|
|
ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠠᠯᠠᠪᠠᠢ |
|
|
7 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ |
ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠠᠩᠬᠠᠳᠤᠭᠠᠷ |
ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠣᠨᠢᠨ ᠮᠡᠳᠡᠭᠡ |
ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ |
ᠳᠠᠷᠤᠭ᠎ᠠ ᠸᠧᠶ ᡁᠢ ᠭᠦᠸᠧ ᠲᠣᠰ ᠤᠳᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠶᠡᠷᠦᠩᠬᠡᠶ |
ᠪᠠᠶᠢᠳᠠᠯ ᠢ ᠲᠠᠨᠢᠯᠴᠠᠭᠤᠯᠵᠤ᠂ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠵᠢᠭᠤᠯᠴᠢᠯᠠᠯ ᠤᠨ ᠲᠠᠸᠠᠷ |
ᠪᠠ ᠲᠣᠨᠣᠭᠯᠠᠯ ᠤᠨ ᠬᠤᠪᠢᠶᠠᠷᠢ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠴᠧᠨ ᠪᠢᠨ᠂ ᠥᠪᠡᠷᠲᠡᠭᠡᠨ ᠵᠠᠰᠠᠬᠤ |
ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠤ ᠦᠢᠯᠡᠰ ᠤᠨ ᠭᠠᠵᠠᠷ ᠤᠨ ᠳᠠᠷᠤᠭ᠎ᠠ ᠡᠤ ᠱᠤᠤ |
ᠵᠢᠶᠦ᠋ᠨ ᠨᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ |
ᠠᠰᠠᠭᠤᠯᠲᠠ ᠶᠢ ᠬᠠᠷᠢᠭᠤᠯᠵᠠᠶ᠃ |
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ |
ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠨᠡᠶᠢᠲᠡᠯᠡᠭᠰᠡᠨ |
ᠦᠬᠡ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠳᠡᠳ᠋ ᠳᠠᠷᠤᠭ᠎ᠠ ᠸᠧᠶ ᡁᠢ ᠭᠦᠸᠧ |
|
︵2019 ᠤᠨ 7 ᠰᠠᠷ᠎ᠠ ᠶᠢᠨ 23 ᠤ ᠡᠳᠦᠷ︶ |
|
|
|
|
ᠰᠤᠷᠪᠤᠯᠵᠢᠯᠠᠭᠴᠢ ᠨᠠᠶᠢᠵᠠ ᠨᠠᠷ ᠡ᠄ |
ᠲᠠ ᠪᠦᠬᠦᠨ ᠰᠠᠶᠢᠨ ᠪᠠᠶᠢᠵᠠᠭᠠᠨ᠎ᠠ ᠤᠤ︖ |
︽ᠵᠢᠭᠤᠯᠴᠢᠯᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ |
ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠠᠴᠠ ᠲᠠᠷᠬᠠᠭᠠᠭᠰᠠᠨ ︹ 2014 ︺ 31 ᠳ᠋ᠣᠭᠡᠷ |
ᠲᠣᠭᠠᠲᠤ︶ ᠤᠨ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢ ᠥᠷᠭᠡᠳᠬᠡᠬᠦ ᠲᠤᠬᠠᠶ ᠰᠠᠨᠠᠯ ᠤᠨ |
ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠦᠲᠦᠭᠡᠯᠴᠢ |
ᠵᠢᠭᠤᠯᠴᠢᠯᠠᠯ ᠤᠨ ᠲᠠᠸᠠᠷ ᠤᠨ ᠵᠢᠷᠤᠭ ᠲᠥᠯᠥᠪᠯᠡᠭᠡ᠂ ᠦᠢᠯᠡᠳᠪᠦᠷᠢᠯᠡᠯ ᠢ ᠠᠬᠢᠭᠤᠯᠵᠤ᠂ ᠵᠢᠭᠤᠯᠴᠢᠯᠠᠯ ᠤᠨ |
ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠪᠤᠶᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ 2019 ᠣᠨ ᠳᠤ ︽ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ |
ᠲᠠᠸᠠᠷ ᠤᠨ ᠤᠷᠤᠯᠳᠤᠭᠠᠨ︾ ᠢ ᠡᠷᠬᠢᠯᠡᠬᠦ ᠪᠠᠷ ᠲᠣᠭᠲᠠᠪᠠ᠃ ᠲᠣᠰ ᠬᠤᠭᠤᠴᠠᠭᠠᠨ ᠤ ᠤᠷᠤᠯᠳᠤᠭᠠᠨ ᠢ ᠥᠪᠡᠷᠲᠡᠭᠡᠨ |
ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ |
ᠵᠢᠭᠤᠯᠴᠢᠯᠠᠯ ᠤᠨ ᠨᠡᠶᠢᠭᠡᠮᠯᠢᠭ ᠤᠨ ᠵᠢᠭᠤᠯᠴᠢᠯᠠᠯ ᠤᠨ ᠲᠠᠸᠠᠷ ᠪᠠ ᠲᠣᠨᠣᠭᠯᠠᠯ ᠤᠨ ᠬᠤᠪᠢᠶᠠᠷᠢ ᠬᠤᠷᠠᠯ᠂ ᠡᠯ᠎ᠡ |
ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠬᠠᠮᠲᠤᠪᠠᠷ ᠳᠠᠭᠠᠭᠠᠴᠢᠯᠠᠨ ᠡᠷᠬᠢᠯᠡᠪᠡ᠃ |
ᠣᠶᠢᠷ᠎ᠠ ᠶᠢᠨ ᠵᠢᠯ ᠳᠤ᠂ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ |
