ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ |
ᠦᠵᠡᠰᠬᠦᠯᠡᠩ ᠢ ᠲᠣᠭᠤᠷᠢᠨ ᠦᠵᠡᠪᠡ |
ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠥ |
ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ ᠶᠢᠨ ᠲᠠᠰᠢᠷᠠᠮ ᠳᠤ᠂ |
ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ |
ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 19 ᠤ ᠡᠳᠦᠷ ᠳᠤᠮᠳᠠᠳᠤ ᠤᠯᠤᠰ ᠤᠨ ᠠᠷᠠᠳ ᠤᠨ |
ᠬᠤᠪᠢᠰᠬᠠᠯᠲᠤ ᠴᠡᠷᠢᠭ ᠤᠨ ᠶᠠᠪᠤᠳᠠᠯ ᠤᠨ ᠮᠦᠽᠧᠶ ᠳᠤ ᠬᠦᠷᠴᠦ᠂ ︽ᠠᠭᠤᠤ ᠶᠡᠭᠡ ᠢᠯᠠᠯᠲᠠ ᠶᠢ ᠪᠠᠲᠤ ᠴᠡᠭᠡᠵᠢᠯᠡᠵᠦ |
ᠡᠩᠬᠡ ᠲᠠᠶᠢᠪᠤᠩ ᠰᠢᠳᠤᠷᠭᠤ ᠶᠣᠰᠣ ᠶᠢ ᠬᠠᠮᠠᠭᠠᠯᠠᠨᠠᠮ — ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ |
ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ |
70 ᠵᠢᠯ ᠤᠨ ᠤᠢ ᠶᠢ ᠳᠤᠷᠠᠰᠬᠠᠬᠤ ᠭᠤᠣᠯ ᠰᠡᠳᠦᠪᠲᠦ ᠦᠵᠡᠰᠬᠦᠯᠡᠩ︾ ᠢ ᠲᠣᠭᠤᠷᠢᠨ ᠦᠵᠡᠪᠡ᠃ ᠲᠡᠷᠡ᠂ 70 |
ᠵᠢᠯ ᠤᠨ ᠡᠮᠦᠨ᠎ᠡ᠂ ᠡᠩᠬᠡ ᠲᠠᠶᠢᠪᠤᠩ ᠢ ᠬᠠᠮᠠᠭᠠᠯᠠᠵᠤ ᠲᠦᠷᠢᠮᠡᠬᠡᠶᠢᠯᠡᠯ ᠢ ᠡᠰᠡᠷᠭᠦᠴᠡᠬᠦ ᠶᠢᠨ ᠲᠥᠯᠥᠭᠡ᠂ ᠳᠤᠮᠳᠠᠳᠤ |
ᠤᠯᠤᠰ ᠤᠨ ᠨᠠᠮ ᠪᠣᠯᠤᠨ ᠵᠠᠰᠠᠭ ᠤᠨ ᠣᠷᠳᠣᠨ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ᠂ ᠤᠯᠤᠰ |
ᠭᠡᠷ ᠢᠶᠠᠨ ᠬᠠᠮᠠᠭᠠᠯᠠᠬᠤ ᠲᠡᠤᠬᠡᠲᠦ ᠴᠢᠨᠠᠷᠲᠠᠶ ᠰᠢᠢᠳᠪᠦᠷᠢᠲᠦ ᠪᠣᠳᠣᠯᠭ᠎ᠠ ᠭᠠᠷᠭᠠᠵᠤ᠂ ᠡᠷᠡᠯᠬᠡᠭ ᠪᠠᠭᠠᠳᠤᠷᠯᠢᠭ |
ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠰᠢᠳᠤᠷᠭᠤ ᠶᠣᠰᠣᠨ ᠤ ᠲᠤᠭ ᠢ ᠥᠨᠳᠥᠷ |
ᠮᠠᠨᠳᠤᠭᠤᠯᠤᠨ᠂ ᠰᠣᠯᠣᠩᠭᠤᠰ ᠤᠨ ᠠᠷᠠᠳ ᠲᠦᠮᠡᠨ ᠪᠠ ᠴᠡᠷᠢᠭ ᠠᠩᠭᠢ ᠲᠠᠢ ᠬᠠᠮᠲᠤ ᠪᠠᠷ ᠦᠬᠦᠵᠦ ᠰᠡᠬᠡᠬᠦ ᠶᠢ |
ᠬᠠᠶᠢᠬᠤᠷᠤᠯ ᠦᠭᠡᠢ ᠪᠠᠷ ᠴᠢᠰᠤᠳᠤ ᠪᠠᠶᠢᠯᠳᠤᠭᠠᠨ ᠬᠢᠵᠦ᠂ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ |
ᠳᠠᠶᠢᠨ ᠤ ᠠᠭᠤᠤ ᠶᠡᠭᠡ ᠢᠯᠠᠯᠲᠠ ᠶᠢ ᠣᠯᠵᠤ᠂ ᠳᠡᠯᠡᠬᠡᠶ ᠶᠢᠨ ᠡᠩᠬᠡ ᠲᠠᠶᠢᠪᠤᠩ ᠪᠣᠯᠤᠨ ᠬᠥᠮᠦᠨ ᠲᠥᠷᠥᠯᠬᠢᠲᠡᠨ ᠤ |
ᠳᠠᠪᠰᠢᠯᠲᠤ ᠦᠶ᠋ᠯᠡᠰ ᠲᠤ ᠯᠤᠲᠤ ᠶᠡᠭᠡ ᠬᠤᠪᠢ ᠨᠡᠮᠡᠷᠢ ᠦᠵᠡᠭᠦᠯᠵᠠᠢ᠃ ᠠᠮᠧᠷᠢᠺᠠ ᠶᠢ ᠡᠰᠡᠷᠭᠦᠴᠡᠵᠥ ᠰᠣᠯᠣᠩᠭᠤᠰ ᠢ |
ᠲᠤᠰᠠᠯᠠᠬᠤ ᠳᠠᠶᠢᠨ ᠤ ᠢᠯᠠᠯᠲᠠ ᠪᠣᠯ ᠰᠢᠳᠤᠷᠭᠤ ᠶᠣᠰᠣᠨ ᠤ ᠢᠯᠠᠯᠲᠠ᠂ ᠡᠩᠬᠡ ᠲᠠᠶᠢᠪᠤᠩ ᠤᠨ ᠢᠯᠠᠯᠲᠠ᠂ ᠠᠷᠠᠳ |
ᠲᠦᠮᠡᠨ ᠤ ᠢᠯᠠᠯᠲᠠ ᠮᠥᠨ᠃ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠳᠠᠶᠢᠨ ᠤ ᠲᠠᠪᠳᠠᠵᠦ |
ᠪᠦᠷᠢᠯᠳᠦᠬᠦᠯᠦᠭᠰᠡᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠪᠤᠯ |
ᠡᠷᠬᠢᠮ ᠨᠠᠨᠳᠢᠨ ᠤᠶᠤᠨ ᠤ ᠡᠳ᠋ ᠪᠠᠶᠠᠯᠢᠭ ᠮᠥᠨ᠂ ᠡᠨᠡ ᠨᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ |
ᠳᠤᠮᠳᠠᠳᠤ ᠶᠢᠨ ᠦᠨᠳᠦᠰᠦᠲᠡᠨ ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠠᠯᠢᠪᠠ |
ᠬᠦᠴᠦᠷᠬᠡᠭ ᠶᠡᠭᠡ ᠳᠠᠶᠢᠰᠤᠨ ᠢ ᠢᠯᠠᠨ ᠳᠠᠪᠠᠭ᠋ᠤ ᠶᠢ ᠤᠷᠮᠠᠰᠢᠭᠤᠯᠬᠤ ᠨᠢ ᠯᠠᠪᠲᠠᠶ᠃ ᠳᠤᠮᠳᠠᠳᠤ ᠤᠯᠤᠰ ᠤᠨ |
ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠪᠠᠭᠠᠲᠤᠷᠯᠢᠭ ᠦᠢᠯᠡ ᠠᠵᠢᠯᠯᠠᠭ᠎ᠠ ᠪᠣᠯᠤᠨ ᠬᠤᠪᠢᠰᠬᠠᠯᠲᠤ ᠵᠣᠷᠢᠭ |
ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠤᠬᠡ᠂ |
ᠥᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠶᠢ ᠰᠠᠶᠢᠲᠤᠷ |
ᠰᠤᠷᠤᠯᠴᠠᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ |
ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠭᠦ ᠶᠢ ᠤᠷᠮᠠᠰᠢᠭᠤᠯᠵᠦ᠂ ᠤᠭ ᠰᠠᠨᠠᠭ᠎ᠠ |
ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠨ᠂ |
ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ ᠴᠢᠨᠡᠭᠡᠯᠢᠭ |
ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶ᠋ᠳᠪᠦᠷᠢᠲᠦ ᠢᠯᠠᠯᠲᠠ ᠶᠢ ᠣᠯᠬᠤ᠂ ᠰᠢᠨ᠎ᠡ ᠴᠠᠭ ᠦᠶ᠎ᠡ ᠶᠢᠨ ᠳᠤᠮᠳᠠᠳᠤ |
ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠣᠯᠬᠤ᠂ ᠳᠤᠮᠳᠠᠳᠤ ᠶᠢᠨ ᠵᠡᠭᠦᠳᠦ |
ᠴᠡᠷᠢᠭ ᠢ ᠬᠦᠴᠦᠷᠬᠡᠭᠵᠢᠭᠦᠯᠬᠦ ᠵᠡᠭᠦᠳᠦ ᠪᠠᠨ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠤ᠂ |
ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ |
ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ |
ᠴᠢᠬᠤᠯᠠᠴᠢᠯᠠᠪᠠ᠃ |
ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ |
ᠴᠢ ᠱᠠᠨ ᠦᠵᠡᠰᠬᠦᠯᠡᠩ ᠢ ᠲᠣᠭᠤᠷᠢᠨ ᠦᠵᠡᠪᠡ᠃ |
|
|
|
|
10 ᠰᠠᠷ᠎ᠠ ᠶᠢᠨ 19 ᠤ ᠡᠳᠤᠷ᠂ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ |
᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠳᠤᠮᠳᠠᠳᠤ |
ᠤᠯᠤᠰ ᠤᠨ ᠠᠷᠠᠳ ᠤᠨ ᠬᠤᠪᠢᠰᠬᠠᠯᠲᠤ ᠴᠡᠷᠢᠭ ᠤᠨ ᠶᠠᠪᠤᠳᠠᠯ ᠤᠨ ᠮᠦᠽᠧᠶ ᠳᠤ ᠬᠦᠷᠴᠦ᠂ ︽ᠠᠭᠤᠤ ᠶᠡᠭᠡ |
ᠢᠯᠠᠯᠲᠠ ᠶᠢ ᠪᠠᠲᠤ ᠴᠡᠭᠡᠵᠢᠯᠡᠵᠦ ᠡᠩᠬᠡ ᠲᠠᠶᠢᠪᠤᠩ ᠰᠢᠳᠤᠷᠭᠤ ᠶᠣᠰᠣ ᠶᠢ ᠬᠠᠮᠠᠭᠠᠯᠠᠨᠠᠮ — ᠳᠤᠮᠳᠠᠳᠤ |
ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ |
ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠭᠤᠣᠯ ᠰᠡᠳᠦᠪᠲᠦ |
ᠦᠵᠡᠰᠬᠦᠯᠡᠩ︾ ᠢ ᠲᠣᠭᠤᠷᠢᠨ ᠦᠵᠡᠪᠡ᠃ |
ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ |
|
ᠦᠳᠡ ᠶᠢᠨ ᠬᠤᠶᠢᠨᠠᠬᠢ 3 ᠴᠠᠭ 5 ᠮᠢᠨᠦ᠋ᠲ ᠲᠤ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ |
ᠤᠳᠤᠷᠢᠳᠬᠤ ᠨᠥᠬᠦᠳ ᠳᠤᠮᠳᠠᠳᠤ ᠤᠯᠤᠰ ᠤᠨ ᠠᠷᠠᠳ ᠤᠨ ᠬᠤᠪᠢᠰᠬᠠᠯᠳᠤ ᠴᠡᠷᠢᠭ ᠤᠨ ᠶᠠᠪᠤᠳᠠᠯ ᠤᠨ ᠮᠦᠽᠧᠢ ᠳᠤ |
ᠬᠦᠷᠴᠦ᠂ ᠦᠵᠡᠭᠦᠯᠭᠡ ᠶᠢᠨ ᠲᠢᠩᠬᠢᠮ ᠳᠤ ᠣᠷᠣᠵᠤ ᠦᠵᠡᠰᠬᠦᠯᠡᠩ ᠢ ᠲᠣᠭᠤᠷᠢᠨ ᠦᠵᠡᠪᠡ᠃ ᠦᠵᠡᠰᠬᠦᠯᠡᠩ ᠨᠢ |
ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠪᠣᠯᠤᠨ ᠬᠤᠪᠢᠰᠬᠠᠯᠲᠤ ᠪᠠᠭᠠᠲᠤᠷᠯᠢᠭ ᠦᠵᠡᠯ ᠤᠨ ᠵᠣᠷᠢᠭ ᠰᠠᠨᠠᠭ᠎ᠠ ᠶᠢ |
