|
|
|
|
|
3 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ |
ᠮᠡᠳᠡᠭᠡᠨ ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ |
ᠡᠵᠡᠮᠳᠡᠬᠦ ᠵᠢᠯᠣᠭᠤᠳᠬᠤ ᠭᠠᠵᠠᠷ ᠤᠨ ᠳᠥᠴᠢᠨ ᠭᠤᠷᠪᠠᠳᠤᠭᠠᠷ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ |
ᠬᠤᠷᠠᠯᠳᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠨᠠᠮ ᠤᠨ ᠤᠲᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠰᠢᠶᠤᠤ |
ᠴᠢᠦ ᠵᠠᠭᠤᠴᠢᠯᠠᠭᠤᠷ ᠪᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ |
ᠠᠰᠠᠭᠤᠯᠲᠠ ᠶᠢ ᠬᠠᠷᠢᠭᠤᠯᠪᠠ᠃ |
ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ |
ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠥᠴᠢᠨ ᠭᠤᠷᠪᠠᠳᠤᠭᠠᠷ ᠤᠳᠠᠭ᠎ᠠ ᠶᠢᠨ ᠰᠣᠨᠢᠨ ᠮᠡᠳᠡᠭᠡ |
ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ |
ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠰᠤᠷᠪᠤᠯᠵᠢᠯᠠᠭᠴᠢ᠄ ᠪᠦᠬᠦᠨ ᠢ |
ᠳᠣᠣᠷ᠎ᠠ ᠲᠦᠭᠰᠢᠭᠦᠷᠢ ᠶᠢᠨ ᠲᠡᠰ ᠪᠣᠯᠭᠠᠨ ᠲᠣᠬᠢᠷᠠᠭᠤᠯᠤᠭᠰᠠᠨ ᠤ ᠳᠠᠷᠠᠭ᠎ᠠ ᠪᠦᠬᠦ ᠤᠷᠤᠨ ᠤ ᠰᠣᠶᠣᠯ ᠪᠠ |
ᠵᠢᠭᠤᠯᠴᠢᠯᠠᠯ ᠤᠨ ᠠᠵᠤ ᠦᠢᠯᠡᠰ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠬᠡᠷᠬᠢᠨ ᠳᠤᠬᠢᠷᠠᠭᠤᠯᠬᠤ |
ᠲᠤᠬᠠᠢ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ︖ |