ᠴᠡᠩᠭᠡᠯ︾ 6 ᠶᠡᠭᠡ ᠡᠯᠧᠮᠧᠨ᠋ᠲ ᠤᠨ ᠬᠡᠷᠡᠭᠯᠡᠭᠡ ᠶᠢᠨ ︽ᠬᠤᠳᠠᠯᠳᠤᠨ ᠠᠪᠬᠤ︾ ᠶᠢᠨ ᠬᠡᠷᠡᠭᠯᠡᠭᠡ ᠶᠢᠨ ᠨᠡᠮᠡᠭᠳᠡᠯ ᠤᠨ |
ᠬᠤᠷᠳᠤᠴᠠ ᠨᠢ ᠬᠠᠮᠤᠭ ᠤᠨ ᠲᠦᠷᠭᠡᠨ ᠪᠥᠭᠡᠳ ︽ᠬᠤᠳᠠᠯᠳᠤᠨ ᠠᠪᠬᠤ︾ ᠪᠣᠯ ᠵᠢᠭᠤᠯᠴᠢᠯᠠᠯ ᠤᠨ ᠠᠵᠤ |
ᠦᠢᠯᠡᠰ ᠤᠨ ᠬᠡᠯᠬᠢᠶᠡᠵᠢᠯ ᠤᠨ ᠬᠠᠮᠤᠭ ᠤᠨ ᠤᠷᠲᠤ ᠡᠯᠧᠮᠧᠨ᠋ᠲ ᠪᠠᠶᠢᠵᠤ᠂ ᠭᠠᠵᠠᠷ ᠣᠷᠣᠨ ᠤ ᠠᠵᠤ ᠠᠬᠤᠢ ᠶᠢᠨ |
ᠨᠡᠮᠡᠭᠳᠡᠯ ᠢ ᠬᠠᠮᠤᠭ ᠠᠴᠠ ᠢᠯᠡᠭᠦᠤ ᠳᠠᠶᠢᠴᠢᠯᠠᠵᠤ ᠴᠢᠳᠠᠳᠠᠭ᠃ ᠣᠳᠣᠬᠠᠨ ᠳᠤ᠂ ᠮᠠᠨ ᠤ ᠣᠷᠣᠨ ᠤ |
ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠣᠨᠴᠠᠯᠢᠭ ᠠᠴᠠ ᠦᠵᠡᠪᠡᠯ᠂ ᠣᠷᠣᠨ ᠤ ᠳᠣᠲᠣᠷᠠᠬᠢ |
ᠵᠢᠭᠤᠯᠴᠢᠯᠠᠭᠴᠢ ᠶᠢᠨ ᠣᠷᠣᠨ ᠤ ᠳᠣᠲᠣᠷᠠᠬᠢ ᠬᠡᠷᠡᠭᠯᠡᠭᠡ ᠨᠢ ᠣᠷᠣᠨ ᠤ ᠭᠠᠳᠠᠨᠠᠬᠢ ᠬᠡᠷᠡᠭᠯᠡᠭᠡ ᠳᠤ ᠬᠦᠷᠬᠦ ᠦᠭᠡᠢ᠂ |
ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠷᠡᠭᠯᠡᠭᠡ ᠨᠢ ᠬᠢᠯᠢ ᠶᠢᠨ ᠭᠠᠳᠠᠨᠠᠬᠢ ᠵᠢᠭᠤᠯᠴᠢᠯᠠᠯ ᠤᠨ |
ᠬᠡᠷᠡᠭᠯᠡᠭᠡ ᠶᠢᠨ ᠬᠢᠷᠢ ᠶᠡᠭᠡ ᠪᠢᠰᠢ᠂ ᠳᠤᠮᠳᠠᠳᠤ ᠤᠯᠤᠰ ᠤᠨ ᠵᠢᠭᠤᠯᠴᠢᠯᠠᠭᠴᠢ ᠶᠢᠨ ᠬᠢᠯᠢ ᠶᠢᠨ ᠭᠠᠳᠠᠨᠠᠬᠢ ᠪᠠᠷᠠᠭ᠎ᠠ |
ᠬᠤᠳᠠᠯᠳᠤᠨ ᠠᠪᠬᠤ ᠬᠡᠷᠡᠭᠯᠡᠭᠡ ᠨᠢ ᠦᠨᠳᠦᠰᠦᠨ ᠳᠤ ᠪᠠᠨ ᠶᠡᠷᠦᠩᠬᠡᠶ ᠬᠡᠷᠡᠭᠯᠡᠭᠡ ᠶᠢᠨ 50 % ᠠᠴᠠ ᠳᠡᠭᠡᠭᠰᠢᠬᠢ |
ᠬᠠᠷᠢᠴᠠᠯ ᠢ ᠡᠵᠡᠯᠡᠵᠦ᠂ ᠶᠠᠫᠣᠨ᠂ ᠺᠣᠷᠢᠶᠠ ᠪᠣᠯᠤᠨ ᠧᠦ᠋ᠷᠣᠫᠠ ᠲᠢᠪ ᠤᠨ ᠭᠤᠤᠯ ᠪᠣᠯᠬᠤ ᠤᠯᠤᠰ ᠲᠤ ᠬᠢ |
ᠬᠡᠷᠡᠭᠯᠡᠭᠡ ᠶᠢᠨ ᠬᠠᠷᠢᠴᠠᠯ ᠨᠢ 70 % ᠠᠴᠠ ᠳᠡᠭᠡᠭᠰᠢ ᠬᠠᠷᠢᠴᠠᠯ ᠳᠤ ᠬᠦᠷᠦᠭᠰᠡᠨ ᠪᠠᠶᠢᠨ᠎ᠠ᠃ ᠮᠠᠨ ᠤ ᠣᠷᠣᠨ ᠳᠤ |
ᠢᠷᠡᠭᠰᠡᠨ ᠵᠢᠭᠤᠯᠴᠢᠯᠠᠭᠰᠠᠳ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠵᠢᠭᠤᠯᠴᠢᠯᠠᠯ ᠤᠨ ᠶᠡᠷᠦᠩᠬᠡᠶ |
ᠬᠡᠷᠡᠭᠯᠡᠭᠡ ᠳᠤ ᠬᠢ ᠡᠵᠡᠯᠡᠬᠦ ᠬᠠᠷᠢᠴᠠᠯ ᠢ ᠦᠨᠳᠦᠰᠦᠨ ᠳᠤ ᠪᠠᠨ 1᠂ 2 ᠳ᠋ᠤᠭᠠᠷ ᠪᠠᠶᠢᠷᠢ ᠶᠢᠨ ᠬᠤᠭᠤᠷᠣᠨᠳᠣ ᠪᠠᠶᠢᠨ᠎ᠠ |
᠃ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ ᠤ ᠶᠡᠷᠦᠩᠬᠡᠶ ᠬᠡᠮᠵᠢᠶ᠎ᠡ ᠠᠴᠠ ᠠᠪᠴᠤ ᠦᠵᠡᠪᠡᠯ᠂ ᠪᠦᠬᠦ ᠤᠯᠤᠰ ᠤᠨ |
ᠡᠯ᠎ᠡ ᠮᠣᠵᠢ ᠣᠷᠣᠨ ᠲᠠᠢ ᠠᠳᠠᠯᠢᠳᠬᠠᠪᠠᠯ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠮᠠᠨ ᠤ ᠣᠷᠣᠨ ᠤ |
ᠵᠢᠭᠤᠯᠴᠢᠯᠠᠯ ᠤᠨ ᠲᠠᠸᠠᠷ ᠤᠨ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠡᠯ᠎ᠡ ᠭᠤᠭᠴᠤᠭ᠎ᠠ ᠨᠢ |
ᠴᠥᠮ ᠮᠠᠰᠢ ᠪᠠᠭᠤᠷᠠᠶ ᠪᠠᠶᠢᠨ᠎ᠠ᠂ ᠰᠣᠶᠣᠯ ᠪᠠ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠠᠷᠭ᠎ᠠ ᠮᠠᠶ᠋ᠢᠭ ᠢ |
ᠠᠰᠢᠭᠯᠠᠨ ᠰᠣᠶᠣᠯ ᠪᠠ ᠵᠢᠭᠤᠯᠴᠢᠯᠠᠯ ᠤᠨ ᠲᠠᠸᠠᠷ ᠤᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ |
ᠵᠢᠭᠤᠯᠴᠢᠯᠠᠯ ᠤᠨ ᠲᠠᠸᠠᠷ ᠤᠨ ᠬᠡᠷᠡᠭᠯᠡᠭᠡᠨ ᠤ ᠨᠡᠮᠡᠭᠳᠡᠯ ᠢ ᠳᠡᠭᠡᠭᠰᠢᠯᠡᠭᠦᠯᠬᠦ ᠪᠣᠯ ᠲᠦᠢᠯ ᠤᠨ ᠪᠦᠲᠦᠮᠵᠢᠲᠡᠶ ᠠᠷᠭ᠎ᠠ |
ᠬᠡᠮᠵᠢᠶ᠎ᠡ ᠪᠣᠯᠤᠨ᠎ᠠ᠃ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ |
ᠪᠣᠯ ᠵᠢᠭᠤᠯᠴᠢᠯᠠᠯ ᠤᠨ ᠲᠠᠸᠠᠷ ᠢ ᠣᠨᠴᠠᠯᠢᠬᠵᠢᠭᠤᠯᠬᠤ᠂ ᠴᠢᠨᠠᠷᠵᠢᠭᠤᠯᠬᠤ᠂ ᠬᠡᠯᠬᠢᠶᠡᠵᠢᠭᠦᠯᠬᠦ ᠴᠢᠭᠯᠡᠯ ᠲᠡᠶᠢᠰᠢ |
ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠦᠨᠡᠨ ᠬᠦ ︽ᠬᠤᠳᠠᠯᠳᠤᠨ ᠠᠪᠬᠤ︾ ᠪᠠᠷ ᠵᠢᠭᠤᠯᠴᠢᠯᠠᠯ ᠤᠨ |
ᠬᠡᠷᠡᠭᠯᠡᠭᠡ ᠶᠢ ᠳᠠᠶᠢᠴᠢᠯᠠᠬᠤ ᠵᠠᠩᠭᠢᠯᠠᠭ᠎ᠠ ᠶᠢᠨ ᠬᠦᠴᠦᠨ ᠵᠦᠢᠯ ᠪᠣᠯᠭᠠᠨ᠎ᠠ᠃ |