ᠪᠠᠳᠠᠷᠠᠭᠤᠯᠬᠤ ᠭᠤᠤᠯ ᠰᠡᠳᠦᠪ ᠤᠨ ᠲᠤᠭᠤᠷᠢᠨ ᠳᠤ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ |
ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠳᠤᠷ᠎ᠠ ᠶᠢᠨ ᠴᠡᠷᠢᠭ ᠢᠶᠠᠷ |
ᠭᠤᠤᠯ ᠬᠠᠷᠠᠭᠠᠰᠤ ᠪᠣᠯᠭᠠᠵᠤ᠂ ᠳᠠᠶᠢᠨ ᠤ ᠭᠤᠤᠯ ᠰᠢᠵᠢᠮ ᠢᠶᠠᠷ ᠭᠤᠤᠯᠳᠠᠭᠤᠯᠤᠨ᠂ ᠳᠠᠶᠢᠨ ᠤ ᠲᠠᠯᠠᠪᠤᠷ ᠤᠨ |
ᠦᠵᠡᠯᠴᠡᠭᠡᠨ ᠢ ᠳᠣᠪᠤᠶᠢᠯᠭᠠᠵᠤ᠂ ᠤᠷᠤᠰᠢᠯ ᠤᠨ ᠲᠢᠩᠭᠢᠮ᠂ ︽ᠰᠢᠳᠤᠷᠭᠤ ᠶᠣᠰᠣ ᠶᠢ ᠵᠢᠷᠤᠮᠯᠠᠵᠦ ᠴᠡᠷᠢᠭ |
ᠲᠤᠮᠢᠯᠠᠬᠤ ᠪᠠᠷ ᠰᠢᠢᠳᠦᠭᠰᠡᠨ ᠨᠢ︾᠂ ︽ᠬᠦᠳᠡᠯᠭᠡᠭᠡᠨᠳᠤ ᠳᠠᠶᠢᠨ ᠢᠶᠠᠷ ᠳᠠᠶᠢᠰᠤᠨ ᠢ ᠰᠦᠨᠦᠭᠡᠵᠦ ᠳᠠᠶᠢᠨ ᠤ |
ᠹᠷᠤᠨᠲ ᠢ ᠲᠤᠭᠳᠠᠪᠤᠷᠢᠵᠢᠭᠤᠯᠤᠭᠰᠠᠨ ᠨᠢ︾᠂ ︽ᠪᠠᠶᠢᠯᠳᠤᠭᠠᠨ ᠢᠶᠠᠷ ᠬᠡᠯᠡᠯᠴᠡᠭᠡ ᠬᠢᠬᠦ ᠶᠢ ᠠᠬᠢᠭᠤᠯᠵᠦ ᠪᠠᠶᠢᠯᠳᠤᠬᠤ |
ᠲᠤᠲᠤᠮ ᠬᠦᠴᠦᠷᠬᠡᠭᠵᠢᠭᠰᠡᠨ ᠨᠢ︾᠂ ︽ᠲᠠᠶᠢᠨ ᠢ ᠵᠣᠭᠰᠣᠭᠠᠵᠤ ᠢᠯᠠᠯᠲᠠ ᠲᠠᠢ ᠪᠠᠷ ᠤᠯᠤᠰ ᠲᠠᠭᠠᠨ ᠪᠤᠴᠠᠭᠰᠠᠨ ᠨᠢ |
︾᠂ ︽ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠲᠡᠶᠢᠨ ᠤ ᠢᠯᠠᠯᠲᠠ ᠶᠢ ᠤᠯᠤᠭᠰᠠᠨ ᠠᠭᠤᠤ ᠶᠡᠭᠡ |
ᠠᠴᠢ ᠬᠤᠯᠪᠣᠭᠳᠠᠯ ᠪᠠ ᠲᠡᠤᠬᠡᠲᠦ ᠬᠤᠪᠢ ᠨᠡᠮᠡᠷᠢ᠂ ᠲᠡᠭᠦᠰᠬᠡᠯ ᠤᠨ ᠦᠭᠡ ᠵᠡᠷᠭᠡ 7 ᠬᠡᠰᠡᠭ ᠢᠶᠠᠷ ᠨᠠᠷᠢᠯᠢᠭ |
ᠲᠦᠰᠦᠪᠯᠡᠵᠦ᠂ ︽ᠣᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠦᠨᠢ |
ᠡᠭᠦᠷᠢᠳᠡ ᠲᠡᠮᠡᠴᠡᠬᠦ︾ ᠲᠤᠰᠬᠠᠶ ᠰᠡᠳᠦᠪ ᠳᠣᠭᠢᠷᠠᠭᠤᠯᠤᠨ᠂ 540 ᠭᠠᠷᠤᠢ ᠭᠡᠷᠡᠯ ᠵᠢᠷᠤᠭ᠂ 1900 ᠭᠠᠷᠤᠢ |