ᠯᠢ ᠰᠢᠶᠤᠤ ᠴᠢᠦ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ |
ᠨᠠᠭᠠᠰᠢ᠂ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠨᠢ ᠶᠡᠷᠦᠩᠬᠡᠶ ᠱᠦᠵᠢ ᠰᠢ ᠶᠢᠨ ᠫᠢᠩ |
ᠤᠨᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ |
ᠴᠣᠬᠢᠬᠤ ᠳᠠᠶᠢᠯᠠᠯᠳᠤᠭᠠᠨ ᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ |
ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠣᠶᠣᠯ ᠪᠠ |
ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠥᠬᠦᠶ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ |
ᠲᠠᠯ᠎ᠠ ᠪᠠᠷ ᠲᠤᠭᠤᠰᠢᠯᠠᠭᠤᠯᠵᠤ᠂ ᠣᠯᠠᠨ ᠨᠡᠶᠢᠲᠡᠶᠢᠨ ᠰᠣᠶᠣᠯ ᠤᠨ ᠲᠠᠯᠠᠪᠤᠷ ᠭᠠᠵᠠᠷ᠂ ᠰᠦᠯᠵᠢᠶᠡᠨ ᠳᠤ ᠭᠠᠷᠬᠤ |
ᠦᠢᠯᠡᠴᠢᠯᠡᠭᠡᠨ ᠤ ᠲᠠᠯᠠᠪᠤᠷ ᠭᠠᠵᠠᠷ᠂ ᠰᠤᠶᠤᠯ ᠴᠡᠩᠬᠡᠬᠡᠨ ᠤ ᠲᠠᠯᠠᠪᠤᠷ ᠭᠠᠵᠠᠷ ᠪᠠ ᠵᠢᠭᠤᠯᠴᠢᠯᠠᠯ ᠤᠨᠦᠵᠡᠮᠵᠢ ᠶᠢᠨ |
ᠣᠷᠣᠨ᠂ ᠭᠠᠵᠠᠷ ᠢ ᠡᠷᠡᠰ ᠰᠢᠭᠤᠷᠬᠠᠶ ᠪᠠᠷ ᠲᠦᠷ ᠵᠣᠭᠰᠣᠭᠠᠬᠤ ᠪᠤᠶᠤ ᠬᠠᠭᠠᠵᠤ᠂ ᠪᠣᠶ ᠪᠥᠬᠦᠶ ᠪᠦᠯᠬᠦᠮ ᠤᠨ |
ᠵᠢᠭᠤᠯᠴᠢᠯᠠᠯ ᠤᠨ ᠲᠤᠬᠠᠶᠢᠯᠠᠭᠰᠠᠨ ᠠᠵᠢᠯ ᠪᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠴᠠᠭ ᠲᠤᠬᠠᠶ ᠳᠤ ᠨᠢ |
ᠵᠣᠭᠰᠣᠭᠠᠪᠠ᠃ |
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢ ᠠᠷᠠᠳ ᠣᠯᠠᠨ ᠤ ᠣᠶᠤᠨ ᠤ |
ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ |
ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ ᠡᠯ᠎ᠡ ᠭᠠᠵᠠᠷ ᠤᠨ ᠤᠯᠠᠭᠠᠨᠮᠥ᠋ᠴᠢᠷ ᠣᠶᠢᠷ᠎ᠠ ᠬᠠᠪᠢ ᠳᠤ ᠪᠠᠨ ᠲᠥᠬᠦᠮ |
ᠦᠵᠡᠭᠦᠯᠬᠦ ᠵᠠᠷᠴᠢᠮ ᠢ ᠪᠠᠷᠢᠮᠲᠠᠯᠠᠵᠤ᠂ ᠲᠣᠰ ᠪᠡᠶ᠎ᠡ ᠶᠢᠨ ᠨᠥᠬᠦᠴᠡᠯ ᠢᠶᠠᠨ ᠠᠰᠢᠭᠯᠠᠨ ᠬᠡᠷ ᠲᠤ ᠪᠠᠨᠤᠷᠠᠨ |
ᠰᠠᠶᠢᠬᠠᠨ ᠤ ᠲᠤᠭᠯᠠᠯᠲᠠ ᠵᠣᠬᠢᠶᠠᠨ ᠪᠦᠲᠦᠭᠡᠵᠦ᠂ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾᠂ ᠰᠢᠨ᠎ᠡ |
ᠵᠠᠭᠤᠴᠢᠯᠠᠭᠤᠷ ᠤᠨ ᠲᠠᠪᠴᠠᠩ ᠵᠡᠷᠭᠡ ᠪᠠᠷ ᠳᠠᠮᠵᠢᠭᠤᠯᠤᠨ ᠦᠨᠳᠦᠰᠦᠨ ᠱᠠᠲᠤᠨ ᠤ ᠣᠯᠠᠨ ᠲᠦᠮᠡᠨ ᠳᠤ ᠳᠡᠯᠭᠡᠨ |
ᠦᠵᠡᠭᠦᠯᠵᠡᠶ᠃ ᠡᠯ᠎ᠡ ᠭᠠᠵᠠᠷ ᠤᠨ ᠨᠣᠮ ᠤᠨ ᠰᠠᠩ᠂ ᠮᠦᠽᠧᠶ᠂ ᠰᠣᠶᠣᠯ ᠤᠨ ᠣᠷᠳᠣᠨ ᠡᠭᠦᠳᠡ ᠪᠠᠨ ᠬᠠᠭᠠᠭᠰᠠᠨ |
ᠴᠤ ᠲᠤᠬᠠᠶᠢᠯᠠᠭᠰᠠᠨ ᠠᠵᠢᠯ ᠢᠶᠠᠨ ᠬᠢᠬᠦ ᠪᠠᠨ ᠵᠤᠭᠰᠤᠭᠰᠠᠨ ᠦᠭᠡᠢ᠂ ᠵᠠᠯᠭᠠᠭ᠎ᠠ ᠵᠠᠯᠭᠠᠭ᠎ᠠ ᠪᠠᠷ ︽ᠰᠦᠯᠵᠢᠶᠡᠨ |
ᠳᠡᠭᠡᠷᠡᠬᠢ ᠤᠩᠰᠢᠯᠭ᠎ᠠ︾᠂ ︽ᠰᠦᠯᠵᠢᠶᠡᠨ ᠳᠡᠭᠡᠷᠡᠬᠢ ᠦᠵᠡᠭᠦᠯᠦᠯᠭᠡ︾᠂ ︽ᠰᠦᠯᠵᠢᠶᠡᠨ ᠳᠡᠭᠡᠷᠡᠬᠢ ᠬᠢᠴᠢᠶᠡᠯ ᠤᠨ |
ᠲᠠᠩᠬᠢᠮ︾ ᠵᠡᠷᠭᠡ ᠲᠤᠰᠬᠠᠶ ᠰᠡᠳᠦᠪᠲᠦ ᠬᠦᠳᠡᠯᠭᠡᠭᠡᠨ ᠦᠷᠨᠢᠭᠦᠯᠪᠡ᠃ |
3 ᠳ᠋ᠤᠭᠠᠷ ᠰᠠᠷ᠎ᠠ ᠳᠤ ᠤᠷᠤᠭᠰᠠᠨ ᠠᠴᠠ ᠨᠠᠭᠠᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ |
ᠪᠠᠶᠢᠳᠠᠯ ᠠᠯᠬᠤᠮ ᠠᠯᠬᠤᠮ ᠢᠶᠠᠷ ᠰᠠᠶᠢᠵᠢᠷᠠᠬᠤ ᠶᠢ ᠲᠠᠭᠠᠯᠳᠤᠭᠠᠳ᠂ ᠲᠥᠪ ᠠᠴᠠ ᠬᠢᠵᠢᠭ ᠤᠨ ᠪᠠᠶᠢᠳᠠᠯ ᠢ ᠪᠥᠬᠦ |
ᠬᠦᠴᠦᠨ ᠢᠶᠠᠷ ᠢᠶᠠᠨ ᠬᠤᠷᠢᠭᠯᠠᠨ ᠴᠤᠬᠢᠬᠤ ᠶᠢᠨ ᠵᠡᠷᠭᠡᠴᠡᠭᠡ ᠪᠠᠷ᠂ ᠥᠭᠡᠷᠡᠴᠢᠯᠡᠯᠲᠡ ᠬᠢᠬᠦ᠂ ᠬᠦᠭᠵᠢᠭᠦᠯᠬᠦ᠂ |
ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠢᠨ᠎ᠡ |
ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠭᠡ ᠶᠢ ᠬᠠᠮᠤᠭ ᠤᠨ ᠳᠣᠤᠷ᠎ᠠ |
ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ |
ᠬᠥᠭᠵᠢᠯᠲᠡ ᠶᠢᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠳᠦᠭᠡᠢ ᠬᠡᠮᠡᠨ ᠳᠤᠷᠠᠳᠪᠠ᠃ ᠲᠥᠪ ᠤᠨ ᠪᠠᠶᠢᠷᠢᠯᠠᠭᠤᠯᠤᠯᠲᠠ |
ᠱᠠᠭᠠᠷᠳᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠭᠤᠤᠯᠳᠠᠯᠭ᠎ᠠ ᠶᠢ |
ᠳᠣᠪᠤᠶᠢᠯᠭᠠᠬᠤ᠂ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠂ ᠲᠥᠷᠥᠯ ᠬᠤᠪᠢᠶᠠᠨ ᠵᠢᠯᠣᠭᠤᠳᠬᠤ᠂ |
ᠣᠷᠣᠨ ᠬᠤᠪᠢᠶᠠᠨ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ |
ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠎ᠠ᠃ |
3 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠪᠥᠬᠦ ᠣᠷᠣᠨ ᠤ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠭᠦᠯᠬᠦ ᠲᠧᠯᠸᠢᠰ ᠤᠲᠠᠰᠤᠨ ᠤ ᠬᠤᠷᠠᠯ ᠢ |
ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠣᠷᠢᠭ |
ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠢᠭᠤᠯᠴᠢᠯᠠᠯ ᠤᠨ ᠦᠢᠯᠡᠰ ᠢ ᠰᠡᠷᠭᠦᠭᠡᠨ |
ᠬᠥᠭᠵᠢᠭᠦᠯᠬᠦ ᠠᠵᠢᠯ ᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ᠃ |
3 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠠᠯᠪᠠᠨ ᠵᠠᠷ ᠲᠤ ᠪᠠᠨ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ |
ᠪᠠᠶᠢᠳᠠᠯ ᠤᠨ ᠲᠦᠭᠰᠢᠭᠦᠷᠢ ᠶᠢᠨ ᠳᠡᠰ ᠢ ᠪᠦᠬᠦᠨ ᠢ ᠳᠣᠤᠷ᠎ᠠ ᠲᠦᠪᠰᠢᠨ ᠤ ᠲᠦᠭᠰᠢᠭᠦᠷᠢ ᠪᠣᠯᠭᠠᠨ ᠳᠣᠭᠢᠷᠠᠭᠤᠯᠬᠤ ᠪᠠᠷ |
ᠲᠣᠭᠲᠠᠪᠠ ᠭᠡᠵᠦ ᠨᠡᠶᠢᠲᠡᠯᠡᠵᠡᠢ᠃ ᠰᠣᠶᠣᠯ ᠤᠨ ᠲᠠᠯᠠᠪᠤᠷ ᠭᠠᠵᠠᠷ ᠤᠨ ᠨᠡᠭᠡᠭᠡᠯᠲᠡ ᠪᠠ ᠵᠢᠭᠤᠯᠴᠢᠯᠠᠯ ᠤᠨ ᠦᠢᠯᠡᠰ ᠤᠨ |
ᠰᠡᠷᠭᠦᠯᠲᠡ ᠬᠥᠭᠵᠢᠯᠲᠡ ᠶᠢ ᠪᠦᠲᠦᠮᠵᠢᠲᠡᠢ ᠠᠬᠢᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠲᠢᠩᠬᠢᠮ |
︽ᠨᠠᠷᠢᠯᠢᠭ ᠣᠨᠣᠴᠠᠲᠠᠶ ᠡᠮᠬᠢ ᠵᠢᠷᠤᠮ ᠲᠠᠢ ᠲᠥᠷᠥᠯ ᠬᠤᠪᠢᠶᠠᠨ ᠠᠷᠭ᠎ᠠ ᠪᠣᠳᠣᠯᠭ᠎ᠠ ᠠᠪᠴᠤ ᠪᠠᠶᠢᠭᠠᠳ ᠰᠣᠶᠣᠯ ᠪᠠ |
ᠵᠢᠭᠤᠯᠴᠢᠯᠠᠯ ᠤᠨ ᠲᠠᠯᠠᠪᠤᠷ ᠭᠠᠵᠠᠷ ᠤᠨ ᠨᠡᠭᠡᠭᠡᠯᠲᠡ ᠶᠢ ᠰᠡᠷᠭᠦᠭᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ |
ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠤᠨ ᠨᠡᠭᠡᠭᠡᠯᠲᠡ ᠶᠢ |
ᠰᠡᠷᠭᠦᠭᠡᠬᠦ ᠲᠤᠬᠠᠶ ᠪᠠᠶᠢᠷᠢᠯᠠᠭᠤᠯᠤᠯᠲᠠ ᠬᠢᠪᠡ᠂ ᠪᠣᠳᠠᠲᠠᠶ ᠠᠭᠤᠯᠭ᠎ᠠ ᠨᠢ ᠳᠣᠤᠷᠠᠬᠢ ᠮᠡᠲᠦ᠃ |
ᠨᠢᠭᠡ ᠳᠤ᠂ ᠪᠥᠬᠦ ᠣᠷᠣᠨ ᠤ ᠡᠯ᠎ᠡ ᠲᠥᠷᠥᠯ ᠤᠨ ᠰᠣᠶᠣᠯ ᠤᠨ ᠲᠠᠯᠠᠪᠤᠷ ᠭᠠᠵᠠᠷ᠂ ᠡᠯ᠎ᠡ ᠲᠥᠷᠥᠯ ᠤᠨ |
ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠡᠰ ᠤᠨ ᠵᠢᠭᠤᠯᠴᠢᠯᠠᠯ ᠤᠨ ᠵᠣᠴᠢᠳ ᠤᠨ ᠪᠠᠭᠤᠳᠠᠯ᠂ ︽ |
ᠭᠠᠳᠠᠨ᠎ᠠ ᠪᠠᠨ ᠣᠷᠤᠵᠤ ᠢᠷᠡᠬᠦ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ |
ᠤᠷᠢᠲᠠᠯ ᠤᠨ ᠳᠣᠤᠷ᠎ᠠ᠂ ᠳᠡᠰ ᠬᠤᠪᠢᠶᠠᠬᠤ ᠲᠥᠷᠥᠯ ᠬᠤᠪᠢᠶᠠᠬᠤ᠂ ᠲᠠᠯᠪᠢᠪᠠᠰᠤ ᠵᠣᠬᠢᠬᠤ ᠶᠢ ᠭᠦᠢᠴᠡᠳ ᠲᠠᠯᠪᠢᠬᠤ |
ᠵᠠᠷᠴᠢᠮ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠠᠩᠭᠠᠵᠤ ᠴᠢᠳᠠᠪᠠᠯ᠂ ᠨᠡᠭᠡᠭᠡᠯᠲᠡ |