ᠲᠣᠰ ᠤᠳᠠᠭᠠᠨ ᠤ ᠤᠷᠤᠯᠳᠤᠭᠠᠨ ᠤ ᠭᠤᠤᠯ ᠰᠡᠳᠦᠪ ᠪᠣᠯ ︽ᠤᠯᠠᠮᠵᠢᠯᠠᠨ ᠵᠠᠯᠭᠠᠮᠵᠢᠯᠠᠬᠤ᠂ ᠰᠢᠨ᠎ᠡ ᠶᠢ |
ᠡᠭᠦᠳᠬᠦ᠂ ᠪᠣᠬᠢᠷᠲᠤᠯ ᠥᠬᠡᠶ᠂ ᠬᠠᠮᠲᠤ ᠪᠠᠷ ᠡᠳ᠋ᠯᠡᠬᠦ︾ ᠪᠣᠯᠤᠨ᠎ᠠ᠃ ᠤᠯᠠᠮᠵᠢᠯᠠᠨ ᠵᠠᠯᠭᠠᠮᠵᠢᠯᠠᠬᠤ ᠪᠣᠯ ᠳᠠᠷᠤᠶ ᠮᠠᠨ ᠤ |
ᠣᠷᠣᠨ ᠤ ᠵᠢᠭᠤᠯᠴᠢᠯᠠᠯ ᠤᠨ ᠵᠤᠷᠢᠯᠲᠠ ᠶᠢᠨ ᠴᠡᠭ ᠤᠨ ᠰᠣᠶᠣᠯ ᠤᠨ ᠣᠨᠴᠠᠯᠢᠭ᠂ ᠡᠬᠢ ᠪᠠᠶᠠᠯᠢᠭ ᠤᠨ ᠣᠨᠴᠠᠯᠢᠭ |
ᠪᠣᠯᠤᠨ ᠣᠨᠴᠠᠯᠢᠭ ᠰᠢᠨᠵᠢ ᠶᠢ ᠭᠦᠢᠴᠡᠳ ᠬᠠᠷᠠᠭᠤᠯᠬᠤ ᠶᠠᠪᠤᠳᠠᠯ ᠪᠣᠯᠤᠨ᠎ᠠ᠃ ᠰᠢᠨ᠎ᠡ ᠶᠢ ᠡᠭᠦᠳᠬᠦ᠂ ᠪᠦᠲᠦᠭᠡᠯᠴᠢ |
ᠰᠡᠳᠬᠢᠮᠵᠢ ᠰᠢᠨ᠎ᠡ ᠰᠡᠪᠡᠭᠦᠨ ᠭᠡᠳᠡᠭ ᠨᠢ ᠵᠢᠷᠤᠭ ᠲᠥᠯᠥᠪᠯᠡᠭᠡ᠂ ᠪᠦᠲᠦᠭᠡᠯ ᠨᠢ ᠥᠪᠡᠷᠮᠢᠴᠡ᠂ ᠭᠠᠷ ᠤᠷᠠᠯᠠᠯ ᠨᠢ |
ᠰᠢᠨ᠎ᠡ ᠶᠢ ᠡᠭᠦᠳᠬᠦ ᠶᠢ ᠬᠡᠯᠡᠨ᠎ᠡ᠃ ᠪᠣᠬᠢᠷᠲᠤᠯ ᠥᠬᠡᠶ ᠭᠡᠳᠡᠭ ᠨᠢ ᠮᠠᠨ ᠤ ᠣᠷᠣᠨ ᠤ ᠭᠠᠵᠠᠷ ᠣᠷᠤᠨ ᠤ ᠴᠢᠨᠠᠷᠲᠠᠶ |
ᠪᠣᠬᠢᠷᠲᠤᠯ ᠥᠬᠡᠶ ᠡᠬᠢ ᠪᠠᠶᠠᠯᠢᠭ ᠢ ᠳᠣᠪᠤᠶᠢᠯᠭᠠᠨ᠎ᠠ᠃ ᠬᠠᠮᠲᠤᠪᠠᠷ ᠡᠳ᠋ᠯᠡᠬᠦ ᠭᠡᠳᠡᠭ ᠨᠢ ︽ᠬᠥᠮᠦᠨ ᠢᠶᠠᠷ ᠦᠨᠳᠦᠰᠦ |
ᠪᠣᠯᠭᠠᠬᠤ᠂ ᠵᠢᠭᠤᠯᠴᠢᠯᠠᠭᠰᠠᠳ ᠢᠶᠠᠷ ᠭᠤᠤᠯ ᠪᠣᠯᠭᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠶ |
ᠵᠢᠭᠤᠯᠴᠢᠯᠠᠯᠯ ᠤᠨ ᠲᠠᠸᠠᠷ ᠤᠨ ᠨᠡᠭᠡᠭᠡᠯᠲᠡ ᠶᠢ ᠳᠣᠪᠤᠶᠢᠯᠭᠠᠨ᠎ᠠ᠃ |
ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ |
ᠡᠯᠰᠡᠬᠦ ᠪᠠᠷ ᠲᠦᠯᠦᠪᠯᠡᠵᠦ ᠪᠠᠶᠢᠭ᠎ᠠ ᠪᠦᠲᠦᠭᠡᠯ ᠳᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠪᠣᠳᠠᠲᠤ |
ᠶᠠᠭᠤᠮ᠎ᠠ ᠶᠢᠨ ᠪᠦᠲᠦᠭᠡᠯ ᠪᠠ ᠵᠢᠷᠤᠭ ᠲᠥᠯᠥᠪᠯᠡᠭᠡ ᠶᠢᠨ ᠪᠦᠲᠦᠭᠡᠯ ᠪᠠᠭᠲᠠᠨ᠎ᠠ᠃ ᠪᠣᠳᠠᠲᠤ ᠶᠠᠭᠤᠮ᠎ᠠ ᠶᠢᠨ |
ᠪᠦᠲᠦᠭᠡᠯ ᠢ ᠪᠥᠬᠦ ᠣᠷᠣᠨ ᠤ ᠬᠡᠪᠴᠢᠶᠡᠨ ᠠᠴᠠ ᠡᠯᠰᠡᠵᠦ᠂ ᠵᠢᠷᠤᠭ ᠲᠥᠯᠥᠪᠯᠡᠭᠡ ᠶᠢᠨ ᠪᠦᠲᠦᠭᠡᠯ ᠢ ᠪᠥᠬᠦ |
ᠤᠯᠤᠰ ᠤᠨ ᠬᠡᠪᠴᠢᠶᠡᠨ ᠳᠤ ᠡᠯᠰᠡᠨ᠎ᠡ᠃ ᠡᠭᠦᠨ ᠳᠤ᠂ ᠪᠣᠳᠠᠲᠤ ᠶᠠᠭᠤᠮ᠎ᠠ ᠶᠢᠨ ᠲᠥᠷᠥᠯ ᠵᠦᠢᠯ ᠢ ᠮᠡᠳᠡᠭᠦᠯᠦᠨ |
ᠬᠦᠷᠭᠡᠬᠦ ᠬᠡᠪᠴᠢᠶ᠎ᠡ ᠨᠢ 15 ᠪᠠᠶᠢᠵᠤ᠂ ᠲᠣᠰ ᠲᠣᠰ ᠵᠢᠭᠤᠯᠴᠢᠯᠠᠯ ᠤᠨ ᠣᠨᠴᠠᠯᠢᠭᠲᠤ ᠢᠳᠡᠭᠡᠨ ᠤ ᠲᠥᠷᠥᠯ᠂ |
ᠵᠢᠭᠤᠯᠴᠢᠯᠠᠯ ᠤᠨ ᠣᠨᠴᠠᠯᠢᠭᠲᠤ ᠴᠠᠢ ᠶᠢᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠤᠮᠳᠠᠭᠠᠨ ᠤ ᠲᠥᠷᠥᠯ᠂ |
ᠵᠢᠭᠤᠯᠴᠢᠯᠠᠯ ᠤᠨ ᠣᠨᠴᠠᠯᠢᠭᠲᠤ ᠠᠷᠢᠬᠢᠨ ᠤ ᠲᠥᠷᠥᠯ᠂ ᠵᠢᠭᠤᠯᠴᠢᠯᠠᠯ ᠤᠨ ᠣᠨᠴᠠᠯᠢᠭᠲᠤ ᠵᠠᠰᠠᠯ ᠴᠢᠮᠡᠭ ᠤᠨ ᠲᠥᠷᠥᠯ |
᠂ ᠵᠢᠭᠤᠯᠴᠢᠯᠠᠯ ᠤᠨ ᠣᠨᠴᠠᠯᠢᠭᠲᠤ ᠨᠡᠬᠡᠮᠡᠯ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠲᠤᠮ ᠤᠨ |
ᠬᠡᠷᠡᠭᠯᠡᠭᠡᠨ ᠤ ᠱᠠᠭᠠᠵᠠᠩ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ |
ᠮᠣᠳᠤᠨ ᠬᠡᠷᠡᠭᠰᠡᠯ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ |
ᠲᠡᠮᠦᠷᠯᠢᠭ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ ᠴᠢᠯᠠᠭᠤᠯᠢᠭ |
ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ ᠡᠯᠧᠺᠲᠷᠣᠨ ᠴᠠᠬᠢᠯᠭᠠᠨ |
ᠬᠡᠷᠡᠭᠰᠡᠯ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠬᠤᠪᠢ ᠬᠥᠮᠦᠨ ᠤ ᠲᠣᠨᠤᠭ ᠲᠥᠬᠦᠭᠡᠷᠦᠮᠵᠢ ᠶᠢᠨ ᠲᠥᠷᠥᠯ |
᠂ ᠵᠢᠭᠤᠯᠴᠢᠯᠠᠯ ᠤᠨ ᠣᠨᠴᠠᠯᠢᠭᠲᠤ ᠠᠷᠠᠰᠤᠨ ᠡᠳ᠋ᠯᠡᠯ ᠤᠨ ᠲᠥᠷᠥᠯ᠂ ᠦᠨᠳᠦᠰᠦᠲᠡᠨ ᠤ ᠣᠨᠴᠠᠯᠢᠭᠲᠤ ᠭᠠᠷ |
ᠤᠷᠠᠯᠠᠯ ᠤᠨ ᠲᠥᠷᠥᠯ ᠪᠠ ᠵᠢᠭᠤᠯᠴᠢᠯᠠᠯ ᠤᠨ ᠳᠤᠷᠠᠰᠬᠠᠯ ᠤᠨ ᠪᠤᠳᠠᠰ ᠤᠨ ᠲᠥᠷᠥᠯ ᠪᠣᠯᠤᠨ᠎ᠠ᠃ ᠵᠢᠷᠤᠭ |