ᠲᠡᠤᠬᠡ ᠶᠢᠨ ᠳᠤᠷᠠᠰᠬᠠᠯᠲᠤ ᠵᠦᠶ᠋ᠯ ᠵᠢᠴᠢ ᠶᠡᠭᠡ ᠬᠡᠮᠵᠢᠶᠡᠨ ᠤ ᠸᠢᠳᠢᠣ᠋᠂ ᠪᠣᠳᠠᠲᠤ ᠪᠣᠳᠠᠰ ᠤᠨ ᠦᠵᠡᠮᠵᠢ ᠵᠡᠷᠭᠡ ᠪᠠᠷ |
ᠳᠠᠮᠵᠢᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠭᠰᠠᠨ ᠶᠠᠪᠤᠴᠠ᠂ ᠴᠢᠬᠤᠯᠠ ᠶᠡᠭᠡ ᠲᠡᠤᠬᠡᠨ ᠬᠡᠷᠡᠭ |
ᠶᠠᠪᠤᠳᠠᠯ᠂ ᠴᠢᠬᠤᠯᠠ ᠳᠠᠶᠢᠨ ᠪᠠᠶᠢᠯᠳᠤᠭᠠᠨ᠂ ᠴᠢᠬᠤᠯᠠ ᠲᠡᠤᠬᠡᠳᠦ ᠬᠥᠮᠦᠰ ᠢ ᠭᠦᠶ᠋ᠴᠡᠳ ᠦᠵᠡᠬᠦᠯᠦᠭᠰᠡᠨ ᠪᠦᠭᠡᠳ |
ᠤᠯᠤᠰ ᠲᠥᠷᠥ᠂ ᠠᠵᠤ ᠠᠬᠤᠶ᠂ ᠭᠠᠳᠠᠭᠠᠳᠤ ᠬᠠᠷᠢᠯᠴᠠᠭ᠎ᠠ ᠵᠡᠷᠭᠡ ᠲᠠᠯ᠎ᠠ ᠶᠢᠨ ᠲᠡᠮᠡᠴᠡᠯ ᠢ ᠴᠤ ᠵᠡᠷᠭᠡ ᠪᠠᠷ |
ᠦᠵᠡᠬᠦᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠮᠧᠷᠢᠺᠠ ᠶᠢ ᠡᠰᠡᠷᠭᠦᠴᠡᠵᠥ ᠰᠣᠯᠣᠩᠭᠤᠰ ᠢ |
ᠲᠤᠰᠠᠯᠠᠬᠤ ᠳᠠᠶᠢᠨ ᠢ ᠤᠳᠤᠷᠢᠳᠤᠭᠰᠠᠨ ᠭᠡᠷᠡᠯ ᠰᠠᠴᠤᠷᠠᠩᠭᠤᠶ ᠥᠩᠭᠡᠷᠡᠯᠲᠡ ᠪᠣᠯᠤᠨ ᠡᠷᠬᠢᠮ ᠨᠠᠨᠳᠢᠨ ᠲᠤᠷᠰᠢᠯᠭ᠎ᠠ ᠶᠢ |
ᠪᠦᠬᠦ ᠲᠠᠯ᠎ᠠ ᠪᠠᠷ ᠡᠷᠭᠢᠴᠡᠭᠦᠯᠤᠨ᠂ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ |
ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠴᠠᠭ ᠦᠶ᠎ᠡ ᠶᠢᠨ ᠦᠨ᠎ᠡ ᠥᠷᠲᠡᠭ ᠢ ᠠᠮᠢᠳᠤᠯᠢᠭ ᠢᠶᠠᠷ ᠲᠤᠰᠬᠠᠵᠤ᠂ |
ᠰᠠᠶᠢᠨ ᠳᠤᠷ᠎ᠠ ᠶᠢᠨ ᠴᠡᠷᠢᠭ ᠤᠨ ᠳᠠᠷᠤᠭ᠎ᠠ ᠪᠠᠶᠢᠯᠳᠤᠭᠴᠢ ᠶᠢᠨ ᠡᠷᠡᠯᠬᠡᠭ ᠵᠣᠷᠢᠭ ᠪᠤᠯᠤᠨ ᠬᠦᠴᠦᠷᠬᠡᠭ |
ᠳᠠᠶᠢᠰᠤᠨ ᠠᠴᠠ ᠰᠦᠷᠳᠡᠬᠦ ᠦᠭᠡᠢ᠂ ᠬᠦᠴᠦᠷᠬᠡᠭ ᠳᠠᠶᠢᠰᠤᠨ ᠢ ᠢᠯᠠᠬᠤ ᠵᠣᠷᠢᠭ ᠰᠠᠨᠠᠭᠠᠨ ᠤ ᠳᠠᠪᠠᠭᠤᠯᠢᠭ ᠢ |
