5 ᠰᠠᠷ᠎ᠠ ᠤᠨ 22 ᠤᠨ ᠡᠳᠤᠷ᠂ ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ |
ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠡ᠂ ᠭᠤᠤᠯᠳᠠᠯᠭ᠎ᠠ ᠨᠢ ᠲᠤᠤᠷᠠᠬᠢ ᠮᠡᠲᠦ᠄ |
ᠨᠢᠭᠡ᠂ ᠨᠢᠳᠤᠨᠤᠨ ᠠᠴᠠ ᠤᠳᠤ ᠪᠤᠯᠲᠠᠯᠠᠬᠢ ᠠᠵᠢᠯ ᠤᠨ ᠡᠷᠬᠢᠴᠡᠬᠦᠯᠦᠯ |
ᠨᠤᠯᠤᠰ ᠤᠨ ᠲᠤᠳᠤᠭᠠᠳᠤ ᠶᠢᠨ ᠤᠶᠢᠯᠡᠳᠪᠦᠷᠢᠯᠡᠯ ᠤᠨ ᠶᠡᠷᠤᠩᠬᠡᠢ ᠦᠷᠲᠡᠭ 99.1 ᠲᠦᠮᠡᠨ ᠳ᠋ᠦᠩᠰᠢᠭᠤᠷ |
ᠲᠦᠬᠦᠷᠢᠭ ᠲᠤ ᠬᠦᠷᠴᠦ᠂ 6.1 % ᠪᠠᠷ ᠨᠡᠮᠡᠭᠳᠡᠪᠡ᠃ |
ᠨᠡᠯᠢᠶᠡᠳ ᠤᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠪᠦᠳᠦᠮᠵᠢᠳᠡᠢ ᠡᠵᠡᠮᠳᠡᠵᠤ᠂ ᠠᠷᠠᠳ |
ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠪᠠ᠂ ᠮᠠᠰᠢ ᠶᠡᠭᠡ ᠬᠦᠴᠢᠷ ᠪᠡᠷᠬᠡ ᠲᠠᠢ ᠪᠠᠶᠢᠭᠰᠠᠨ ᠴᠦ ᠲᠤᠭᠤᠯᠵᠤ |
ᠴᠢᠳᠠᠯᠡ᠃ |
ᠤᠯᠠᠨ ᠨᠠᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ |
ᠪᠠᠷ ᠴᠦᠬᠡᠨ ᠪᠤᠰᠤ ᠪᠠᠭᠤᠷᠠᠢ ᠲᠠᠯ᠎ᠠ ᠢᠯᠡᠷᠡᠪᠡ᠃ |
|
ᠬᠤᠶᠠᠷ᠂ ᠡᠨᠡ ᠵᠢᠯ ᠤᠨ ᠴᠢᠬᠤᠯᠠ ᠬᠠᠷᠠᠯᠲᠠ |
ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠪᠤᠲᠠᠲᠠᠢ ᠬᠠᠷᠠᠯᠲᠠ ᠶᠢ ᠲᠤᠷᠠᠳᠤᠭᠰᠠᠨ |
ᠦᠭᠡᠢ᠃ |