ᠲᠥᠯᠥᠪᠯᠡᠭᠡ ᠶᠢᠨ ᠤᠷᠤᠯᠳᠤᠭᠠᠨ ᠳᠤ ᠣᠷᠤᠯᠴᠠᠬᠤ ᠪᠦᠲᠦᠭᠡᠯ ᠨᠢ 3 ᠰᠡᠳᠦᠪ ᠲᠠᠢ᠂ ᠨᠢᠭᠡ ᠳᠤ ᠦᠬᠡᠷ᠂ ᠬᠤᠨᠢ |
ᠢᠮᠠᠭᠠᠨ ᠤ ᠤ ᠴᠠᠭᠠᠨ ᠢᠳᠡᠭᠡᠨ ᠢᠶᠠᠷ ᠣᠨᠴᠠᠯᠢᠭ ᠪᠣᠯᠭᠠᠭᠰᠠᠨ ᠵᠢᠭᠤᠯᠴᠢᠯᠠᠯ ᠤᠨ ᠢᠳᠡᠭᠡᠨ ᠤ ᠪᠦᠲᠦᠭᠡᠯᠴᠢ ᠵᠢᠷᠤᠭ |
ᠲᠥᠯᠥᠪᠯᠡᠭᠡ ᠶᠢᠨ ᠪᠦᠲᠦᠭᠡᠯ︔ ᠬᠤᠶᠠᠷ ᠲᠤ᠂ ᠠᠷᠠᠰᠤ᠂ ᠨᠣᠤᠰᠣᠨ ᠪᠦᠲᠦᠭᠡᠭᠳᠡᠬᠦᠨ ᠤ ᠪᠦᠲᠦᠭᠡᠯᠴᠢ ᠵᠢᠷᠤᠭ |
ᠲᠥᠯᠥᠪᠯᠡᠭᠡᠨ ᠤ ᠪᠦᠲᠦᠭᠡᠯ︔ ᠭᠤᠷᠪᠠ ᠳᠤ᠂ ᠠᠳᠤᠭᠤᠨ ᠰᠣᠶᠣᠯ ᠤᠨ ᠪᠦᠲᠦᠭᠡᠯᠴᠢ ᠵᠢᠷᠤᠭ ᠲᠥᠯᠥᠪᠯᠡᠭᠡᠨ ᠤ |
ᠪᠦᠲᠦᠭᠡᠯ᠃ |
ᠲᠣᠰ ᠤᠳᠠᠭᠠᠨ ᠤ ᠤᠷᠤᠯᠳᠤᠭᠠᠨ ᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠬᠢᠷᠠᠭᠤᠯᠤᠯᠲᠠ ᠪᠠ ᠭᠤᠤᠯ |
ᠠᠵᠢᠯᠯᠠᠭ᠎ᠠ᠃ 7 ᠰᠠᠷ᠎ᠠ ᠶᠢᠨ 25 ᠤ ᠡᠳᠦᠷ ᠠᠴᠠ 9 ᠰᠠᠷ᠎ᠠ ᠶᠢᠨ 25 ᠤ ᠡᠳᠦᠷ ᠤᠨ ᠬᠤᠭᠤᠷᠤᠨᠳᠤ ᠪᠤᠯ |
ᠤᠷᠤᠯᠳᠤᠭᠠᠨ ᠤ ᠪᠣᠳᠠᠲᠤ ᠲᠠᠸᠠᠷ ᠪᠠ ᠵᠢᠷᠤᠭ ᠲᠥᠯᠥᠪᠯᠡᠭᠡ ᠶᠢᠨ ᠪᠦᠲᠦᠭᠡᠯ ᠢ ᠡᠯᠰᠡᠬᠦ ᠴᠠᠭ ᠬᠤᠭᠤᠴᠠᠭ᠎ᠠ ᠪᠣᠯᠤᠨ᠎ᠠ᠂ |
ᠡᠨᠡ ᠬᠤᠭᠤᠴᠠᠭᠠᠨ ᠳᠤ᠂ ᠰᠣᠶᠣᠯ ᠪᠠ ᠵᠢᠭᠤᠯᠴᠢᠯᠠᠯ ᠤᠨ ᠲᠠᠸᠠᠷ ᠤᠨ ᠠᠵᠤ ᠠᠬᠤᠶᠢᠯᠠᠯ᠂ ᠶᠡᠭᠡ ᠳᠡᠭᠡᠳᠦ |
ᠰᠤᠷᠭᠠᠭᠤᠯᠢ ᠪᠠ ᠬᠤᠯᠪᠣᠭᠳᠠᠯ ᠪᠦᠬᠦᠢ ᠪᠠᠶᠢᠭᠤᠯᠤᠮᠵᠢ᠂ ᠬᠤᠪᠢ ᠬᠥᠮᠥᠨ ᠪᠦᠲᠦᠭᠡᠯᠴᠢ ᠵᠢᠷᠤᠭ ᠲᠥᠯᠥᠪᠯᠡᠭᠡ |
ᠲᠦᠰᠦᠪᠯᠡᠵᠦ᠂ ᠰᠤᠳᠤᠯᠤᠨ ᠬᠢᠵᠦ ᠪᠣᠯᠤᠨ᠎ᠠ︔ 9 ᠰᠠᠷ᠎ᠠ ᠶᠢᠨ 25 ᠤ ᠡᠳᠦᠷ ᠠᠴᠠ 10 ᠰᠠᠷ᠎ᠠ ᠶᠢᠨ 25 ᠤ |
ᠡᠳᠦᠷ ᠤᠨ ᠬᠤᠭᠤᠷᠤᠨᠳᠤ ᠤᠷᠤᠯᠳᠤᠭᠠᠨ ᠳᠤ ᠣᠷᠤᠯᠴᠠᠭᠰᠠᠨ ᠲᠠᠸᠠᠷ ᠪᠠ ᠵᠢᠷᠤᠭ ᠲᠥᠯᠥᠪᠯᠡᠭᠡᠨ ᠤ ᠪᠦᠲᠦᠭᠡᠯ ᠢ |
ᠮᠡᠳᠡᠭᠦᠯᠦᠨ ᠬᠦᠷᠭᠡᠬᠦ ᠴᠠᠭ ᠬᠤᠭᠤᠴᠠᠭ᠎ᠠ ᠪᠣᠯᠤᠨ᠎ᠠ︔ 11 ᠰᠠᠷ᠎ᠠ ᠶᠢᠨ 4 ᠤ ᠡᠳᠦᠷ ᠠᠴᠠ 7 ᠤ ᠡᠳᠦᠷ ᠤᠨ |
ᠬᠤᠭᠤᠷᠤᠨᠳᠤ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ᠎ᠠ︔ 11 ᠳ᠋ᠤᠭᠡᠷ ᠰᠠᠷ᠎ᠠ ᠶᠢᠨ 8 ᠤ |
ᠡᠳᠦᠷ ᠠᠴᠠ 10 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠲᠠᠸᠠᠷ ᠪᠠ ᠵᠢᠷᠤᠭ |
ᠲᠥᠯᠥᠪᠯᠡᠭᠡ ᠶᠢᠨ ᠪᠦᠲᠦᠭᠡᠯ ᠤᠨ ᠦᠵᠡᠭᠦᠯᠦᠯᠭᠡ ᠬᠢᠵᠦ᠂ ᠱᠠᠩᠨᠠᠯ ᠣᠯᠭᠤᠬᠤ ᠪᠠ ᠲᠤᠰᠬᠠᠶ ᠮᠡᠷᠭᠡᠵᠢᠯᠲᠡᠨ ᠢᠶᠠᠷ |
ᠬᠢᠴᠢᠶᠡᠯᠯᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ |
ᠲᠣᠰ ᠤᠳᠠᠭᠠᠨ ᠤ ᠤᠷᠤᠯᠳᠤᠭᠠᠨ ᠳᠤ ᠭᠤᠤᠯᠳᠠᠭᠤ ᠭᠤᠷᠪᠠᠨ ᠶᠡᠭᠡ ᠳᠤᠪᠤᠶᠢᠮ᠎ᠠ ᠣᠨᠴᠠᠯᠢᠭ ᠲᠠᠢ᠂ ᠨᠢᠭᠡ ᠳᠤ |
᠂ ᠪᠣᠳᠠᠲᠤ ᠶᠠᠭᠤᠮ᠎ᠠ ᠶᠢᠨ ᠪᠦᠲᠦᠭᠡᠯ ᠪᠠ ᠵᠢᠷᠤᠭ ᠲᠥᠯᠥᠪᠯᠡᠭᠡᠨ ᠤ ᠪᠦᠲᠦᠭᠡᠯ ᠤᠨ ᠤᠷᠤᠯᠳᠤᠭᠠᠨ ᠢ ᠬᠠᠮᠲᠤ ᠳᠤ ᠨᠢ |
ᠵᠣᠬᠢᠶᠠᠨ ᠪᠠᠶᠢᠭᠤᠯᠤᠨ᠎ᠠ᠃ ᠪᠣᠳᠠᠲᠤ ᠶᠠᠭᠤᠮ᠎ᠠ ᠶᠢᠨ ᠪᠦᠲᠦᠭᠡᠯ ᠨᠢ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠤᠨ |
ᠬᠠᠮᠤᠭ ᠤᠨ ᠰᠢᠨ᠎ᠡ ᠵᠢᠷᠤᠭ ᠲᠥᠯᠥᠪᠯᠡᠭᠡ ᠶᠢᠨ ᠨᠡᠭᠡᠭᠡᠯᠲᠡ ᠪᠠ ᠦᠢᠯᠡᠳᠪᠦᠷᠢᠯᠡᠯ ᠤᠨ ᠬᠢᠷᠢ ᠲᠦᠪᠰᠢᠨ ᠢ |
ᠲᠥᠯᠥᠭᠡᠯᠡᠵᠦ᠂ ᠵᠢᠷᠤᠭ ᠲᠥᠯᠥᠪᠯᠡᠭᠡ ᠶᠢᠨ ᠪᠦᠲᠦᠭᠡᠯ ᠨᠢ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠤᠨ |
ᠬᠥᠭᠵᠢᠯᠲᠡ ᠶᠢᠨ ᠴᠢᠭᠯᠡᠯ ᠢ ᠬᠥᠲᠥᠯᠥᠨ ᠳᠠᠭᠠᠭᠤᠯᠵᠤ᠂ ᠵᠢᠭᠤᠯᠴᠢᠯᠠᠯ ᠤᠨ ᠲᠠᠸᠠᠷ ᠤᠨ ᠦᠢᠯᠡᠳᠪᠦᠷᠢᠯᠡᠯ ᠤᠨ ᠠᠵᠤ |
ᠠᠬᠤᠶᠢᠯᠠᠯ ᠤᠨ ᠪᠦᠲᠦᠭᠡᠯᠴᠢ ᠵᠢᠷᠤᠭ ᠲᠥᠯᠥᠪᠯᠡᠭᠡ ᠪᠠ ᠭᠠᠷ ᠤᠷᠠᠯᠠᠯ ᠤᠨ ᠰᠢᠨ᠎ᠡ ᠶᠢ ᠡᠭᠦᠳᠬᠦ ᠶᠢ ᠰᠡᠩᠬᠡᠷᠡᠭᠦᠯᠵᠦ᠂ |
ᠨᠢᠭᠡᠨ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠰᠤᠳᠤᠯᠭᠠᠨ᠂ ᠶᠡᠭᠡ ᠳᠡᠭᠡᠳᠦ ᠰᠤᠷᠭᠠᠭᠤᠯᠢ ᠶᠢᠨ ᠬᠠᠷᠢᠯᠴᠠᠨ |
ᠰᠤᠷᠤᠯᠴᠠᠵᠤ ᠬᠠᠷᠢᠯᠴᠠᠨ ᠲᠣᠯᠢᠳᠠᠬᠤ ᠲᠠᠪᠴᠠᠩ ᠢ ᠪᠠᠶᠢᠭᠤᠯᠬᠤ ᠪᠣᠯᠤᠨ᠎ᠠ᠃ ᠬᠤᠶᠠᠷ ᠲᠤ᠂ ᠪᠣᠳᠠᠲᠤ ᠶᠠᠭᠤᠮ᠎ᠠ ᠶᠢᠨ |