ᠭᠤᠤᠯᠳᠠᠯᠭ᠎ᠠ ᠲᠠᠢ ᠬᠠᠷᠠᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠥᠰᠢᠶᠡᠲᠡᠨ |
ᠳᠠᠶᠢᠰᠤᠨ ᠢ ᠬᠠᠮᠲᠤ ᠪᠠᠷ ᠬᠤᠷᠣᠰᠤᠨ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠬᠦ ᠤᠯᠤᠰ ᠢᠶᠠᠨ ᠬᠠᠶᠢᠷᠠᠯᠠᠬᠤ |
ᠰᠡᠳᠬᠢᠯᠭᠡ ᠶᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠦᠴᠦᠷᠭᠡᠭᠯᠡᠯ ᠠᠴᠠ ᠰᠦᠷᠳᠡᠬᠦ ᠦᠭᠡᠢ᠂ ᠡᠩᠬᠡ |
ᠲᠠᠶᠢᠪᠤᠩ ᠢ ᠬᠠᠮᠠᠭᠠᠯᠠᠬᠤ ᠡᠷᠡᠰ ᠪᠠᠲᠤ ᠵᠣᠷᠢᠭ ᠢ ᠬᠠᠷᠠᠭᠤᠯᠤᠭᠰᠠᠨ ᠪᠠᠶᠢᠨ᠎ᠠ᠃ |
ᠰᠠᠶᠢᠨ ᠳᠤᠷ᠎ᠠ ᠶᠢᠨ ᠴᠡᠷᠢᠭ ᠤᠨ ᠪᠠᠶᠢᠯᠳᠤᠭᠠᠨ ᠤ ᠳᠠᠭᠤᠤ ᠶᠢᠨ ᠬᠤᠪᠣᠷ ᠨᠠᠨᠳᠢᠨ ᠪᠢᠴᠢᠮᠡᠯ ᠡᠬᠡ ᠨᠤᠤᠷᠠᠭ᠂ |
ᠰᠤᠩᠭᠦ᠋ ᠤᠷᠭᠢᠯ ᠳᠤ ᠰᠢᠷᠦᠭᠦᠨ ᠲᠤᠯᠤᠯᠳᠤᠬᠰᠠᠠ ᠪᠠᠶᠢᠲᠠᠯ ᠢ ᠦᠵᠡᠬᠦᠯᠦᠭᠰᠡᠨ ᠲᠣᠰᠣᠨ ᠪᠤᠳᠤᠬ ᠤᠨ ᠵᠢᠷᠤᠭ᠂ |
ᠴᠠᠩᠵᠢᠨ ᠨᠠᠭᠤᠷ ᠤᠨ ᠰᠢᠷᠦᠭᠦᠨ ᠪᠠᠶᠢᠯᠲᠤᠭᠠᠠ᠂ ᠱᠠᠩ ᠭᠠᠨ ᠯᠢᠩ ᠳᠠᠪᠠᠭ᠎ᠠ ᠳᠤ ᠴᠢᠰᠦᠲᠦ ᠪᠠᠶᠢᠯᠲᠤᠭᠠᠠ ᠬᠢᠭᠰᠡᠡ |
ᠵᠡᠷᠭᠡ ᠶᠢ ᠳᠤᠰᠬᠠᠭᠰᠠᠠ ᠦᠵᠡᠮᠵᠢ᠂ ᠣᠨᠴᠠ ᠲᠡᠰ ᠤᠨ ᠪᠠᠭᠠᠲᠤᠷ ᠬᠤᠸᠠᠩ ᠵᠢᠶ ᠭᠤᠸᠠᠩ ᠤᠨ ᠪᠡᠶ᠎ᠡ ᠦᠷᠡᠭᠳᠡᠭᠰᠡᠨ |
ᠭᠠᠵᠠᠷ ᠠᠴᠠ ᠮᠠᠯᠲᠠᠵᠤ ᠭᠠᠷᠭᠠᠭᠰᠠᠨ ᠳᠡᠯᠪᠡᠴᠢᠬᠦ ᠰᠢᠳᠠᠮ ᠤᠨ ᠲᠠᠮᠲᠤᠭ᠂ ᠣᠯᠵᠠᠯᠠᠭᠰᠠᠨ ᠵᠡᠪᠰᠡᠭ ᠲᠣᠨᠣᠭᠯᠠᠯ᠂ |
ᠤᠯᠤᠰ ᠤᠨ ᠳᠣᠲᠣᠭᠠᠳᠤ ᠳᠤ ᠳᠠᠶᠢᠨ ᠳᠤ ᠣᠷᠣᠯᠴᠠᠵᠤ ᠡᠮᠦᠨ᠎ᠡ ᠹᠷᠣᠨᠲ ᠢ ᠳᠡᠮᠵᠢᠭᠦ ᠦᠷᠨᠢᠯᠲᠠ ᠭᠠᠷᠭᠠᠭᠰᠠᠠ |
ᠪᠠᠶᠢᠳᠠᠯ ᠢ ᠬᠠᠷᠠᠭᠤᠯᠤᠭᠰᠠᠠ ᠲᠡᠤᠬᠡᠨ ᠭᠡᠷᠡᠯ ᠵᠢᠷᠤᠭ᠂ ᠰᠣᠯᠣᠩᠭᠤᠰ ᠤᠨ ᠳᠠᠶᠢᠨ ᠵᠣᠭᠰᠣᠬᠤ ᠬᠡᠯᠡᠯᠴᠡᠭᠡᠷ ᠤᠨ |