ᠬᠤᠲᠠ ᠪᠠᠯᠭᠠᠰᠤᠨ ᠤ 900 ᠲᠦᠮᠡ ᠠᠴᠠ ᠳᠡᠭᠡᠭᠰᠢ ᠬᠦᠮᠦᠨ ᠳᠤ ᠰᠢᠨ᠎ᠡ ᠪᠠᠷ ᠠᠵᠢᠯ ᠤᠯᠭᠤᠵᠤ᠂ |
ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ ᠨᠤᠷᠮ᠎ᠠ ᠶᠢ 6% ᠤᠷᠴᠢᠮ ᠳᠤ ᠡᠵᠡᠮᠳᠡᠨ᠎ᠡ᠃ |
ᠤᠳᠤ ᠶᠢᠨ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠪᠠᠷ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠡᠢ |
ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠬᠦᠴᠢᠷᠳᠡᠯᠲᠠᠢ ᠰᠢᠶᠠᠨ ᠢ ᠪᠦᠬᠦᠨ ᠢ |
ᠶᠠᠳᠠᠭᠤ ᠠᠴᠠ ᠠᠩᠬᠢᠵᠢᠷᠠᠭᠤᠯᠤᠨ᠎ᠠ᠃ |
|
ᠭᠤᠷᠪᠠ᠂ ᠡᠨᠡ ᠵᠢᠯ ᠤᠨ ᠬᠡᠰᠡᠭ ᠭᠤᠤᠯᠳᠠᠯᠭ᠎ᠠ ᠲᠠᠢ ᠠᠵᠢᠯ |
ᠢᠳᠡᠪᠬᠢᠲᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠨᠡᠩ ᠦᠷ᠎ᠡ ᠪᠦᠲᠦᠮᠵᠢ ᠲᠠᠢ |
ᠬᠡᠷᠡᠭᠵᠢᠬᠦᠯᠤᠨ᠎ᠡ᠃ |
ᠲᠤᠭᠲᠠᠭᠤᠨ ᠠᠰᠢᠭᠲᠠᠢ ᠵᠤᠭᠤᠰᠤᠨ ᠤ ᠲᠦᠷᠦ ᠶᠢᠨ ᠪᠤᠳᠤᠯᠭ᠎ᠠ ᠶᠢ ᠨᠡᠩ ᠠᠮᠢᠳᠤᠯᠢᠭ ᠳᠤᠬᠢᠷᠠᠮᠵᠢᠲᠠᠢ |
ᠪᠠᠶᠢᠯᠭᠠᠨ᠎ᠠ᠃ |
《 ᠠᠷᠪᠠᠨ ᠳᠦᠷᠪᠠᠳᠤᠭᠡᠷ ᠲᠠᠪᠤᠨ ᠵᠢᠯ ᠤᠨ ᠲᠦᠯᠤᠪᠵᠢᠬᠦᠯᠭᠡ 》 ᠶᠢ ᠰᠠᠶᠢᠲᠤᠷ ᠨᠠᠶᠢᠷᠠᠭᠤᠯᠤᠨ ᠵᠤᠬᠢᠶᠠᠨ᠎ᠠ᠃ |
|
ᠬᠢᠵᠢᠭ ᠢ ᠡᠰᠡᠷᠭᠦᠴᠡᠬᠦ᠄ ᠰᠡᠷᠭᠡᠶᠢᠯᠡᠨ ᠡᠵᠡᠮᠳᠡᠬᠦ ᠴᠢᠳᠠᠪᠦᠷᠢ ᠶᠢ ᠶᠡᠬᠡᠪᠡᠷ ᠲᠡᠭᠡᠭᠰᠢᠯᠡᠬᠦᠯᠵᠤ᠂ ᠬᠢᠵᠢᠭ |