ᠤᠷᠠᠨ ᠪᠦᠲᠦᠭᠡᠯ ᠤᠨ ᠲᠥᠷᠥᠯ ᠵᠦᠢᠯ ᠨᠢ ᠡᠯᠪᠡᠭ ᠪᠠᠶᠠᠯᠢᠭ᠂ ᠡᠯᠰᠡᠬᠦ ᠲᠤᠭ᠎ᠠ ᠬᠡᠮᠵᠢᠶ᠎ᠡ ᠨᠢ ᠶᠡᠭᠡ᠃ ᠪᠣᠳᠠᠲᠤ |
ᠶᠠᠭᠤᠮᠠᠨ ᠤ ᠪᠦᠲᠦᠭᠡᠯ ᠢ ᠮᠡᠳᠡᠭᠦᠯᠦᠨ ᠬᠦᠷᠭᠡᠬᠦ ᠬᠡᠪᠴᠢᠶ᠎ᠡ ᠨᠢ 15 ᠶᠡᠭᠡ ᠲᠦᠷᠦᠯ ᠪᠠᠶᠢᠵᠤ᠂ ᠣᠶᠢᠷ᠎ᠠ ᠶᠢᠨ ᠵᠢᠯ ᠤᠨ |
ᠲᠤᠷᠰᠢ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ |
ᠮᠡᠳᠡᠭᠦᠯᠦᠨ ᠬᠦᠷᠭᠡᠬᠦ ᠲᠥᠷᠥᠯ ᠵᠦᠢᠯ ᠢᠶᠠᠷ ᠬᠠᠮᠤᠭ ᠤᠨ ᠪᠦᠷᠢᠨ ᠨᠢᠭᠡ ᠤᠳᠠᠭ᠎ᠠ ᠪᠣᠯᠤᠨ᠎ᠠ᠂ ᠠᠶᠢᠮᠠᠭ ᠬᠤᠲᠠ |
ᠨᠢᠭᠡᠪᠦᠷᠢ ᠶᠢᠨ ᠮᠡᠳᠡᠭᠦᠯᠦᠨ ᠬᠦᠷᠭᠡᠬᠦ ᠲᠤᠭ᠎ᠠ ᠬᠡᠮᠵᠢᠶ᠎ᠡ ᠶᠢ 50 ᠢᠵᠢ ᠪᠠᠷ ᠱᠠᠭᠠᠷᠳᠠᠭᠰᠠᠨ ᠪᠥᠭᠡᠳ ᠪᠠᠰᠠ ᠴᠤ |
ᠪᠦᠲᠦᠭᠡᠯ ᠡᠯᠰᠡᠬᠦ ᠲᠤᠭ᠎ᠠ ᠬᠠᠮᠤᠭ ᠤᠨ ᠣᠯᠠᠨ ᠨᠢᠭᠡ ᠤᠳᠠᠭ᠎ᠠ ᠪᠣᠯᠤᠨ᠎ᠠ᠃ ᠭᠤᠷᠪᠠ ᠳᠤ᠂ ᠵᠢᠷᠤᠭ |
ᠲᠥᠯᠥᠪᠯᠡᠭᠡ ᠶᠢᠨ ᠪᠦᠲᠦᠭᠡᠯ ᠤᠨ ᠭᠤᠤᠯ ᠰᠡᠳᠦᠪ ᠨᠢ ᠳᠤᠪᠤᠶᠢᠮ᠎ᠠ ᠲᠤᠳᠤ ᠪᠠᠶᠢᠨ᠎ᠠ᠃ ᠤᠷᠤᠯᠳᠤᠭᠠᠨ ᠳᠤ ᠵᠢᠷᠤᠭ |
ᠲᠦᠯᠦᠪᠯᠡᠭᠡ ᠶᠢᠨ ᠪᠦᠲᠦᠭᠡᠯ ᠢ 3 ᠭᠤᠤᠯ ᠰᠡᠳᠦᠪ ᠲᠣᠭᠲᠠᠭᠠᠵᠤ᠂ ᠥᠪᠥᠷ ᠮᠣᠩᠭᠤᠯ ᠤᠨ ᠡᠬᠢ ᠪᠠᠶᠠᠯᠢᠭ ᠤᠨ |
ᠣᠨᠴᠠᠯᠢᠭ᠂ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠰᠢᠨ᠎ᠡ ᠶᠢ ᠡᠭᠦᠳᠬᠦ ᠬᠡᠷᠡᠭᠴᠡᠭᠡ ᠶᠢ ᠳᠣᠪᠤᠶᠢᠯᠭᠠᠪᠠ᠃ |
ᠲᠣᠰ ᠤᠳᠠᠭᠠᠨ ᠤ ᠤᠷᠤᠯᠳᠤᠭᠠᠨ ᠳᠤ ᠬᠢ ᠪᠦᠲᠦᠭᠡᠯ ᠡᠯᠰᠡᠬᠦ ᠶᠡᠷᠦᠩᠬᠡᠶ ᠱᠠᠭᠠᠷᠳᠠᠯᠭ᠎ᠠ ᠪᠣᠯ᠂ ᠨᠢᠭᠡ ᠳᠤ᠂ |
ᠮᠠᠨ ᠤ ᠣᠷᠣᠨ ᠤ ᠰᠣᠶᠣᠯ ᠤᠨ ᠣᠨᠴᠠᠯᠢᠭ᠂ ᠡᠬᠢ ᠪᠠᠶᠠᠯᠢᠭ ᠤᠨ ᠣᠨᠴᠠᠯᠢᠭ ᠪᠠ ᠣᠨᠴᠠᠯᠢᠭ ᠰᠢᠨᠵᠢ ᠶᠢ ᠢᠯᠡᠷᠡᠭᠦᠯᠵᠦ |
᠂ ᠰᠣᠶᠣᠯ ᠤᠨ ᠠᠭᠤᠯᠤᠭᠳᠠᠬᠤᠨ ᠡᠯᠪᠡᠭ ᠪᠠᠶᠠᠯᠢᠭ᠂ ᠡᠬᠢ ᠪᠠᠶᠠᠯᠢᠭ ᠤᠨ ᠠᠰᠢᠭᠯᠠᠯᠲᠠ ᠵᠦᠶ ᠵᠣᠬᠢᠰᠲᠠᠶ ᠪᠠᠶᠢᠵᠤ᠂ |
ᠵᠣᠬᠢᠬᠤ ᠬᠡᠮᠵᠢᠶᠡᠨ ᠤ ᠳᠤᠷᠠᠰᠬᠠᠯ ᠤᠨ ᠴᠢᠨᠠᠷᠲᠠᠶ ᠪᠤᠶᠤ ᠳᠤᠷᠠᠳᠬᠠᠯ ᠤᠨ ᠴᠢᠨᠠᠷᠲᠠᠶ ᠶᠤᠮ᠃ ᠬᠤᠶᠠᠷ ᠲᠤ᠂ |
ᠪᠦᠲᠦᠭᠡᠯᠴᠢ ᠰᠠᠨᠠᠭ᠎ᠠ ᠪᠦᠬᠦᠢ ᠵᠢᠷᠤᠭ ᠲᠥᠯᠥᠪᠯᠡᠭᠡ ᠨᠢ ᠥᠪᠡᠷᠮᠢᠴᠡ ᠰᠢᠨ᠎ᠡ ᠰᠡᠪᠡᠭᠦᠨ᠂ ᠰᠢᠨ᠎ᠡ ᠶᠢ ᠡᠭᠦᠳᠬᠦ |
ᠴᠡᠭ ᠨᠢ ᠲᠤᠪᠤᠶᠢᠮ᠎ᠠ᠂ ᠴᠠᠭ ᠦᠶ᠎ᠡ ᠶᠢᠨ ᠴᠢᠨᠠᠷ ᠢᠶᠠᠷ ᠴᠢᠩᠭ᠎ᠠ᠂ ᠤᠯᠠᠮᠵᠢᠯᠠᠯᠲᠤ ᠭᠠᠷ ᠤᠷᠠᠯᠠᠯ ᠨᠢ ᠬᠠᠭᠤᠴᠢᠨ ᠢ |
ᠥᠭᠡᠷᠡᠴᠢᠯᠡᠵᠦ᠂ ᠳᠡᠭᠡᠳᠦ ᠰᠢᠨ᠎ᠡ ᠮᠡᠷᠭᠡᠵᠢᠯ ᠢ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠪᠠ ᠤᠷᠠᠯᠢᠭ ᠢ |
ᠤᠶᠠᠯᠳᠤᠭᠤᠯᠤᠨ᠎ᠠ᠃ ᠭᠤᠷᠪᠠ ᠳᠤ᠂ ᠤᠷᠠᠯᠢᠭ ᠤᠨ ᠦᠨ᠎ᠡ ᠥᠷᠲᠡᠭ ᠬᠢᠭᠡᠳ ᠬᠡᠷᠡᠭᠯᠡᠭᠡᠨ ᠤ ᠦᠨ᠎ᠡ ᠥᠷᠲᠡᠭ ᠤᠨ |
ᠨᠢᠭᠡᠳᠦᠯᠲᠡᠶ ᠪᠠᠶᠢᠬᠤ᠂ ᠵᠢᠷᠤᠭ ᠲᠥᠯᠥᠪᠯᠡᠭᠡ ᠨᠢ ᠵᠦᠶ ᠵᠣᠬᠢᠰᠲᠠᠶ᠂ ᠭᠤᠶᠤ ᠰᠠᠶᠢᠬᠠᠨ᠂ ᠠᠮᠤᠷ ᠲᠦᠪᠰᠢᠨ᠂ |
ᠣᠷᠴᠢᠨ ᠲᠣᠭᠤᠷᠢᠨ ᠢ ᠬᠠᠮᠠᠭᠠᠯᠠᠭᠰᠠᠨ ᠪᠣᠬᠢᠷᠲᠤᠯ ᠦᠭᠡᠢ᠂ ᠮᠠᠰᠢ ᠰᠠᠶᠢᠨ ᠬᠡᠷᠡᠭᠯᠡᠭᠡᠨ ᠤ ᠦᠨ᠎ᠡ ᠥᠷᠲᠡᠭ ᠲᠠᠢ |
ᠪᠠᠶᠢᠵᠤ᠂ ᠤᠯᠠᠮᠵᠢᠯᠠᠯ ᠬᠢᠭᠡᠳ ᠣᠳᠣ ᠦᠶ᠎ᠡ᠂ ᠰᠣᠶᠣᠯ ᠬᠢᠭᠡᠳ ᠰᠢᠨᠵᠢᠯᠡᠬᠦ ᠤᠬᠠᠭᠠᠨ ᠮᠡᠷᠭᠡᠵᠢᠯ᠂ ᠭᠠᠵᠠᠷ |
ᠣᠷᠣᠨ ᠤ ᠴᠢᠨᠠᠷ ᠬᠢᠭᠡᠳ ᠬᠡᠷᠡᠭᠯᠡᠭᠡᠨ ᠤ ᠴᠢᠨᠠᠷ ᠢ ᠤᠶᠠᠯᠳᠤᠭᠤᠯᠬᠤ ᠶᠢ ᠴᠢᠬᠤᠯᠠᠴᠢᠯᠠᠵᠤ᠂ ᠵᠢᠭᠤᠯᠴᠢᠯᠠᠯ ᠤᠨ |
ᠲᠠᠸᠠᠷ ᠤᠨ ᠬᠡᠷᠡᠭᠯᠡᠭᠡ ᠪᠠ ᠳᠡᠯᠭᠡᠷᠡᠬᠦ ᠬᠠᠨᠳᠤᠰᠢ ᠶᠢ ᠬᠥᠲᠥᠯᠥᠨ ᠵᠢᠯᠣᠭᠤᠳᠬᠤ ᠶᠢ ᠪᠦᠷᠢᠯᠳᠦᠭᠦᠯᠦᠨ᠎ᠡ᠃ |
ᠵᠢᠭᠤᠯᠴᠢᠯᠠᠯ ᠤᠨ ᠲᠠᠸᠠᠷ ᠢ ᠶᠡᠬᠡᠪᠡᠷ ᠬᠥᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠬᠡᠷᠡᠭᠯᠡᠭᠡ ᠶᠢᠨ ᠳᠡᠰ ᠳᠡᠪᠰᠢᠬᠦ ᠶᠢ ᠳᠠᠶᠢᠴᠢᠯᠠᠬᠤ᠂ ᠰᠣᠶᠣᠯ ᠪᠠ ᠵᠢᠭᠤᠯᠴᠢᠯᠠᠯ ᠤᠨ ᠠᠵᠤ |
ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠪᠣᠯᠤᠨ᠎ᠠ᠂ ᠰᠣᠶᠣᠯ ᠤᠨ ᠪᠦᠲᠦᠭᠡᠯᠴᠢ |
ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠪᠣᠯ ᠵᠢᠭᠤᠯᠴᠢᠯᠠᠯ ᠤᠨ ᠲᠠᠸᠠᠷ ᠤᠨ ᠵᠢᠷᠤᠭ |
ᠲᠥᠯᠥᠪᠯᠡᠭᠡ᠂ ᠦᠢᠯᠡᠳᠪᠦᠷᠢᠯᠡᠯ ᠪᠠ ᠪᠣᠷᠣᠯᠠᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ︽ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ |
ᠤᠷᠤᠯᠳᠤᠭᠠᠨ︾ ᠢ ᠪᠥᠬᠦ ᠤᠯᠤᠰ ᠲᠤ ᠵᠣᠬᠢᠬᠤ ᠨᠥᠯᠥᠭᠡᠯᠡᠬᠦ ᠬᠦᠴᠦᠨ ᠲᠠᠢ᠂ ᠪᠥᠬᠦ ᠣᠷᠣᠨ ᠳᠤ ᠬᠠᠮᠤᠭ ᠤᠨ ᠡᠷᠬᠡ |
ᠬᠦᠨᠳᠦᠳᠦ ᠴᠢᠨᠠᠷ ᠲᠠᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠠᠵᠢᠯᠯᠠᠭ᠎ᠠ ᠪᠣᠯᠭᠠᠨ ᠴᠤᠭᠴᠠᠯᠠᠬᠤ ᠪᠠᠷ |
ᠬᠦᠴᠦᠯᠡᠨ ᠴᠢᠷᠮᠠᠶᠢᠨ᠎ᠠ᠃ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠲᠣᠰ ᠤᠳᠠᠭᠠᠨ ᠤ |
ᠤᠷᠤᠯᠳᠤᠭᠠᠨ ᠢ ᠨᠢᠭᠡᠨᠲᠡ ︽2019 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠲᠠᠸᠠᠷ ᠤᠨ ᠪᠦᠲᠦᠭᠡᠯᠴᠢ |
ᠲᠥᠰᠦᠪᠯᠡᠯ ᠤᠨ ᠤᠷᠤᠯᠳᠤᠭᠠᠨ ᠤ ᠥᠪᠥᠷ ᠮᠣᠩᠭᠤᠯ ᠤᠨ ᠭᠤᠤᠯ ᠰᠡᠳᠦᠪᠲᠦ ᠤᠷᠤᠯᠳᠤᠭᠠᠨ︾ ᠳᠤ ᠣᠷᠣᠭᠤᠯᠵᠤ᠂ |
ᠪᠠᠰᠠ ᠪᠥᠬᠦ ᠤᠯᠤᠰ ᠤᠨ ᠲᠡᠷᠢᠭᠦᠨ ᠵᠡᠷᠭᠡ ᠶᠢᠨ ᠲᠤᠰᠬᠠᠶ ᠮᠡᠷᠭᠡᠵᠢᠯᠲᠡᠨ ᠢ ᠤᠷᠢᠵᠤ ᠬᠢᠨᠠᠨ ᠰᠢᠯᠭᠠᠷᠠᠭᠤᠯᠬᠤ ᠪᠠᠷ ᠪᠣᠶ |
᠂ ᠡᠨᠡ ᠨᠢ ᠤᠷᠤᠯᠳᠤᠭᠠᠨ ᠤ ᠱᠠᠩᠨᠠᠯ ᠬᠦᠷᠲᠡᠭᠰᠡᠨ ᠪᠦᠲᠦᠭᠡᠯ ᠤᠨ ᠨᠡᠷᠡᠲᠦ ᠲᠡᠮᠳᠡᠭ ᠤᠨ ᠬᠡᠮᠵᠢᠶ᠎ᠡ ᠪᠠ ᠨᠥᠯᠥᠭᠡᠯᠡᠬᠦ |
ᠬᠦᠴᠦᠨ ᠢ ᠲᠦᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ |
|
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ |
ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ |
ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ |
|
ᠬᠦᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠶᠡᠭᠡ |
ᠤᠷᠤᠯᠳᠤᠭᠠᠨ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠠᠴᠠ ᠡᠨᠡ ᠤᠳᠠᠭᠠᠨ ᠤ ᠶᠡᠭᠡ ᠤᠷᠤᠯᠳᠤᠭᠠᠨ ᠤ ᠦᠷ᠎ᠡ ᠪᠦᠲᠦᠮᠵᠢ ᠳᠤ ᠶᠠᠮᠠᠷ ᠬᠦᠰᠡᠯ ᠡᠷᠡᠮᠡᠯᠵᠡᠯ ᠲᠠᠢ ᠪᠣᠶ |
︖ |
ᠡᠤ ᠱᠤᠤ ᠵᠢᠶᠦ᠋ᠨ᠄ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠢ ᠣᠨᠴᠠᠯᠢᠬᠵᠢᠭᠤᠯᠬᠤ᠂ ᠰᠣᠳᠣᠨ |
ᠪᠣᠯᠭᠠᠬᠤ᠂ ᠬᠡᠯᠬᠢᠶᠡᠵᠢᠭᠦᠯᠬᠦ ᠴᠢᠭᠯᠡᠯ ᠲᠡᠶᠢᠰᠢ ᠬᠥᠭᠵᠢᠭᠦᠯᠬᠦ ᠶᠢ ᠠᠬᠢᠭᠤᠯᠬᠤ ᠪᠣᠯ ᠮᠠᠨ ᠤ ᠦᠷᠬᠦᠯᠵᠢᠲᠡ ᠶᠢᠨ |
ᠬᠥᠭᠵᠢᠭᠦᠯᠬᠦ ᠪᠠᠶᠢᠯᠳᠤᠬᠤ ᠪᠣᠳᠣᠯᠭ᠎ᠠ ᠪᠣᠯᠤᠨ᠎ᠠ᠃ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ |
ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠮᠠᠨ ᠤ ᠬᠠᠮᠤᠭ ᠠᠴᠠ ᠢᠯᠡᠭᠦᠤ ᠬᠦᠰᠡᠨ ᠬᠦᠯᠢᠶᠡᠵᠦ ᠪᠠᠶᠢᠭ᠎ᠠ |
ᠦᠷ᠎ᠡ ᠪᠦᠲᠦᠮᠵᠢ ᠪᠤᠯ᠄ ᠨᠢᠭᠡ ᠳᠤ ᠤᠮᠠᠷᠠᠲᠤ ᠶᠢᠨ ᠲᠠᠯ᠎ᠠ ᠨᠤᠲᠤᠭ ᠤᠨ ᠴᠥᠭᠡᠨ ᠲᠣᠭᠠᠲᠤ ᠦᠨᠳᠦᠰᠦᠲᠡᠨ ᠤ |
ᠰᠣᠶᠣᠯ ᠢᠯᠠᠩᠭᠤᠶ᠎ᠠ ᠮᠣᠩᠭᠤᠯ ᠦᠨᠳᠦᠰᠦᠲᠡᠨ ᠤ ᠰᠣᠶᠣᠯ ᠤᠨ ᠣᠨᠴᠠᠯᠢᠭ ᠢ ᠬᠠᠷᠠᠭᠤᠯᠤᠭᠰᠠᠨ ᠬᠡᠷᠡᠭᠯᠡᠭᠡᠨ ᠤ |
ᠴᠢᠨᠠᠷᠲᠠᠶ ᠵᠢᠭᠤᠯᠴᠢᠯᠠᠯ ᠤᠨ ᠲᠠᠸᠠᠷ ᠢ ᠨᠠᠩ ᠣᠯᠠᠨ ᠴᠤᠭᠯᠠᠭᠤᠯᠬᠤ︔ ᠬᠤᠶᠠᠷ ᠲᠤ᠂ ᠭᠠᠳᠠᠷ ᠣᠷᠣᠨ ᠤ |
ᠵᠢᠭᠤᠯᠴᠢᠯᠠᠭᠰᠠᠳ ᠤᠨ ᠪᠠᠭ᠋ᠠᠷᠬᠠᠯ ᠢ ᠲᠠᠲᠠᠭᠰᠠᠨ᠂ ᠮᠠᠨ ᠤ ᠣᠷᠣᠨ ᠤ ᠣᠨᠴᠠᠯᠢᠭ ᠲᠠᠢ᠂ ᠦᠨ᠎ᠡ ᠬᠠᠩᠰᠢ ᠨᠢ ᠵᠦᠶ |