ᠭᠠᠷ ᠤᠨ ᠦᠰᠦᠭ ᠵᠢᠷᠤᠬᠤ ᠶᠣᠰᠣᠯᠠᠯ ᠤᠨ ᠲᠤᠬᠠᠶ ᠶᠢᠨ ᠲᠠᠯᠠᠪᠠᠶ ᠳᠤ ᠬᠡᠷᠡᠭᠯᠡᠭᠰᠡᠡ ᠪᠢᠴᠢᠭ ᠤᠨ ᠬᠡᠷᠡᠭᠰᠡᠯ᠂ |
ᠰᠣᠯᠣᠩᠭᠤᠰ ᠤᠨ ᠠᠷᠠᠳ ᠲᠦᠮᠡᠨ ᠤ ᠰᠠᠶᠢᠨ ᠳᠤᠷ᠎ᠠ ᠶᠢᠨ ᠴᠡᠷᠢᠭ ᠲᠤ ᠬᠦᠷᠭᠡᠭᠰᠡᠨ ᠪᠡᠯᠡᠭ᠂ ᠠᠮᠧᠷᠢᠺᠠ ᠶᠢ |
ᠡᠰᠡᠷᠭᠦᠴᠡᠵᠦ ᠰᠣᠯᠣᠩᠭᠤᠰ ᠢ ᠲᠤᠰᠠᠯᠠᠭᠰᠠᠨ ᠵᠢᠱᠢᠶᠡᠴᠢ ᠶᠢᠨ ᠨᠡᠷᠡᠰ ᠢ ᠰᠡᠶᠢᠯᠦᠭᠰᠡᠨ ᠰᠢᠯ ᠬᠥᠰᠢᠭᠡᠲᠦ ᠬᠡᠷᠡᠮ ᠁ |
ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯ᠂ ᠨᠠᠷᠢᠨ ᠪᠣᠳᠠᠲᠠᠢ ᠲᠤᠯᠭᠤᠷ ᠪᠢᠴᠢᠭ ᠤᠨ ᠮᠠᠲ᠋ᠧᠷᠢᠶᠠᠯ᠂ |
ᠰᠢᠨ᠎ᠡ ᠰᠡᠪᠡᠭᠦᠨ ᠳᠡᠯᠭᠡᠨ ᠦᠵᠡᠭᠦᠯᠬᠦ ᠠᠷᠭ᠎ᠠ ᠪᠠᠷᠢᠯ ᠨᠢ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠨ |
ᠠᠩᠬᠠᠷᠤᠯ ᠢ ᠲᠠᠲᠠᠪᠠ᠃ ᠲᠡᠳᠡ ᠪᠠᠶᠢᠨ ᠪᠠᠶᠢᠨ ᠵᠣᠭᠰᠣᠨ ᠨᠠᠷᠢᠨ ᠠᠵᠢᠠᠠᠯᠠᠵᠤ᠂ ᠲᠠᠶᠢᠯᠪᠤᠷᠢᠯᠠᠯᠲᠠ ᠶᠢ ᠬᠢᠨᠠᠮᠠᠭᠠᠢ |
ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠵᠦ ᠪᠠᠶᠢᠯ᠎ᠠ᠃ |
ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ |
ᠨᠠᠮ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ |
ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ |
ᠬᠤᠷᠢᠶᠠᠨ ᠤ ᠪᠠᠶᠢᠴᠠᠭᠠᠬᠤ ᠳᠠᠷᠤᠭ᠎ᠠ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ |
ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ |
ᠦᠵᠡᠰᠬᠦᠯᠡᠩ ᠢ ᠲᠣᠭᠤᠷᠢᠨ ᠦᠵᠡᠵᠠᠢ᠃ |
|