨ ᠰᠣᠶᠣᠯ ᠤᠨ ᠥᠷᠳᠡᠭ ᠪᠣᠯᠤᠨ |
ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠰᠢᠨ᠎ᠡ ᠴᠠᠭ ᠦᠶ᠎ᠡ ᠶᠢᠨ ᠶᠡᠭᠡ ᠲᠠᠲᠠᠮᠠᠯ |
ᠭᠤᠤᠯ ᠤᠨ ᠰᠣᠶᠣᠯ ᠤᠨ ᠪᠦᠰᠡ ᠶᠢᠨ ᠴᠦ᠋ ᠰᠢᠨ᠎ᠡ ᠬᠠᠭᠤᠳᠠᠰᠤ ᠶᠢ ᠬᠦᠴᠦᠯᠡᠨ ᠢᠯᠡᠷᠡᠭᠦᠯᠵᠦ᠂ ᠶᠡᠭᠡ ᠲᠠᠲᠠᠮᠠᠯ |
ᠭᠤᠤᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠲᠥᠷᠥᠯ ᠤᠨ ᠲᠡᠮᠳᠡᠭ ᠢ ᠬᠦᠴᠦᠯᠡᠨ ᠡᠭᠦᠳᠴᠦ᠂ |
ᠪᠣᠯᠪᠠᠰᠤᠨ ᠢᠶᠠᠷ ᠬᠠᠷᠢᠯᠴᠠᠨ ᠲᠣᠯᠢ ᠪᠣᠯᠭᠠᠭᠰᠠᠨ ᠳᠡᠯᠡᠬᠡᠶ ᠶᠢᠨ ᠲᠠᠲᠠᠮᠠᠯ ᠭᠤᠤᠯ ᠤᠨ ᠪᠣᠯᠪᠠᠰᠤᠨ ᠤ ᠬᠠᠮᠲᠤ ᠶᠢᠨ |
ᠴᠣᠭᠴᠠ ᠶᠢ ᠬᠦᠴᠦᠯᠡᠨ ᠪᠠᠢᠭᠤᠯᠵᠤ᠂ ᠶᠡᠭᠡ ᠲᠠᠲᠠᠮᠠᠯ ᠭᠤᠤᠯ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ |
ᠰᠡᠷᠭᠦᠨ ᠮᠠᠨᠳᠤᠯᠲᠠ ᠶᠢᠨ ᠰᠣᠶᠣᠯ ᠤᠨ ᠲᠥᠷᠥᠯ ᠲᠡᠮᠳᠡᠭ ᠪᠣᠯᠤᠨ ᠳᠡᠯᠭᠡᠨ ᠦᠵᠡᠭᠦᠯᠬᠦ᠂ ᠰᠣᠶᠣᠯ ᠤᠨ ᠢᠲᠡᠭᠡᠯ ᠢ |
ᠢᠯᠡᠷᠡᠭᠦᠯᠬᠦ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠳᠡᠯᠡᠬᠡᠶ ᠶᠢᠨ |
ᠲᠠᠲᠠᠮᠠᠯ ᠭᠤᠤᠯ ᠤᠨ ᠬᠤᠲᠠ ᠶᠢᠨ ᠶᠠᠷᠢᠯᠴᠠᠭᠠᠨ ᠤ ᠲᠠᠪᠴᠠᠩ ᠤᠨ ᠡᠨᠡ ᠬᠦ ᠰᠣᠯᠢᠯᠴᠠᠭᠠᠨ ᠤ ᠲᠠᠪᠴᠠᠩ ᠤᠨ |
ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠲᠠᠲᠠᠮᠠᠯ ᠭᠤᠤᠯ ᠤᠨ ᠠᠴᠢᠶᠠᠯᠠᠪᠤᠷᠢ ᠪᠦᠬᠦᠢ ᠳᠤᠮᠳᠠᠳᠤ ᠤᠯᠤᠰ ᠤᠨ |
ᠦᠯᠢᠭᠡᠷ ᠢ ᠳᠡᠯᠡᠬᠡᠶ ᠳ᠋ᠠᠬᠢᠨ ᠳᠤ ᠳᠠᠮᠵᠢᠭᠤᠯᠵᠤ᠂ ᠳᠡᠯᠡᠬᠡᠶ ᠶᠢᠨ ᠡᠯ᠎ᠡ ᠲᠠᠲᠠᠮᠠᠯ ᠭᠤᠤᠯ ᠤᠨ ᠬᠤᠲᠠ ᠯᠤᠭ᠎ᠠ ᠰᠣᠶᠣᠯ |
ᠢᠷᠭᠡᠨᠰᠢᠯ ᠤᠨ ᠰᠣᠯᠢᠯᠴᠠᠭ᠎ᠠ ᠪᠣᠯᠤᠨ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠡᠷᠡᠭᠲᠡᠶ᠃ |
ᠡᠤ ᠵᠧᠩ ᠯᠦᠩ ᠢᠯᠡᠷᠬᠡᠶᠢᠯᠡᠬᠦ ᠳᠤ ᠪᠠᠨ᠂ ᠵᠢᠶᠠᠩᠰᠦ ᠤᠰᠤᠨ ᠳᠤ ᠲᠦᠰᠢᠭᠯᠡᠨ ᠮᠡᠨᠳᠦᠯᠡᠵᠦ᠂ |
ᠤᠰᠤᠨ ᠳᠤ ᠲᠦᠰᠢᠭᠯᠡᠨ ᠬᠥᠭᠵᠢᠨ ᠮᠠᠨᠳᠤᠵᠤ᠂ ᠡᠤ ᠤᠯᠤᠰ ᠤᠨ ᠰᠣᠶᠣᠯ᠂ ᠬᠤᠸᠠᠢ ᠶᠠᠩ ᠤᠨ ᠰᠣᠶᠣᠯ᠂ ᠴᠦ᠋ |
ᠬᠠᠨ ᠤᠯᠤᠰ ᠤᠨ ᠰᠣᠶᠣᠯ᠂ ᠶᠢᠨ ᠯᠢᠩ ᠤᠨ ᠰᠣᠶᠣᠯ ᠵᠡᠷᠭᠡ ᠭᠠᠵᠠᠷ ᠣᠷᠣᠨ ᠤ ᠰᠣᠶᠣᠯ ᠲᠠᠢ ᠬᠤᠯᠪᠣᠭ᠎ᠠ ᠲᠠᠢ᠃ |
ᠳᠡᠭᠡᠳᠦ ᠬᠡᠮᠵᠢᠶᠡᠨ ᠤ ᠰᠣᠶᠣᠯ ᠤᠨ ᠢᠲᠡᠭᠡᠯ ᠪᠣᠯᠤᠨ ᠰᠣᠶᠣᠯ ᠤᠨ ᠤᠬᠠᠮᠰᠠᠷ ᠢᠶᠠᠷ ᠶᠡᠭᠡ ᠲᠠᠲᠠᠮᠠᠯ ᠭᠤᠤᠯ ᠤᠨ |
ᠰᠣᠶᠣᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠡᠩᠨᠡᠭᠡᠨ ᠳᠤ ᠶᠠᠪᠤᠬᠤ᠂ ᠦᠯᠢᠭᠡᠷ ᠵᠢᠱᠢᠶ᠎ᠡ |