ᠵᠣᠬᠢᠰᠲᠠᠶ᠂ ᠶᠠᠰᠤ ᠴᠢᠨᠠᠷ ᠨᠢ ᠨᠠᠶᠢᠳᠠᠪᠤᠷᠢᠲᠠᠶ᠂ ᠪᠤᠭᠤᠳᠠᠯᠲᠠᠢ ᠢᠳᠡᠭᠡᠨ᠂ ᠤᠮᠳᠠᠭᠠᠨ ᠵᠡᠷᠭᠡ ᠶᠢ ᠨᠠᠩ ᠣᠯᠠᠨ |
ᠴᠤᠭᠯᠠᠭᠤᠯᠬᠤ︔ ᠭᠤᠷᠪᠠ ᠳᠤ᠂ ᠪᠦᠲᠦᠭᠡᠯᠴᠢ ᠰᠡᠳᠬᠢᠮᠵᠢ ᠨᠢ ᠥᠪᠡᠷᠮᠢᠴᠡ ᠣᠨᠴᠠᠯᠢᠭ ᠲᠠᠢ᠂ ᠵᠢᠷᠤᠭ |
ᠲᠥᠯᠥᠪᠯᠡᠭᠡ ᠨᠢ ᠰᠢᠨ᠎ᠡ ᠰᠣᠷᠭᠤᠭ᠂ ᠰᠣᠶᠣᠯ ᠤᠨ ᠲᠥᠷᠥᠭᠳᠡᠯ ᠨᠢ ᠲᠤᠪᠤᠶᠢᠮ᠎ᠠ᠂ ᠬᠤᠪᠢᠷᠠᠭᠤᠯᠵᠤ ᠪᠣᠯᠬᠤ ᠨᠠᠩ |
ᠣᠯᠠᠨ ᠵᠢᠷᠤᠭ ᠲᠥᠯᠥᠪᠯᠡᠭᠡᠨ ᠤ ᠪᠦᠲᠦᠭᠡᠯ ᠢ ᠴᠤᠭᠯᠠᠭᠤᠯᠬᠤ ᠵᠡᠷᠭᠡ ᠪᠤᠯᠤᠨ᠎ᠠ᠃ ᠤᠷᠤᠯᠳᠤᠭᠠᠨ ᠨᠢ ᠮᠠᠨ ᠤ |
ᠣᠷᠣᠨ ᠤ ᠵᠤᠭᠠᠴᠠᠯ ᠤᠨ ᠲᠠᠸᠠᠷ ᠤᠨ ᠨᠡᠭᠡᠭᠡᠯᠲᠡ ᠶᠢᠨ ᠵᠦᠭᠯᠡᠭᠦᠷ᠂ ᠨᠠᠷᠠᠲᠤ ᠲᠥᠷᠥᠯ ᠲᠡᠮᠳᠡᠭ ᠢ ᠪᠤᠶᠢᠵᠢᠭᠤᠯᠬᠤ |
ᠰᠢᠨ᠎ᠡ ᠠᠷᠭ᠎ᠠ ᠵᠠᠮ᠂ ᠵᠢᠭᠤᠯᠴᠢᠯᠠᠯ ᠤᠨ ᠠᠵᠤ ᠠᠬᠤᠶᠢᠯᠠᠯ ᠤᠨ ᠰᠣᠯᠢᠯᠴᠠᠭ᠎ᠠ ᠰᠤᠷᠤᠯᠴᠠᠯᠭ᠎ᠠ ᠶᠢᠨ ᠰᠢᠨ᠎ᠡ ᠲᠠᠪᠴᠠᠩ |
ᠪᠣᠯᠬᠤ ᠶᠢᠨ ᠬᠠᠮᠲᠤ᠂ ᠤᠷᠤᠯᠳᠤᠭᠠᠨ ᠢ ᠣᠨᠴᠠᠯᠢᠭ ᠢᠶᠠᠷ ᠲᠤᠪᠤᠶᠢᠮ᠎ᠠ᠂ ᠳᠠᠶᠢᠴᠢᠯᠠᠨ ᠳᠠᠭᠠᠭᠤᠯᠬᠤ ᠴᠢᠨᠠᠷ ᠢᠶᠠᠷ |
ᠴᠢᠩᠭ᠎ᠠ ᠨᠠᠷᠠᠲᠤ ᠲᠠᠪᠴᠠᠩ ᠪᠣᠯᠭᠠᠨ ᠡᠷᠬᠢᠯᠡᠬᠦ ᠶᠢ ᠬᠦᠰᠡᠵᠦ ᠪᠠᠶᠢᠨ᠎ᠠ᠃ |
ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠢᠲᠠᠳ ᠬᠡᠯᠡᠨ ᠤ ᠷᠠᠳᠢᠣ᠋ ᠶᠢᠨ ᠰᠤᠷᠪᠤᠯᠵᠢᠯᠠᠭᠴᠢ᠄ |
ᠤᠷᠤᠯᠳᠤᠭᠠᠨ ᠤ ᠪᠦᠲᠦᠭᠡᠯ ᠡᠯᠰᠡᠬᠦ᠂ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢ ᠬᠡᠷᠬᠢᠨ |
ᠲᠤᠬᠢᠷᠠᠭᠤᠯᠤᠭᠰᠠᠨ ᠪᠣᠶ︖ |
ᠴᠧᠨ ᠪᠢᠨ᠄ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ |
ᠤᠷᠤᠯᠳᠤᠭᠠᠨ ᠳᠤ ᠡᠯᠰᠡᠬᠦ ᠪᠠᠷ ᠲᠦᠯᠦᠪᠯᠡᠵᠦ ᠪᠠᠶᠢᠭ᠎ᠠ ᠪᠦᠲᠦᠭᠡᠯ ᠳᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ |
ᠲᠠᠸᠠᠷ ᠤᠨ ᠪᠣᠳᠠᠲᠤ ᠶᠠᠭᠤᠮ᠎ᠠ ᠶᠢᠨ ᠪᠦᠲᠦᠭᠡᠯ ᠪᠠ ᠵᠢᠷᠤᠭ ᠲᠥᠯᠥᠪᠯᠡᠭᠡ ᠶᠢᠨ ᠪᠦᠲᠦᠭᠡᠯ ᠪᠠᠭᠲᠠᠨ᠎ᠠ᠃ ᠪᠣᠳᠠᠲᠤ |
ᠶᠠᠭᠤᠮ᠎ᠠ ᠶᠢᠨ ᠪᠦᠲᠦᠭᠡᠯ ᠢ ᠪᠥᠬᠦ ᠣᠷᠣᠨ ᠤ ᠬᠡᠪᠴᠢᠶᠡᠨ ᠠᠴᠠ ᠡᠯᠰᠡᠵᠦ᠂ ᠵᠢᠷᠤᠭ ᠲᠥᠯᠥᠪᠯᠡᠭᠡ ᠶᠢᠨ ᠪᠦᠲᠦᠭᠡᠯ ᠢ |
ᠪᠥᠬᠦ ᠤᠯᠤᠰ ᠤᠨ ᠬᠡᠪᠴᠢᠶᠡᠨ ᠳᠤ ᠡᠯᠰᠡᠨ᠎ᠡ᠃ ᠠᠯᠲᠠᠨ ᠱᠠᠩᠨᠠᠯ 20 ᠶᠢ ᠲᠣᠬᠢᠷᠠᠭᠤᠯᠵᠤ᠂ ᠡᠭᠦᠨ ᠳᠤ ᠪᠦᠲᠦᠭᠡᠯᠴᠢ |
ᠵᠢᠷᠤᠭ ᠲᠥᠯᠥᠪᠯᠡᠭᠡ ᠶᠢᠨ ᠪᠦᠲᠦᠭᠡᠯ 10᠂ ᠪᠣᠳᠠᠲᠤ ᠶᠠᠭᠤᠮ᠎ᠠ ᠶᠢᠨ ᠪᠦᠲᠦᠭᠡᠯ 10 ᠲᠤᠬᠢᠷᠠᠭᠤᠯᠵᠤ᠂ ᠱᠠᠩᠨᠠᠯ |
ᠪᠦᠷᠢ ᠳᠤ 1 ᠲᠦᠮᠡᠨ ᠲᠥᠭᠦᠷᠢᠭ ᠢᠶᠠᠷ ᠱᠠᠩᠨᠠᠨ ᠬᠦᠬᠢᠭᠦᠯᠦᠨ᠎ᠡ᠃ ᠮᠥᠩᠭᠦᠨ ᠱᠠᠩᠨᠠᠯ 52 ᠪᠠᠶᠢᠵᠤ᠂ ᠡᠭᠦᠨ ᠳᠤ |
ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ 20᠂ ᠪᠣᠳᠠᠲᠤ ᠶᠠᠭᠤᠮ᠎ᠠ ᠶᠢᠨ ᠪᠦᠲᠦᠭᠡᠯ 32 ᠪᠠᠶᠢᠵᠤ᠂ |
ᠱᠠᠩᠨᠠᠯ ᠪᠦᠷᠢ 5000 ᠲᠥᠭᠦᠷᠢᠭ ᠢᠶᠠᠷ ᠱᠠᠩᠨᠠᠨ ᠬᠦᠬᠢᠭᠦᠯᠦᠨ᠎ᠡ᠃ ᠬᠦᠷᠡᠯ ᠱᠠᠩᠨᠠᠯ 20 ᠪᠠᠶᠢᠵᠤ᠂ ᠡᠭᠦᠨ ᠳᠤ |
ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ 20 ᠪᠠᠶᠢᠵᠤ᠂ ᠲᠤᠰ ᠪᠦᠷᠢ 3000 ᠲᠥᠭᠦᠷᠢᠭ ᠢᠶᠠᠷ ᠱᠠᠩᠨᠠᠨ |
ᠬᠦᠬᠢᠭᠦᠯᠦᠨ᠎ᠡ᠃ |
ᠵᠣᠬᠢᠶᠠᠯ ᠪᠦᠲᠦᠭᠡᠯ ᠡᠯᠰᠡᠬᠦ ᠠᠵᠢᠯ ᠳᠤ᠂ ᠪᠣᠳᠠᠲᠤ ᠶᠠᠭᠤᠮ᠎ᠠ ᠶᠢᠨ ᠪᠦᠲᠦᠭᠡᠯ ᠢ ᠲᠦᠷᠦᠭᠦᠦ ᠠᠯᠬᠤᠮ ᠰᠣᠩᠭᠤᠵᠤ |
ᠡᠯᠰᠡᠬᠦ ᠪᠠ ᠮᠡᠳᠡᠭᠦᠯᠦᠨ ᠬᠦᠷᠭᠡᠬᠦ ᠶᠢ ᠡᠯ᠎ᠡ ᠠᠶᠢᠮᠠᠭ ᠬᠤᠲᠠ ᠠᠴᠠ ᠬᠠᠷᠢᠭᠤᠴᠠᠵᠤ᠂ ᠵᠢᠷᠤᠭ ᠲᠥᠯᠥᠪᠯᠡᠭᠡ ᠶᠢᠨ |
ᠪᠦᠲᠦᠭᠡᠯ ᠡᠯᠰᠡᠬᠦ ᠶᠢ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠵᠢᠭᠤᠯᠴᠢᠯᠠᠯ ᠤᠨ ᠲᠠᠸᠠᠷ ᠪᠠ |
ᠲᠤᠨᠤᠭᠯᠠᠯ ᠤᠨ ᠬᠤᠪᠢᠶᠠᠷᠢ ᠬᠤᠷᠠᠯ ᠳᠤ ᠨᠠᠶᠢᠳᠠᠵᠤ ᠲᠦᠷᠦᠭᠦᠦ ᠠᠯᠬᠤᠮ ᠰᠣᠩᠭᠤᠵᠤ ᠡᠯᠰᠡᠬᠦ ᠪᠠ ᠮᠡᠳᠡᠭᠦᠯᠦᠨ |
