|
|
|
|
|
3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ |
ᠮᠡᠳᠡᠭᠡᠨ ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ |
ᠡᠵᠡᠮᠳᠡᠬᠦ ᠵᠢᠯᠤᠭᠤᠳᠬᠤ ᠭᠠᠵᠠᠷ ᠤᠨ ᠲᠠᠪᠢᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠢᠵᠦ᠂ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ |
ᠳᠤᠭᠤᠶᠢᠯᠠᠩ ᠤᠨ ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠨᠡᠶᠢᠭᠡᠮ ᠪᠠ ᠵᠠᠭᠤᠴᠢᠯᠠᠭᠤᠷ ᠤᠨ |
ᠬᠢᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |
ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ︽ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ︾ |
ᠶᠢᠨ ᠰᠤᠷᠪᠤᠯᠵᠢᠯᠠᠭᠴᠢ᠄ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠰᠣᠶᠣᠯ ᠪᠠ |
ᠵᠢᠭᠤᠯᠴᠢᠯᠠᠯ ᠤᠨ ᠠᠵᠢᠯ ᠲᠥᠷᠥᠯ ᠤᠨ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠶᠠᠮᠠᠷ ᠵᠡᠷᠭᠡ ᠪᠣᠶ︖ |
ᠬᠢᠵᠢᠭ ᠤᠨ ᠪᠠᠶᠢᠳᠠᠯ ᠦᠩᠭᠡᠷᠡᠭᠰᠡᠨ ᠤ ᠳᠠᠷᠠᠭᠠᠬᠢ ᠣᠯᠠᠨ ᠲᠦᠮᠡᠨ ᠤ ᠲᠠᠰᠤᠷᠠᠯᠲᠠ ᠥᠬᠡᠶ ᠦᠷᠨᠢᠬᠦ ᠰᠣᠶᠣᠯ |
ᠵᠢᠭᠤᠯᠴᠢᠯᠠᠯ ᠤᠨ ᠰᠡᠯᠡᠭᠦᠴᠡᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠪᠡᠯᠡᠳᠬᠡᠯ ᠬᠢᠭᠰᠡᠨ ᠤᠤ︖ |
ᠯᠢ ᠰᠢᠶᠤᠤ ᠴᠢᠦ᠄ ᠬᠢᠵᠢᠭ ᠤᠨ ᠪᠠᠶᠢᠳᠠᠯ ᠤᠨ ᠲᠠᠰᠤᠷᠠᠯᠲᠠ ᠥᠬᠡᠶ ᠰᠠᠶᠢᠵᠢᠷᠠᠬᠤ ᠶᠢ ᠳᠠᠭᠠᠯᠳᠤᠨ ᠣᠯᠠᠨ |
ᠲᠦᠮᠡᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠷᠮ᠎ᠠ ᠵᠤᠷᠢᠭ ᠴᠦ ᠲᠠᠰᠤᠷᠠᠯᠲᠠ ᠥᠬᠡᠶ ᠰᠡᠷᠬᠦᠨ ᠥᠷᠨᠢᠵᠦ |
ᠪᠠᠶᠢᠨ᠎ᠠ᠃ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠹᠷᠣᠨᠲ ᠤᠨ ᠬᠢᠨ ᠠᠵᠢᠯ ᠤᠨ ᠬᠦᠴᠦᠯᠡᠬᠦ ᠴᠡᠭ ᠪᠠ |
ᠠᠷᠭᠠᠴᠠᠬᠤ ᠠᠷᠭ᠎ᠠ ᠬᠡᠮᠵᠢᠶ᠎ᠡ ᠪᠠᠨ ᠴᠠᠭ ᠲᠤᠬᠠᠶ ᠳᠤ ᠨᠢ ᠳᠣᠭᠢᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ |
ᠲᠥᠷᠥᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠢᠳᠡᠪᠬᠢᠲᠡᠶ ᠳᠥᠯᠭᠢᠨ ᠠᠬᠢᠭᠤᠯᠪᠠ᠃ |
ᠪᠠᠭᠴᠠᠯᠠᠭᠠᠳ ᠬᠡᠯᠡᠪᠡᠯ᠂ ᠭᠤᠤᠯᠳᠠᠭᠤ ᠭᠤᠷᠪᠠᠨ ᠵᠦᠢᠯ ᠪᠤᠯᠤᠨ᠎ᠠ ᠄ |
ᠨᠢᠭᠡ ᠳᠤ᠂ ᠪᠦᠬᠦ ᠲᠠᠯ᠎ᠠ ᠪᠠᠷ ᠡᠮᠬᠢ ᠵᠢᠷᠤᠮ ᠲᠠᠢ ᠨᠡᠭᠡᠭᠡᠨ᠎ᠡ᠃ 3 ᠳ᠋ᠤᠭᠠᠷ ᠰᠠᠷ᠎ᠠ ᠶᠢᠨ 16 ᠤ ᠡᠳᠦᠷ᠂ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ 103 ᠬᠤᠰᠢᠭᠤ ᠰᠢᠶᠠᠨ ︵ |
ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠢ ᠪᠦᠬᠦᠨ ᠢ ᠳᠣᠤᠷ᠎ᠠ ᠲᠦᠭᠰᠢᠭᠦᠷᠢ |
ᠪᠣᠯᠭᠠᠨ ᠲᠣᠬᠢᠷᠠᠭᠤᠯᠬᠤ ᠪᠠᠷ ᠲᠣᠭᠲᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ |
ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠲᠤᠬᠠᠶ ᠲᠥᠪ ᠤᠨ ᠪᠠ ᠥᠪᠡᠷᠲᠡᠭᠡᠨ |
ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠣᠶᠣᠯ ᠪᠠ ᠵᠢᠭᠤᠯᠴᠢᠯᠠᠯ ᠤᠨ ᠲᠢᠩᠬᠢᠮ |