ᠳᠠᠬᠢᠨᠲᠠ ᠦᠷᠪᠢᠰᠦᠨ ᠲᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ᠬᠤᠪᠸᠢ ᠶᠢᠨ ᠬᠦᠭᠵᠢᠯᠲᠡ ᠶᠢ ᠳᠡᠮᠵᠢᠬᠦ ᠠᠯᠢ |
ᠤᠯᠠᠨ ᠲᠦᠷᠤ ᠶᠢᠨ ᠪᠤᠳᠤᠯᠭ᠎ᠠ ᠶᠢ ᠰᠠᠶᠢᠲᠤᠷ ᠬᠡᠷᠡᠭᠵᠢᠬᠦᠯᠦᠨ᠎ᠡ᠃ |
ᠡᠳ᠋ ᠤᠨ ᠵᠠᠰᠠᠭ᠄ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠬᠡᠪᠴᠢᠶ᠎ᠡ ᠨᠢᠳᠦᠨᠤᠨ ᠤ ᠬᠢ ᠠᠴᠠ 1 |
ᠲᠦᠮᠡᠨ ᠳ᠋ᠦᠩᠰᠢᠭᠤᠷ ᠲᠦᠭᠦᠷᠢᠭ ᠨᠡᠮᠡᠭᠳᠡᠵᠤ᠂ 1 ᠲᠦᠮᠡᠨ ᠳ᠋ᠦᠩᠰᠢᠭᠤᠷ ᠲᠦᠭᠦᠷᠢᠭ ᠤᠨ ᠬᠢᠵᠢᠭ ᠢ ᠡᠰᠡᠷᠬᠦᠴᠡᠬᠦ |
ᠤᠯᠤᠰ ᠤᠨ ᠵᠢᠬᠡᠯᠡᠯᠭᠡ ᠶᠢᠨ ᠲᠡᠮᠳᠡᠭᠲᠤ ᠲᠠᠷᠬᠠᠭᠠᠨ᠎ᠠ᠃ |
ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ᠄ ᠵᠢᠱᠢᠯᠲᠡ ᠪᠠᠷ ᠪᠦᠬᠦ ᠵᠢᠯ ᠳᠤ ᠠᠵᠤ ᠠᠬᠤᠶᠢᠯᠠᠯ ᠤᠨ |
ᠲᠠᠷᠤᠭᠠᠰᠤ ᠶᠢ ᠬᠦᠩᠭᠡᠷᠡᠬᠦᠯᠬᠦ ᠵᠤᠭᠤᠰ ᠪᠠᠰᠠ 2.5 ᠲᠦᠮᠡᠨ ᠳ᠋ᠦᠩᠰᠢᠭᠤᠷ ᠲᠦᠭᠦᠷᠢᠭ ᠰᠢᠨ᠎ᠡ ᠪᠠᠷ ᠨᠡᠮᠡᠭᠳᠡᠨ᠎ᠡ᠃ |
ᠠᠵᠢᠯ ᠤᠯᠭᠤᠯᠲᠠ᠄ ᠠᠵᠢᠯ ᠤᠯᠭᠤᠯᠲᠠ ᠳᠤ ᠦᠵᠡᠭᠦᠯᠬᠦ ᠵᠦᠢ ᠵᠤᠬᠢᠰ ᠦᠭᠡᠢ ᠬᠢᠵᠠᠭᠠᠷᠯᠠᠯ ᠢ ᠬᠦᠴᠦᠨ |
ᠦᠭᠡᠢ ᠪᠤᠯᠭᠠᠵᠤ᠂ ᠠᠵᠢᠯ ᠤᠯᠭᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠭᠠᠷᠭᠠᠬᠤ ᠶᠤᠰᠤᠲᠠᠢ ᠶᠢ ᠪᠦᠬᠦᠨ ᠢ |
ᠭᠠᠷᠭᠠᠨ᠎ᠠ᠃ |
ᠰᠢᠨ᠎ᠡ ᠶᠢ ᠡᠭᠦᠳᠬᠦ᠄ ᠰᠢᠨ᠎ᠡ ᠨᠢᠭᠡ ᠡᠭᠡᠯᠵᠢ ᠶᠢᠨ ᠪᠦᠬᠦ ᠲᠠᠯ᠎ᠠ ᠪᠠᠷ ᠰᠢᠨ᠎ᠡ ᠶᠢ ᠡᠭᠦᠳᠬᠦ ᠦᠭᠡᠷᠡᠴᠢᠯᠡᠯᠲᠡ |