ᠬᠦᠷᠭᠡᠨ᠎ᠡ᠃ |
ᠤᠷᠤᠯᠳᠤᠭᠠᠨ ᠤ ᠬᠢᠨᠠᠨ ᠲᠣᠭᠲᠠᠭᠠᠬᠤ ᠶᠢᠨ ᠭᠤᠣᠯᠴᠢ ᠴᠢᠨᠠᠷ ᠢ ᠪᠠᠲᠤᠯᠠᠬᠤ ᠶᠢᠨ ᠲᠤᠰᠠᠳᠠ᠂ ᠥᠪᠡᠷᠲᠡᠭᠡᠨ |
ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠤᠰᠬᠠᠢ ᠮᠡᠷᠭᠡᠵᠢᠯᠲᠡᠨ ᠤᠷᠢᠬᠤ ᠪᠠ ᠬᠢᠨᠠᠨ |
ᠲᠣᠭᠲᠠᠭᠠᠬᠤ ᠳᠤ ᠣᠷᠣᠯᠴᠠᠬᠤ ᠦᠭᠡᠢ᠃ ᠰᠢᠯᠭᠠᠷᠠᠭᠤᠯᠤᠨ ᠲᠣᠭᠲᠠᠭᠠᠬᠤ ᠵᠣᠬᠢᠶᠠᠨ ᠪᠠᠶᠢᠭᠤᠯᠤᠯᠲᠠ ᠨᠢ ᠭᠤᠷᠪᠠᠳᠠᠬᠢ |
ᠡᠲᠡᠭᠡᠳ ᠢ ᠤᠷᠢᠵᠤ᠂ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠠᠴᠠ ᠬᠠᠷᠢᠭᠤᠴᠠᠨ ᠪᠥᠬᠦ |
ᠤᠯᠤᠰ ᠠᠴᠠ ᠨᠡᠷᠡᠲᠦ ᠲᠤᠰᠬᠠᠶ ᠮᠡᠷᠭᠡᠵᠢᠯᠲᠡᠨ 10 ᠬᠥᠮᠦᠨ᠂ ᠣᠷᠣᠨ ᠤ ᠳᠣᠲᠣᠷᠠᠬᠢ ᠲᠤᠰᠬᠠᠶ ᠮᠡᠷᠭᠡᠵᠢᠯᠲᠡᠨ 3 |
ᠬᠥᠮᠦᠨ ᠢ ᠤᠷᠢᠨ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠦᠷᠢᠯᠳᠦᠭᠦᠯᠵᠦ᠂ |
ᠠᠩᠬᠠᠨ ᠤ ᠰᠢᠯᠭᠠᠷᠠᠭᠤᠯᠤᠯᠲᠠ᠂ ᠳᠠᠬᠢᠨ ᠰᠢᠯᠭᠠᠷᠠᠭᠤᠯᠤᠯᠲᠠ᠂ ᠡᠴᠦᠰ ᠤᠨ ᠰᠢᠯᠭᠠᠷᠠᠭᠤᠯᠤᠯᠲᠠ ᠵᠡᠷᠭᠡ 3 |
ᠱᠠᠲᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ |
ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠤᠷᠤᠯᠳᠤᠭᠠᠨ ᠤ ᠱᠠᠩᠨᠠᠯ ᠣᠯᠤᠭᠰᠠᠨ ᠪᠦᠲᠦᠭᠡᠯ ᠤᠨ |
ᠨᠢᠭᠡᠴᠢ ᠪᠠ ᠬᠤᠪᠢ ᠬᠥᠮᠥᠨ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ |
ᠳᠠᠷᠠᠭ᠎ᠠ ᠪᠠᠷ ᠶᠠᠮᠠᠷ ᠳᠡᠮᠵᠢᠯᠭᠡ ᠦᠵᠡᠭᠦᠯᠬᠦ ᠪᠣᠶ︖ |
ᠦ᠋ ᠱᠤᠤ ᠵᠢᠶᠦ᠋ᠨ᠄ ᠱᠠᠩᠨᠠᠯ ᠣᠯᠤᠭᠰᠠᠨ ᠪᠦᠲᠦᠭᠡᠯ ᠳᠤ ᠰᠢᠭᠤᠳ ᠪᠠᠯᠠ ᠮᠥᠩᠭᠦ ᠶᠢᠨ ᠱᠠᠩᠨᠠᠯ |
ᠣᠯᠭᠤᠬᠤ ᠠᠴᠠ ᠭᠠᠳᠠᠨ᠎ᠠ᠂ ᠪᠢᠳᠡ ᠵᠠᠯᠭᠠᠭᠠᠳ ᠭᠤᠤᠯᠳᠠᠭᠤ ᠳᠣᠤᠷᠠᠬᠢ ᠮᠡᠲᠦ ᠳᠡᠮᠵᠢᠯᠭᠡ ᠦᠵᠡᠭᠦᠯᠦᠨ᠎ᠡ᠄ |
ᠨᠢᠭᠡ ᠳᠤ᠂ ᠲᠡᠷᠡ ᠳᠠᠷᠤᠶ ᠳᠤ ᠨᠢ ᠤᠬᠠᠭᠤᠯᠤᠨ ᠮᠡᠳᠡᠭᠦᠯᠦᠨ᠎ᠡ᠃ ᠱᠠᠩᠨᠠᠯ ᠣᠯᠭᠤᠬᠤ ᠶᠣᠰᠣᠯᠠᠯ ᠢ ᠵᠣᠬᠢᠶᠠᠨ |
ᠪᠠᠶᠢᠭᠤᠯᠵᠤ᠂ ᠱᠠᠩᠨᠠᠯ ᠬᠦᠷᠲᠡᠭᠰᠡᠨ ᠪᠦᠲᠦᠭᠡᠯ ᠢ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ᠂ ᠥᠪᠥᠷ |
ᠮᠣᠩᠭᠤᠯ ᠤᠨ ᠡᠳᠦᠷ ᠤᠨ ᠰᠣᠨᠢᠨ ᠤ ᠲᠤᠰᠬᠠᠶ ᠨᠢᠭᠤᠷ ᠲᠤ ᠨᠡᠶᠢᠲᠡᠯᠡᠨ᠎ᠡ᠃ ᠡᠭᠦᠨ ᠤ ᠬᠠᠮᠲᠤ ᠥᠪᠡᠷᠲᠡᠭᠡᠨ ᠵᠠᠰᠠᠬᠤ |
ᠣᠷᠣᠨ ᠤ ᠵᠢᠭᠤᠯᠴᠢᠯᠠᠯ ᠤᠨ ᠰᠦᠯᠵᠢᠶ᠎ᠡ᠂ ᠤᠯᠤᠰ ᠤᠨ ᠳᠣᠲᠣᠭᠠᠳᠤ ᠶᠢᠨ ᠨᠡᠷᠡᠲᠦ ᠰᠦᠯᠵᠢᠶ᠎ᠡ ᠳᠤ ᠤᠬᠠᠭᠤᠯᠭ᠎ᠠ |
ᠬᠢᠨ᠎ᠡ᠃ ᠬᠤᠶᠠᠷ ᠲᠤ᠂ ᠵᠢᠭᠤᠯᠴᠢᠯᠠᠯ ᠤᠨ ᠲᠠᠸᠠᠷ ᠤᠨ ᠨᠡᠷᠡᠲᠦ ᠲᠡᠮᠳᠡᠭ ᠢ ᠪᠤᠶᠢᠵᠢᠭᠤᠯᠬᠤ ᠲᠥᠯᠥᠪᠯᠡᠭᠡ ᠶᠢ |
ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠮᠥᠷᠳᠡᠯᠲᠡ ᠶᠢ ᠦᠷᠭᠦᠯᠵᠢᠯᠡᠨ ᠬᠢᠵᠦ᠂ ᠵᠠᠬ᠎ᠠ ᠳᠡᠯᠭᠡᠭᠦᠷ ᠲᠤ ᠮᠡᠳᠡᠷᠡᠭᠳᠡᠭᠰᠡᠨ |
ᠥᠨᠳᠥᠷ ᠱᠠᠩᠨᠠᠯ ᠬᠦᠷᠲᠡᠭᠰᠡᠨ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠠᠸᠠᠷ ᠤᠨ ᠨᠡᠷᠡᠲᠦ |
ᠲᠡᠮᠳᠡᠭ ᠢ ᠴᠣᠭᠴᠠᠯᠠᠬᠤ ᠲᠥᠯᠥᠪᠯᠡᠭᠡ ᠳᠤ ᠣᠷᠣᠭᠤᠯᠤᠨ᠎ᠠ᠃ ᠭᠤᠷᠪᠠ ᠳᠤ᠂ ᠱᠠᠩᠨᠠᠯ ᠤᠯᠤᠭᠰᠠᠨ ᠠᠵᠤ ᠠᠬᠤᠶᠢᠯᠠᠯ |
ᠢ ᠪᠦᠬᠦ ᠤᠯᠤᠰ ᠤᠨ ᠴᠢᠨᠠᠷᠲᠠᠶ ᠵᠢᠭᠤᠯᠴᠢᠯᠠᠯ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠳᠤ |
ᠳᠡᠮᠵᠢᠯᠭᠡ ᠬᠠᠩᠭᠠᠨ᠎ᠠ᠃ ᠵᠢᠱᠢᠶᠡᠯᠡᠪᠡᠯ ᠦᠨ᠎ᠡ ᠲᠥᠯᠥᠪᠦᠷᠢ ᠦᠭᠡᠢ ᠪᠠᠷ ᠳᠡᠯᠭᠡᠨ ᠦᠵᠡᠭᠦᠯᠬᠦ ᠪᠠᠶᠢᠷᠢ ᠬᠠᠩᠭᠠᠬᠤ |
ᠵᠡᠷᠭᠡ᠃ ᠳᠥᠷᠪᠡ ᠳᠤ᠂ ᠪᠠᠶᠢᠳᠠᠯ ᠢ ᠨᠢ ᠦᠵᠡᠵᠦ ᠪᠠᠶᠢᠭᠠᠳ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ |
ᠣᠯᠭᠤᠨ᠎ᠠ᠃ |
|