ᠲᠠᠢ ᠬᠠᠷᠢᠯᠴᠠᠬᠤ ᠶᠢ ᠪᠥᠬᠦ ᠲᠠᠯ᠎ᠠ ᠪᠠᠷ ᠰᠡᠷᠭᠦᠭᠡᠨ᠎ᠡ᠃ ᠪᠣᠳᠠᠲᠠᠶ ᠨᠡᠭᠡᠭᠡᠬᠦ ᠴᠠᠭ ᠢ ᠲᠤᠬᠠᠶ ᠶᠢᠨ ᠭᠠᠵᠠᠷ ᠤᠨ |
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠳᠤᠷᠢᠳᠬᠤ ᠳᠤᠭᠤᠶᠢᠯᠠᠩ ᠠᠴᠠ ᠲᠣᠭᠲᠠᠭᠠᠨ᠎ᠠ᠃ |
ᠬᠤᠶᠠᠷ ᠲᠤ᠂ ᠡᠯ᠎ᠡ ᠭᠠᠵᠠᠷ ᠤᠨ ᠬᠢᠨ ᠰᠣᠶᠣᠯ ᠪᠠ ᠵᠢᠭᠤᠯᠴᠢᠯᠠᠯ ᠤᠨ ᠶᠠᠮᠤᠨ ᠤ ︽ᠣᠯᠠᠨ ᠨᠡᠶᠢᠲᠡ ᠶᠢᠨ |
ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶ ᠤ ᠨᠡᠭᠡᠭᠡᠯᠲᠡ ᠶᠢ ᠰᠡᠷᠭᠦᠭᠡᠬᠦ ᠵᠦᠭᠯᠡᠭᠦᠷ︾᠂ ︽ |
ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠭᠡᠭᠡᠯᠲᠡ ᠶᠢᠨ ᠰᠡᠷᠭᠦᠭᠡᠯᠲᠡ ᠬᠢᠵᠢᠭ ᠤᠨ ᠪᠠᠶᠢᠳᠠᠯ ᠢ ᠰᠡᠷᠭᠡᠶᠢᠯᠡᠨ |
ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ︾᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ |
ᠲᠣᠪᠴᠢᠶ᠎ᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ |
ᠬᠤᠭᠤᠴᠠᠭᠠᠨ ᠳᠤ ᠰᠣᠶᠣᠯ ᠦᠵᠡᠰᠬᠦᠯᠡᠩ ᠤᠨ ᠨᠢᠭᠡᠴᠢ ᠶᠢᠨ ᠨᠡᠭᠡᠭᠡᠯᠲᠡ ᠶᠢ ᠰᠡᠷᠭᠦᠭᠡᠬᠦ ᠪᠠ ᠠᠵᠢᠯ ᠰᠡᠷᠭᠦᠭᠡᠬᠦ ᠶᠢ |
ᠡᠮᠬᠢ ᠵᠢᠷᠤᠮ ᠲᠠᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ |
ᠵᠢᠷᠤᠮᠯᠠᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ |
ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠬᠠᠤᠯᠢ ᠶᠢᠨ ᠡᠷᠬᠡᠲᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ |
ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠮᠠᠭᠠᠶ ᠰᠠᠶᠢᠨ ᠬᠢᠬᠦ |
ᠬᠡᠷᠡᠭᠲᠡᠶ᠃ |
ᠭᠤᠷᠪᠠ ᠳᠤ᠂ ᠰᠣᠶᠣᠯ ᠤᠨ ᠲᠠᠯᠠᠪᠤᠷ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠮᠦᠰ |
ᠴᠤᠭᠯᠠᠷᠠᠬᠤ ᠨᠢ ᠢᠯᠡᠭᠦᠦ᠂ ᠰᠢᠯᠵᠢᠬᠦ ᠨᠢ ᠶᠡᠭᠡ ᠣᠨᠴᠠᠯᠢᠭ ᠲᠠᠢ ᠪᠠᠶᠢᠬᠤ ᠳᠤ ᠦᠨᠳᠦᠰᠦᠯᠡᠨ᠂ ᠨᠡᠭᠡᠭᠡᠯᠲᠡ ᠲᠠᠢ |
ᠨᠢᠭᠡᠴᠢ ᠰᠠᠨᠠᠭᠠᠴᠢᠯᠠᠭ᠎ᠠ ᠠᠴᠠ ᠪᠠᠨ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ |
ᠨᠡᠶᠢᠲᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠲᠣᠭᠤᠷᠢᠨ |
ᠦᠵᠡᠬᠦ ᠵᠠᠮ ᠱᠤᠭᠤᠮ ᠪᠠ ᠴᠠᠭ ᠬᠤᠭᠤᠴᠠᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠦᠵᠡᠭᠴᠢᠳ ᠤᠨ ᠴᠠᠭ ᠢ ᠨᠢ |
ᠵᠦᠷᠢᠭᠦᠯᠵᠦ᠂ ᠳᠤᠭᠤᠶᠢᠯᠠᠩ ᠪᠦᠯᠦᠭ ᠢᠶᠠᠷ ᠪᠠᠭᠤᠳᠠᠯ ᠳᠤ ᠣᠷᠣᠬᠤ ᠪᠠ ᠲᠠᠷᠬᠠᠵᠤ ᠲᠣᠭᠤᠷᠢᠨ ᠦᠵᠡᠬᠦ ᠠᠷᠭ᠎ᠠ ᠶᠢ |
ᠬᠡᠷᠡᠭᠵᠢᠭᠦᠯᠬᠦ᠂ ᠰᠦᠯᠵᠢᠶ᠎ᠡ ᠪᠠᠷ ᠤᠷᠢᠳᠴᠢᠯᠠᠨ ᠪᠣᠯᠵᠣᠬᠤ ᠶᠢ ᠤᠷᠮᠠᠰᠢᠭᠤᠯᠬᠤ ᠵᠡᠷᠭᠡ ᠠᠷᠭ᠎ᠠ ᠮᠠᠶ᠋ᠢᠭ ᠢᠶᠠᠷ |
ᠡᠳᠦᠷ ᠤᠨ ᠲᠣᠭᠤᠷᠢᠨ ᠦᠵᠡᠬᠦ ᠬᠥᠮᠦᠨ ᠤ ᠲᠤᠭ᠎ᠠ ᠶᠢ ᠬᠢᠵᠠᠭᠠᠷᠯᠠᠵᠤ᠂ ᠬᠤᠷᠤᠮ ᠴᠠᠭ ᠤᠨ ᠬᠠᠮᠤᠭ ᠤᠨ ᠶᠡᠭᠡ |
ᠳᠠᠭᠠᠭᠠᠴᠠ ᠶᠢ ᠬᠢᠵᠠᠭᠠᠷᠯᠠᠬᠤ ᠬᠡᠷᠡᠭᠲᠡᠶ᠃ |
ᠳᠥᠷᠪᠡ ᠳᠤ᠂ ᠵᠢᠭᠤᠯᠴᠢᠯᠠᠭᠴᠢᠳ ᠤᠨ ᠭᠠᠵᠠᠷ ᠣᠷᠣᠨ ᠠᠯᠤᠰᠯᠠᠨ ᠶᠠᠪᠤᠵᠤ ᠰᠠᠭᠤᠬᠤ ᠳᠤ ᠬᠢᠵᠢᠭ ᠤᠨ |
ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠨᠡᠮᠡᠭᠳᠡᠬᠦ ᠠᠴᠠ ᠵᠠᠶᠢᠯᠠᠰᠬᠢᠬᠦ ᠶᠢᠨ ᠲᠥᠯᠥᠭᠡ᠂ ᠵᠢᠭᠤᠯᠴᠢᠯᠠᠭᠴᠢ ᠳᠤ |