ᠶᠢᠨ ᠲᠤᠷᠰᠢᠯᠲᠠ ᠶᠢ ᠬᠦᠨᠵᠡᠭᠡᠶᠢᠷᠡᠬᠦᠯᠦᠨ᠎ᠡ᠃ |
ᠬᠡᠷᠡᠭᠯᠡᠭᠡ᠄ ᠡᠯᠧᠺᠲᠷᠤᠨ ᠬᠤᠳᠠᠯᠳᠤᠭ᠎ᠠ᠂ ᠲᠦᠷᠭᠡᠨ ᠳᠠᠮᠵᠢᠭᠤᠯᠭ᠎ᠠ ᠶᠢᠨ ᠬᠦᠳᠡᠭᠡ ᠲᠤᠰᠬᠤᠨ ᠳᠤ ᠤᠷᠤᠬᠤ |
ᠶᠢ ᠲᠠᠮᠵᠢᠨ᠎ᠡ᠂ 5G ᠶᠢᠨ ᠬᠡᠷᠡᠭᠯᠡᠯᠲᠡ ᠶᠢ ᠦᠷᠭᠡᠳᠬᠡᠨ᠎ᠡ᠃ |
ᠪᠡᠯᠡ ᠤᠷᠤᠭᠤᠯᠤᠯᠲᠠ᠄ ᠤᠷᠤᠨ ᠨᠤᠲᠤᠭ ᠤᠨ ᠵᠠᠰᠠᠭ ᠤᠨ ᠤᠷᠳᠤᠨ ᠤ ᠲᠤᠰᠬᠠᠢ ᠵᠢᠭᠡᠯᠡᠯᠭᠡ ᠶᠢᠨ ᠲᠡᠮᠳᠡᠭᠲᠤ |
ᠶᠢ 3.75 ᠲᠦᠮᠡᠨ ᠳ᠋ᠦᠩᠰᠢᠭᠤᠷ ᠲᠦᠭᠦᠷᠢᠭ ᠲᠤᠬᠢᠷᠠᠭᠤᠯᠬᠤ ᠪᠠᠷ ᠲᠦᠯᠤᠪᠯᠡᠵᠤ᠂ ᠲᠦᠪ ᠤᠨ ᠲᠦᠰᠦᠪ ᠤᠨ |
ᠳᠤᠲᠤᠷᠠᠬᠢ ᠪᠡᠯᠡ ᠤᠷᠤᠭᠤᠯᠤᠯᠲᠠ ᠶᠢ 6000 ᠳ᠋ᠦᠩᠰᠢᠭᠤᠷ ᠲᠦᠭᠦᠷᠢᠭ ᠳᠤᠬᠢᠷᠠᠭᠤᠯᠤᠨᠡ᠃ |
ᠮᠦᠩᠭᠦᠨ ᠭᠦᠢᠯᠭᠡᠭᠡ᠄ ᠲᠤᠮᠤ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯ |
ᠦᠵᠡᠭᠦᠯᠬᠦ ᠬᠡᠯᠪᠡᠷᠢ ᠶᠢᠨ ᠪᠢᠴᠢᠯ ᠵᠢᠵᠢᠭ ᠠᠵᠤ ᠠᠬᠤᠶᠢᠯᠠᠯ ᠤᠨ ᠵᠡᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ |
40% ᠠᠴᠠ ᠦᠨᠳᠦᠷ ᠪᠠᠶᠢᠯᠭᠠᠨ᠎ᠠ᠃ |
ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠳᠤᠯᠬᠤ᠄ ᠦᠯᠡᠳᠡᠵᠤ ᠪᠠᠶᠢᠭ᠎ᠠ ᠶᠠᠳᠠᠭᠤ ᠬᠦᠴᠢᠷᠳᠡᠯᠲᠠᠢ |
ᠰᠢᠶᠠᠨ ᠪᠠ ᠶᠠᠳᠠᠭᠤ ᠬᠦᠴᠢᠷᠳᠡᠯᠲᠠᠢ ᠲᠤᠰᠬᠤᠨ ᠤ ᠪᠤᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠤᠨ᠎ᠠ᠃ |