ᠪᠣᠯᠬᠤ ᠶᠢ ᠴᠢᠨᠠᠷ ᠰᠠᠶᠢᠲᠠᠶ ᠠᠬᠢᠭᠤᠯᠵᠤ᠂ ᠵᠢᠶᠠᠩᠰᠦ ᠶᠢᠨ ᠰᠣᠶᠣᠯ ᠢᠷᠭᠡᠨᠰᠢᠯ ᠤᠨ ᠭᠤᠸ᠎ᠠ ᠰᠠᠶᠢᠬᠠᠨ᠂ ᠠᠮᠢ |
ᠠᠬᠤᠢ ᠶᠢᠨ ᠭᠤᠸ᠎ᠠ ᠰᠠᠶᠢᠬᠠᠨ᠂ ᠬᠥᠭᠵᠢᠯᠲᠡ ᠶᠢᠨ ᠭᠤᠸ᠎ᠠ ᠰᠠᠶᠢᠬᠠᠨ ᠢ ᠢᠯᠡᠷᠡᠭᠦᠯᠵᠦ᠂ ᠶᠡᠭᠡ ᠲᠠᠲᠠᠮᠠᠯ ᠭᠤᠤᠯ ᠤᠨ |
ᠵᠢᠶᠠᠩᠰᠦ ᠶᠢᠨ ᠬᠡᠰᠡᠭ ᠢ ᠶᠡᠭᠡ ᠲᠠᠲᠠᠮᠠᠯ ᠭᠤᠤᠯ ᠤᠨ ᠰᠣᠶᠣᠯ ᠤᠨ ᠪᠦᠰᠡ ᠪᠣᠯᠭᠠᠨ ᠪᠦᠲᠦᠭᠡᠨ ᠪᠠᠢᠭᠤᠯᠵᠤ᠂ ︽ |
ᠬᠦᠴᠦᠷᠬᠡᠭ ᠪᠠᠶᠠᠨ ᠦᠵᠡᠰᠬᠦᠯᠡᠩᠲᠦ ᠰᠠᠶᠢᠬᠠᠨ︾ ᠰᠢᠨ᠎ᠡ ᠵᠢᠶᠠᠩᠰᠦ ᠶᠢᠨ ᠪᠦᠲᠦᠭᠡᠨ ᠪᠠᠢᠭᠤᠯᠤᠯᠲᠠ ᠳᠤ ᠬᠦᠴᠦᠲᠡᠶ |
ᠲᠤᠯᠭᠠᠭᠤᠷᠢᠯᠠᠯ ᠬᠠᠩᠭᠠᠬᠤ ᠬᠡᠷᠡᠭᠲᠡᠶ᠃ ᠳᠡᠯᠡᠬᠡᠶ ᠶᠢᠨ ᠲᠠᠲᠠᠮᠠᠯ ᠭᠤᠤᠯ ᠤᠨ ᠬᠤᠲᠠ ᠶᠢᠨ ᠶᠠᠷᠢᠯᠴᠠᠭᠠᠨ ᠤ ᠲᠠᠪᠴᠠᠩ |
ᠶᠠᠩᠵᠧᠦ ᠳᠤ ᠮᠡᠨᠳᠦᠯᠡᠵᠦ᠂ ᠡᠨᠡ ᠵᠢᠯ ᠤᠨ ᠳᠡᠯᠡᠬᠡᠶ ᠶᠢᠨ ᠲᠠᠲᠠᠮᠠᠯ ᠭᠤᠤᠯ ᠤᠨ ᠶᠡᠭᠡ ᠬᠤᠷᠠᠯ ᠪᠠᠰᠠ ᠶᠠᠩᠵᠧᠦ ᠳᠤ |
ᠨᠤᠲᠤᠭᠰᠢᠪᠠ᠃ ᠪᠢᠳᠡ ᠡᠭᠦᠨ ᠢᠶᠠᠷ ᠲᠠᠪᠴᠠᠩ ᠪᠣᠯᠭᠠᠵᠤ᠂ ᠲᠠᠲᠠᠮᠠᠯ ᠭᠤᠤᠯ ᠢᠶᠠᠷ ᠵᠠᠭᠤᠴᠢ ᠪᠤᠯᠭᠠᠨ᠂ ᠳᠡᠯᠡᠬᠡᠶ ᠶᠢᠨ |
ᠡᠯ᠎ᠡ ᠲᠠᠲᠠᠮᠠᠯ ᠭᠤᠤᠯ ᠤᠨ ᠬᠤᠲᠠ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠤᠨ |
ᠬᠠᠷᠢᠯᠴᠠᠨ ᠬᠠᠯᠠᠮᠵᠢᠯᠠᠯ ᠢᠶᠠᠨ ᠠᠬᠢᠭᠤᠯᠵᠤ᠂ ᠪᠦᠬᠦ ᠪᠥᠮᠪᠥᠷᠴᠡᠭ ᠤᠨ ᠲᠠᠲᠠᠮᠠᠯ ᠭᠤᠤᠯ ᠢ ᠬᠠᠮᠠᠭᠠᠯᠠᠨ ᠵᠠᠯᠭᠠᠮᠵᠢᠯᠠᠵᠤ |
ᠠᠰᠢᠭᠯᠠᠬᠤ ᠳᠤ ᠳᠤᠮᠳᠠᠳᠤ ᠤᠯᠤᠰ ᠤᠨ ᠣᠶᠤᠨ ᠤᠬᠠᠭᠠᠨ ᠪᠠ ᠵᠢᠶᠠᠩᠰᠦ ᠶᠢᠨ ᠦᠢᠯᠡᠳᠦᠯᠭᠡ ᠶᠢ ᠨᠡᠮᠡᠷᠢᠯᠡᠨ᠎ᠡ |
ᠭᠡᠵᠡᠢ᠃ |
ᠬᠤᠷᠠᠯ ᠳᠡᠭᠡᠷ᠎ᠡ᠂ ᠯᠦᠸᠧ ᠱᠣ᠋ ᠭᠠᠩ᠂ ᠡᠤ ᠵᠧᠩ ᠯᠦᠩ ᠬᠠᠮᠲᠤ ᠪᠠᠷ ︽ᠳᠤᠮᠳᠠᠳᠤ ᠤᠯᠤᠰ ᠤᠨ ᠲᠠᠲᠠᠮᠠᠯ |
ᠭᠤᠤᠯ ᠤᠨ ᠣᠶᠢᠯᠠᠯᠭ᠎ᠠ︾ ᠶᠢ ᠬᠡᠪᠯᠡᠨ ᠨᠡᠶᠢᠲᠡᠯᠡᠬᠦ ᠬᠥᠰᠢᠭᠡ ᠶᠢ ᠰᠡᠬᠦᠵᠦ᠂ ᠲᠤᠰᠬᠠᠶ ᠮᠡᠷᠭᠡᠵᠢᠯᠲᠡᠨ ᠠᠴᠠ ᠲᠠᠲᠠᠮᠠᠯ |
ᠭᠤᠤᠯ ᠳᠠᠭᠠᠤ ᠮᠣᠵᠢ ︵ᠬᠤᠲᠠ︶ ᠶᠢᠨ ᠲᠥᠯᠥᠭᠡᠯᠡᠭᠴᠢᠳ ᠲᠤ ᠨᠠᠶᠢᠷᠠᠭᠤᠯᠤᠨ ᠪᠢᠴᠢᠭᠰᠡᠨ ᠨᠤᠮ ᠢᠶᠠᠨ ᠳᠤᠷᠠᠰᠬᠠᠨ |
ᠪᠡᠯᠡᠭᠯᠡᠪᠡ︔ ᠬᠠᠭᠠᠨ ᠤ ᠣᠷᠳᠣᠨ ᠤ ᠳᠡᠭᠡᠳᠦ ᠰᠤᠷᠭᠠᠭᠤᠯᠢ ᠶᠢᠨ ᠵᠠᠬᠢᠷᠤᠯ ᠱᠠᠨ ᠵᠢᠶ ᠰᠢᠶᠠᠩ᠂ ᠭᠧᠷᠮᠠᠨ ᠤ |
ᠯᠠᠶᠢᠫᠼᠢᠰᠢ ᠬᠤᠲᠠ᠂ ᠵᠧᠵᠢᠶᠠᠩ ᠤᠨ ᠬᠠᠩᠵᠧᠦ ᠬᠤᠲᠠ᠂ ᠱᠠᠨᠳᠦ᠋ᠩ ᠤᠨ ᠵᠢᠨᠢᠩ ᠬᠤᠲᠠ ᠶᠢᠨ ᠬᠤᠯᠪᠣᠭᠳᠠᠯ |
ᠪᠦᠬᠦᠢ ᠬᠠᠷᠢᠭᠤᠴᠠᠯᠭᠠᠲᠠᠨ ᠭᠤᠤᠯ ᠵᠣᠷᠢᠯᠲᠠ ᠶᠢᠨ ᠶᠠᠷᠢᠶ᠎ᠠ ᠢᠯᠡᠳᠬᠡᠯ ᠬᠢᠪᠡ᠃ |
|
|
|
|