9 ᠰᠠᠷ᠎ᠠ ᠶᠢᠨ 27 ᠤ ᠡᠳᠦᠷ᠂ ᠬᠠᠭᠠᠨ ᠤ ᠣᠷᠳᠣᠨ ᠤ ᠮᠦᠽᠧᠶ ᠪᠣᠯᠤᠨ ᠳᠤᠮᠳᠠᠳᠤ ᠤᠯᠤᠰ ᠤᠨ ᠬᠢᠲᠠᠳ |
ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ |
ᠵᠥᠪᠯᠡᠯᠴᠡᠭᠡᠷ ᠲᠣᠬᠢᠷᠠᠯᠴᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ |
ᠪᠦᠷᠢᠯᠳᠦᠬᠦᠨ᠂ ᠬᠠᠭᠠᠨ ᠤ ᠣᠷᠳᠣᠨ ᠤ ᠮᠦᠽᠧᠶ ᠶᠢᠨ ᠳᠠᠷᠤᠭ᠎ᠠ ᠸᠠᠩ ᠰᠢᠤᠢ ᠳ᠋ᠦᠩ᠂ ᠤᠯᠤᠰ ᠤᠨ ᠡᠷᠡᠭᠦᠯ |
ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ |
ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ |
ᠱᠦᠵᠢ᠂ ᠳᠡᠳ᠋ ᠲᠣᠪᠴᠢᠶᠠᠨ ᠳᠠᠷᠤᠭ᠎ᠠ ᠢᠦᠶ ᠶᠠᠨ ᠬᠤᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ |
|
ᠸᠠᠩ ᠰᠢᠤᠢ ᠳ᠋ᠦᠩ᠂ ᠬᠤᠶᠠᠷ ᠲᠠᠯ᠎ᠠ ᠪᠠᠷ ᠢᠶᠠᠨ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ |
ᠬᠠᠮᠲᠤᠷᠠᠯᠴᠠᠭᠠᠨ ᠤ ᠣᠶᠢᠯᠠᠭᠠᠭᠳᠠᠬᠤᠨ ᠢᠶᠠᠷ ᠲᠣᠰ ᠲᠣᠰ ᠤᠨ ᠡᠷᠳᠡᠮ ᠰᠢᠨᠵᠢᠯᠡᠭᠡᠨ ᠢᠶᠠᠨ ᠭᠦᠢᠴᠡᠳ ᠪᠠᠳᠠᠷᠠᠭᠤᠯᠵᠤ᠂ |
ᠡᠬᠡ ᠤᠯᠤᠰ ᠤᠨ ᠤᠯᠠᠮᠵᠢᠯᠠᠯᠲᠤ ᠬᠢᠲᠠᠳ ᠡᠮ ᠡᠮᠨᠡᠯᠭᠡ ᠶᠢᠨ ᠤᠬᠠᠭᠠᠨ ᠢ ᠪᠠᠳᠠᠷᠠᠭᠤᠯᠵᠤ᠂ ᠬᠢᠲᠠᠳ ᠡᠮ |