ᠲᠠᠷᠢᠶᠠᠯᠠᠩ᠄ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 8000 ᠲᠦᠮᠡᠨ ᠮᠤ᠋ ᠰᠢᠨ᠎ᠡ ᠪᠠᠷ ᠪᠦᠳᠦᠭᠡᠨ |
ᠪᠠᠶᠢᠭᠤᠯᠤᠨ᠎ᠠ᠃ |
ᠰᠤᠷᠭᠠᠨ ᠬᠦᠮᠦᠵᠢᠯ᠄ ᠶᠡᠭᠡ ᠰᠤᠷᠭᠠᠭᠤᠯᠢ ᠶᠢᠨ ᠬᠦᠳᠡᠭᠡ ᠲᠤᠰᠬᠤᠨ ᠪᠠ ᠶᠠᠳᠠᠭᠤ ᠬᠦᠴᠢᠷᠳᠡᠯᠲᠠᠢ ᠭᠠᠵᠠᠷ |
ᠤᠷᠤᠨ ᠠᠴᠠ ᠰᠤᠷᠤᠭᠴᠢ ᠡᠯᠡᠰᠬᠦ ᠬᠡᠪᠴᠢᠶ᠎ᠡ ᠶᠢ ᠦᠷᠭᠡᠳᠭᠡᠨ᠎ᠡ᠃ |
ᠨᠡᠶᠢᠭᠡᠮ ᠤᠨ ᠪᠠᠳᠤᠯᠠᠭ᠎ᠠ᠄ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠡᠪᠴᠢᠶ᠎ᠡ ᠶᠢ |
ᠦᠷᠭᠡᠳᠭᠡᠵᠤ᠂ ᠬᠤᠲᠠ ᠬᠦᠳᠡᠭᠡ ᠶᠢᠨ ᠬᠦᠴᠢᠷᠲᠡᠯᠲᠠᠢ ᠭᠡᠷ ᠪᠦᠯᠢ ᠶᠢ ᠪᠠᠳᠤᠯᠠᠪᠠᠰᠤ ᠵᠤᠬᠢᠬᠤ ᠶᠢ ᠨᠢ ᠴᠦᠮ |
ᠪᠠᠳᠤᠯᠠᠨ᠎ᠠ᠃ |
ᠨᠡᠭᠡᠭᠡᠯᠲᠠ ᠬᠢᠬᠦ᠄ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ |
ᠦᠵᠡᠰᠭᠦᠯᠡᠩ ᠤᠨ ᠴᠤᠭᠯᠠᠭᠠᠨ ᠢ ᠰᠠᠶᠢᠳᠤᠷ ᠪᠡᠯᠡᠳᠭᠡᠨ᠎ᠡ᠃ ᠳᠤᠮᠳᠠᠳᠤ ᠠᠮᠧᠷᠢᠺᠡ ᠶᠢᠨ ᠠᠩᠬᠠᠨ ᠤ ᠱᠠᠲᠤᠨ ᠤ |
ᠠᠵᠤ ᠠᠬᠤᠢ ᠠᠷᠠᠯᠵᠢᠶᠠᠨ ᠤ ᠬᠡᠯᠡᠯᠴᠡᠭᠡᠷ ᠢ ᠬᠠᠮᠳᠤ ᠪᠠᠷ ᠨᠠᠶᠢᠳᠠᠪᠦᠷᠢᠵᠢᠭᠤᠯᠤᠨ᠎ᠠ᠃ |
ᠰᠢᠶᠠᠩᠭᠠᠩ ᠤᠤᠮᠧᠨ ᠲᠠᠶᠢᠸᠠᠨ᠄ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ |
ᠢ ᠪᠠᠳᠤᠯᠠᠨ ᠬᠠᠮᠠᠭᠠᠯᠠᠬᠤ ᠬᠠᠤᠯᠢ ᠲᠦᠷᠢᠮ ᠪᠠ ᠬᠠᠤᠯᠢ ᠲᠦᠷᠢᠮ ᠢ ᠬᠡᠷᠡᠭᠵᠢᠬᠦᠯᠬᠦ ᠲᠤᠭᠳᠠᠴᠠ ᠶᠢ ᠪᠠᠶᠢᠭᠤᠯᠤᠨ |
ᠪᠦᠷᠢᠨᠰᠢᠬᠦᠯᠤᠨ᠎ᠡ᠃ |