ᠦᠢᠯᠡᠴᠢᠯᠡᠬᠦ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠣᠬᠤᠷ ᠬᠤᠭᠤᠴᠠᠭᠠᠨ ᠤ |
ᠳᠣᠲᠤᠷ᠎ᠠ ᠮᠤᠵᠢ ︵ᠣᠷᠣᠨ᠂ ᠬᠤᠲᠠ︶ ᠠᠯᠤᠰᠯᠠᠭᠰᠠᠨ ᠬᠢᠭᠡᠳ ᠬᠢᠯᠢ ᠪᠠᠷ ᠭᠠᠷᠴᠤ ᠣᠷᠤᠬᠤ ᠪᠦᠯᠬᠦᠮ |
ᠨᠡᠶᠢᠲᠡ ᠶᠢᠨ ᠵᠢᠭᠤᠯᠴᠢᠯᠠᠯ ᠤᠨ ᠠᠵᠢᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ ᠵᠢᠭᠤᠯᠴᠢᠯᠠᠯ ᠤᠨ |
ᠠᠵᠢᠯ ᠢ ᠡᠵᠡᠩᠨᠡᠵᠦ ᠪᠣᠯᠬᠤ ᠥᠬᠡᠶ᠃ ᠡᠯ᠎ᠡ ᠭᠠᠵᠠᠷ ᠤᠨ ᠵᠢᠭᠤᠯᠴᠢᠯᠠᠭᠴᠢ ᠳᠤ ᠦᠢᠯᠡᠴᠢᠯᠡᠬᠦ ᠭᠠᠵᠠᠷ ᠤᠨ ︽ᠥᠪᠥᠷ |
ᠮᠣᠩᠭᠤᠯ ᠤᠨ ᠬᠦᠮᠦᠨ ᠥᠪᠥᠷ ᠮᠣᠩᠭᠤᠯ ᠳᠤ ᠪᠠᠨ ᠵᠢᠭᠤᠯᠴᠢᠯᠠᠬᠤ︾ ᠬᠦᠳᠡᠯᠭᠡᠭᠡᠨ ᠢ ᠭᠦᠨᠵᠡᠭᠡᠶ ᠥᠷᠨᠢᠭᠦᠯᠬᠦ ᠶᠢ |
ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠤᠷᠢᠳᠴᠢᠯᠠᠨ ᠵᠠᠬᠢᠶᠠᠯᠠᠬᠤ ᠠᠵᠢᠯ ᠢ ᠢᠳᠡᠪᠬᠢᠲᠡᠶ ᠦᠷᠨᠢᠭᠦᠯᠦᠨ᠂ |
ᠬᠢᠵᠢᠭ ᠤᠨ ᠪᠠᠶᠢᠳᠠᠯ ᠤᠨ ᠳᠠᠷᠠᠭᠠᠬᠢ ᠵᠢᠭᠤᠯᠴᠢᠯᠠᠯ ᠤᠨ ᠤᠷᠢᠳᠴᠢᠯᠠᠨ ᠵᠠᠬᠢᠶᠠᠯᠠᠬᠤ ᠦᠢᠯᠡᠴᠢᠯᠡᠭᠡᠨ ᠢ ᠰᠠᠶᠢᠲᠤᠷ ᠬᠢᠬᠦ |
ᠬᠡᠷᠡᠭᠲᠡᠶ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠵᠢᠭᠤᠯᠴᠢᠯᠠᠯ ᠤᠨ ᠠᠵᠤ |
ᠠᠬᠤᠶᠢᠯᠠᠯ ᠤᠨ ᠦᠢᠯᠡᠳᠭᠦᠨ ᠤ ᠬᠠᠩᠭᠠᠯᠭ᠎ᠠ ᠪᠠᠨ ᠰᠢᠯᠢᠳᠡᠭᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢᠶᠠᠨ |
ᠳᠡᠭᠡᠭᠰᠢᠯᠡᠭᠦᠯᠬᠦ ᠶᠢ ᠨᠢ ᠳᠡᠮᠵᠢᠨ ᠵᠢᠯᠣᠭᠤᠳᠴᠤ᠂ ᠬᠢᠵᠢᠭ ᠤᠨ ᠪᠠᠶᠢᠳᠠᠯ ᠤᠨ ᠳᠠᠷᠠᠭᠠᠬᠢ ᠵᠢᠭᠤᠯᠴᠢᠯᠠᠯ ᠤᠨ |
ᠬᠡᠷᠡᠭᠯᠡᠭᠡᠨ ᠤ ᠬᠠᠷᠢᠭᠤ ᠠᠪᠬᠤ ᠴᠢᠨᠠᠷᠲᠠᠶ ᠨᠡᠮᠡᠭᠳᠡᠯ ᠢ ᠠᠷᠭᠠᠴᠠᠬᠤ ᠠᠷᠭ᠎ᠠ ᠬᠡᠮᠵᠢᠶ᠎ᠡ ᠶᠢ ᠡᠷᠲᠡᠬᠡᠨ ᠰᠦᠪᠡᠭᠴᠢᠯᠡᠬᠦ |
ᠬᠡᠷᠡᠭᠲᠡᠶ᠃ |
|