ᠡᠮᠨᠡᠯᠭᠡ ᠶᠢᠨ ᠰᠣᠶᠣᠯ ᠤᠨ ᠥᠷᠲᠡᠭ ᠢ ᠠᠭᠤᠳᠠᠯᠬᠤ ᠶᠢᠨ ᠲᠥᠯᠥᠭᠡ᠂ ᠬᠠᠭᠠᠨ ᠤ ᠣᠷᠳᠣᠨ ᠤ ᠬᠢᠲᠠᠳ ᠡᠮ |
ᠡᠮᠨᠡᠯᠭᠡ ᠶᠢᠨ ᠰᠣᠶᠣᠯ ᠤᠨ ᠰᠤᠳᠤᠯᠭᠠᠨ ᠪᠣᠯᠤᠨ ᠠᠰᠢᠭᠯᠠᠯᠲᠠ ᠶᠢᠨ ᠴᠢᠭᠯᠡᠯ ᠪᠣᠯᠤᠨ ᠠᠷᠭ᠎ᠠ ᠵᠠᠮ ᠢ ᠲᠠᠰᠤᠷᠠᠯᠲᠠ |
ᠦᠭᠡᠢ ᠰᠦᠪᠡᠭᠴᠢᠯᠡᠨ᠎ᠡ ᠭᠡᠵᠦ ᠢᠯᠡᠳᠬᠡᠪᠡ᠃ |
ᠲᠣᠰ ᠤᠳᠠᠭᠠᠨ ᠤ ᠬᠠᠮᠲᠤᠷᠠᠯᠴᠠᠭ᠎ᠠ ᠨᠢ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ |
ᠤᠬᠠᠭᠠᠨ ᠤ ᠬᠦᠷᠢᠶᠡᠯᠡᠩ ᠤᠨ ᠬᠢᠲᠠᠳ ᠡᠮ ᠡᠮᠨᠡᠯᠭᠡ ᠶᠢᠨ ᠤᠬᠠᠭᠠᠨ ᠤ ᠰᠢᠯᠢᠳᠡᠭ ᠲᠤᠰᠬᠠᠶ ᠮᠡᠷᠭᠡᠵᠢᠯ ᠤᠨ |
ᠰᠤᠳᠤᠯᠭᠠᠨ ᠤ ᠬᠦᠴᠦᠨ ᠢᠶᠠᠷ ᠳᠠᠮᠵᠢᠭᠤᠯᠤᠨ᠂ ᠬᠠᠭᠠᠨ ᠤ ᠣᠷᠳᠣᠨ ᠤ ᠮᠦᠽᠧᠶ ᠶᠢᠨ ᠶᠡᠭᠡ ᠬᠡᠮᠵᠢᠶᠡᠨ ᠤ ᠬᠢᠲᠠᠳ |
ᠡᠮ ᠡᠮᠨᠡᠯᠭᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠲᠠᠢ ᠤᠶᠠᠯᠳᠤᠭᠤᠯᠤᠨ᠂ ᠴᠢᠩ ᠤᠯᠤᠰ |
ᠤᠨ ᠦᠶ᠎ᠡ ᠶᠢᠨ ᠣᠷᠳᠣᠨ ᠤ ᠬᠢᠲᠠᠳ ᠡᠮ ᠡᠮᠨᠡᠯᠭᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠢᠨᠵᠢᠯᠡᠬᠦ |
ᠤᠬᠠᠭᠠᠨ ᠤ ᠭᠦᠨᠵᠡᠭᠡᠢ ᠰᠤᠳᠤᠯᠭᠠᠨ ᠢ ᠬᠠᠮᠲᠤᠷᠠᠨ ᠥᠷᠨᠢᠭᠦᠯᠵᠦ᠂ ᠰᠣᠶᠣᠯ ᠤᠨ ᠠᠭᠤᠯᠬᠤᠨ ᠢ ᠨᠢ ᠭᠦᠢᠴᠡᠳ |
ᠢᠯᠡᠷᠡᠭᠦᠯᠦᠨ᠂ ᠰᠢᠨᠵᠢᠯᠡᠬᠦ ᠤᠬᠠᠭᠠᠨ ᠤ ᠦᠨ᠎ᠡ ᠥᠷᠲᠡᠭ ᠢ ᠨᠢ ᠠᠭᠤᠳᠠᠯᠵᠤ᠂ ᠤᠳᠤ ᠦᠶ᠎ᠡ ᠶᠢᠨ ᠬᠢᠲᠠᠳ ᠡᠮ |
ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ |
ᠪᠠᠳᠠᠷᠠᠭᠤᠯᠬᠤ ᠶᠢᠨ ᠲᠥᠯᠥᠭᠡ ᠴᠥᠬᠦᠷᠡᠰᠢ ᠥᠬᠡᠶ ᠲᠡᠮᠡᠴᠡᠬᠦ ᠪᠣᠯᠤᠨ᠎ᠠ᠃ |
ᠣᠶᠢᠯᠠᠭᠠᠭᠰᠠᠨ ᠢᠶᠠᠷ᠂ ᠬᠠᠭᠠᠨ ᠤ ᠣᠷᠳᠣᠨ ᠤ ᠮᠦᠽᠧᠶ ᠳᠤ 3000 ᠭᠠᠷᠤᠶ ᠡᠮ ᠡᠮᠨᠡᠯᠭᠡ ᠶᠢᠨ ᠲᠡᠤᠬᠡ ᠶᠢᠨ |
ᠳᠤᠷᠠᠰᠬᠠᠯᠲᠤ ᠵᠦᠢᠯᠡᠰ ᠬᠠᠳᠠᠭᠠᠯᠠᠭᠳᠠᠵᠤ ᠪᠣᠶ᠂ ᠶᠡᠭᠡ ᠲᠥᠯᠥᠪ ᠡᠮ᠂ ᠡᠮ ᠤᠨ ᠬᠡᠷᠡᠭᠰᠡᠯ᠂ ᠳᠠᠩᠰᠠ ᠡᠪᠬᠡᠮᠡᠯ᠂ |
ᠡᠮ ᠤᠨ ᠵᠣᠷ᠂ ᠳᠠᠭᠤᠷᠢᠶᠠᠮᠠᠯ ᠬᠠᠭᠤᠳᠠᠰᠤ ᠭᠡᠬᠦ ᠲᠠᠪᠤᠨ ᠶᠡᠭᠡ ᠲᠥᠷᠥᠯ ᠵᠦᠢᠯ ᠳᠤ ᠬᠤᠪᠢᠶᠠᠵᠤ ᠪᠣᠯᠤᠨ᠎ᠠ᠃ |
ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠬᠢᠲᠠᠳ ᠡᠮ ᠡᠮᠨᠡᠯᠭᠡ ᠶᠢᠨ |
ᠲᠡᠤᠬᠡ ᠶᠢᠨ ᠳᠤᠷᠠᠰᠬᠠᠯᠲᠤ ᠵᠦᠢᠯ ᠢ ᠰᠤᠳᠤᠯᠬᠤ ᠪᠠ ᠡᠮᠬᠢᠳᠬᠡᠬᠦ ᠲᠠᠯ᠎ᠠ ᠪᠠᠷ ᠡᠯᠪᠡᠭ ᠪᠠᠶᠠᠯᠢᠭ ᠲᠤᠷᠰᠢᠯᠭ᠎ᠠ |
ᠬᠤᠷᠠᠮᠳᠤᠭᠤᠯᠵᠤ᠂ ᠰᠠᠶᠢᠨ ᠲᠤᠷᠰᠢᠯᠭ᠎ᠠ ᠣᠯᠵᠤ᠂ ᠤᠶᠢᠷ᠎ᠠ ᠶᠢᠨ ᠵᠢᠯ ᠤᠳ ᠲᠤ ᠰᠢᠨᠵᠢᠯᠡᠬᠦ ᠤᠬᠠᠭᠠᠨ ᠲᠧᠭᠨᠢᠭ |
ᠮᠡᠷᠭᠡᠵᠢᠯ ᠢ ᠡᠪᠡᠰᠦᠨ ᠡᠮ ᠤᠨ ᠤᠬᠠᠭᠠᠨ ᠤ ᠰᠤᠳᠤᠯᠤᠯ ᠳᠤ ᠣᠷᠣᠭᠤᠯᠬᠤ ᠪᠠᠷ ᠬᠦᠴᠦᠯᠡᠨ ᠴᠢᠷᠮᠠᠶᠢᠭᠰᠠᠨ ᠤ |
ᠬᠠᠮᠲᠤ ︽ᠡᠪᠡᠰᠦᠨ ᠡᠮ ᠤᠨ ᠰᠤᠳᠤᠯᠤᠯ︾ ᠢ ᠪᠠᠶᠢᠭᠤᠯᠬᠤ ᠡᠨᠡ ᠬᠦ ᠰᠢᠨ᠎ᠡ ᠰᠤᠳᠤᠯᠭᠠᠨ ᠤ ᠬᠦᠷᠢᠶ᠎ᠡ |
ᠬᠡᠪᠴᠢᠶ᠎ᠡ ᠶᠢ ᠳᠤᠷᠠᠳᠤᠨ ᠭᠠᠷᠭᠠᠵᠠᠶ᠃ ︵ᠯᠢᠦ ᠰᠢᠤ ᠪᠢᠩ︶ |