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠶ ᠡᠵᠡᠮᠳᠡᠵᠦ᠂ ᠠᠵᠢᠯ ᠤᠨ |
ᠬᠦᠴᠦᠯᠡᠬᠦ ᠴᠡᠭ ᠪᠠ ᠠᠷᠭᠠᠴᠠᠬᠤ ᠠᠷᠭ᠎ᠠ ᠬᠡᠮᠵᠢᠶ᠎ᠡ ᠪᠠᠨ ᠴᠠᠭ ᠲᠤᠬᠠᠶ ᠳᠤ ᠨᠢ ᠲᠣᠬᠢᠷᠠᠭᠤᠯᠵᠤ᠂ ᠰᠣᠶᠣᠯ ᠪᠠ |
ᠵᠢᠭᠤᠯᠴᠢᠯᠠᠯ ᠤᠨ ᠠᠵᠢᠯ ᠲᠥᠷᠥᠯ ᠤᠨ ᠠᠵᠢᠯ ᠵᠶ᠋ᠠᠨᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ |
ᠵᠢᠷᠤᠮ ᠲᠠᠢ ᠳᠥᠯᠭᠢᠨ ᠠᠬᠢᠭᠤᠯᠪᠠ᠃ 3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠣᠷᠣᠨ ᠳᠤ |
ᠨᠢᠭᠡᠨᠲᠡ 174 ᠵᠢᠭᠤᠯᠴᠢᠯᠠᠯ ᠤᠨ ᠣᠳᠣᠨ ᠲᠠᠰ ᠤᠨ ᠵᠣᠴᠢᠳ ᠤᠨ ᠪᠠᠭᠤᠳᠠᠯ ᠡᠵᠡᠩᠨᠡᠯᠲᠡ ᠪᠠᠨ ᠰᠡᠷᠭᠦᠭᠡᠵᠦ᠂ |
14804 ᠣᠯᠠᠨ ᠨᠡᠶᠢᠲᠡ ᠶᠢᠨ ᠰᠣᠶᠣᠯ ᠤᠨ ᠲᠠᠯᠠᠪᠤᠷ᠂ 181 ᠵᠢᠭᠤᠯᠴᠢᠯᠠᠯ ᠤᠨ ᠦᠵᠡᠮᠵᠢ ᠶᠢᠨ ᠣᠷᠣᠨ |
ᠨᠡᠭᠡᠭᠡᠯᠲᠡ ᠪᠠᠨ ᠰᠡᠷᠭᠦᠭᠡᠵᠦ᠂ ᠠᠵᠢᠯ ᠰᠡᠷᠭᠦᠭᠡᠭᠰᠡᠨ ᠨᠣᠷᠮ᠎ᠠ ᠨᠢ ᠲᠣᠰ ᠲᠣᠰ 67.18%᠂ 98.25% ᠪᠠ |
38.27% ᠳᠤ ᠬᠦᠷᠴᠦ᠂ ᠤᠯᠠᠷᠢᠯ ᠤᠨ ᠴᠢᠨᠠᠷᠲᠠᠶ ᠬᠦᠴᠦᠨ ᠵᠦᠢᠯ ᠢ ᠡᠰᠡ ᠲᠤᠭᠠᠴᠠᠪᠠᠯ᠂ ︽ᠰᠡᠷᠭᠦᠭᠡᠵᠦ |
ᠳᠡᠶᠢᠯᠬᠦ ᠶᠢ ᠨᠢ ᠰᠡᠷᠭᠦᠭᠡᠵᠦ᠂ ᠰᠡᠷᠭᠦᠭᠡᠬᠦ ᠴᠢᠬᠤᠯᠠᠲᠠᠢ ᠶᠢ ᠨᠢ ᠴᠥᠮ ᠢ ᠰᠡᠷᠭᠦᠭᠡᠬᠦ︾ ᠶᠢ ᠦᠨᠳᠦᠰᠦᠨ ᠳᠤ ᠪᠠᠨ |
ᠪᠡᠶᠡᠯᠡᠭᠦᠯᠵᠦ᠂ ᠬᠡᠪ ᠤᠨ ᠠᠮᠢᠳᠤᠷᠠᠯ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠪᠡ᠃ ᠣᠳᠣᠬᠠᠨ ᠳᠤ ᠬᠠᠷᠠᠬᠠᠨ |
ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠡᠳᠦᠶ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠭᠤᠤᠯ |
ᠴᠣᠭᠴᠠ ᠳᠤ ᠪᠢᠳᠡ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠢ ︽ᠬᠡᠷ ᠲᠤ ᠨᠢ |
ᠣᠴᠢᠵᠤ︾ ᠦᠢᠯᠡᠴᠢᠯᠡᠵᠦ᠂ ᠰᠢᠯᠲᠠᠭᠠᠨ ᠢ ᠨᠢ ᠣᠶᠢᠯᠠᠭᠠᠵᠤ᠂ ᠬᠤᠰᠢᠭᠤᠴᠢᠯᠠᠨ ᠦᠢᠯᠡᠴᠢᠯᠡᠵᠦ᠂ ︽ᠲᠦᠭᠵᠢᠷᠡᠯ |
︾ ᠢ ᠨᠢ ᠨᠡᠪᠲᠡᠷᠡᠭᠦᠯᠵᠦ᠂ ︽ᠲᠠᠰᠤᠷᠬᠠᠶ ᠴᠡᠭ︾ ᠢ ᠨᠢ ᠨᠥᠬᠦᠪᠥᠷᠢᠯᠡᠵᠦ᠂ ᠴᠠᠭ ᠲᠤᠬᠠᠶ ᠳᠤ ᠨᠢ ᠵᠢᠯᠣᠭᠤᠳᠤᠨ |
ᠬᠠᠪᠰᠤᠷᠴᠤ ᠪᠠᠶᠢᠭᠠᠳ ᠠᠵᠢᠯ ᠢ ᠨᠢ ᠰᠡᠷᠭᠦᠬᠡᠯᠭᠡᠬᠦ ᠬᠡᠷᠡᠭᠲᠡᠶ ᠭᠡᠵᠦ ᠱᠠᠭᠠᠷᠳᠠᠪᠠ᠃ |
ᠬᠤᠶᠠᠷ ᠲᠤ᠂ ᠯᠠᠪᠳᠠᠭᠤᠨ ᠪᠠᠲᠤᠲᠠᠶ ᠂ ᠣᠨᠣᠪᠴᠢᠲᠠᠶ ᠰᠡᠷᠭᠡᠶᠢᠯᠡᠨ ᠡᠵᠡᠮᠳᠡᠨ᠎ᠡ᠃ ᠰᠣᠶᠣᠯ ᠤᠨ ᠲᠠᠯᠠᠪᠠᠶ |
ᠣᠷᠳᠣᠨ ᠪᠣᠯᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠭᠡᠭᠡᠯᠲᠡ ᠶᠢ ᠰᠡᠷᠭᠦᠭᠡᠬᠦ ᠶᠢ ᠳᠠᠭᠠᠯᠳᠤᠨ |
ᠬᠥᠮᠦᠰ ᠤᠨ ᠰᠢᠯᠵᠢᠯᠲᠡ ᠪᠣᠯᠤᠨ ᠴᠤᠭᠯᠠᠷᠠᠯ ᠨᠡᠮᠡᠭᠳᠡᠵᠦ᠂ ᠬᠢᠵᠢᠭ ᠤᠨ ᠪᠠᠶᠢᠳᠠᠯ ᠳᠠᠬᠢᠨ ᠨᠡᠮᠡᠭᠳᠡᠵᠦ᠂ |
ᠣᠨᠴᠠᠭᠠᠶᠢᠯᠠᠨ ᠣᠯᠠᠨ ᠤᠯᠤᠰ ᠤᠨ ᠬᠢᠵᠢᠭ ᠤᠨ ᠪᠠᠶᠢᠳᠠᠯ ᠲᠦᠷᠭᠡᠨ ᠳᠡᠯᠭᠡᠷᠡᠬᠦ ᠠᠴᠠ ᠪᠣᠯᠤᠭᠰᠠᠨ ᠤᠷᠤᠵᠤ ᠢᠷᠡᠬᠦ |
ᠪᠤᠯᠤᠮᠵᠢ ᠲᠦᠭᠰᠢᠭᠦᠷᠢ ᠦᠷᠭᠦᠯᠵᠢᠯᠡᠨ ᠨᠡᠮᠡᠭᠳᠡᠵᠦ ᠪᠠᠶᠢᠨ᠎ᠠ᠃ ᠡᠯ᠎ᠡ ᠭᠠᠵᠠᠷ ᠤᠨ ᠬᠢᠨ ᠰᠣᠶᠣᠯ ᠪᠠ ᠵᠢᠭᠤᠯᠴᠢᠯᠠᠯ ᠤᠨ |
ᠶᠠᠮᠤᠨ ᠤ ︽ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶ ᠤ ᠨᠡᠭᠡᠭᠡᠯᠲᠡ ᠶᠢ |
ᠰᠡᠷᠭᠦᠭᠡᠬᠦ ᠠᠵᠢᠯ ᠤᠨ ᠵᠦᠭᠯᠡᠭᠦᠷ︾ ᠂ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠭᠡᠭᠡᠯᠲᠡ ᠳᠤ |
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ︾᠂ ᠤᠯᠤᠰ ᠤᠨ ᠲᠡᠤᠬᠡ ᠶᠢᠨ |
ᠳᠤᠷᠠᠰᠬᠠᠯᠲᠤ ᠵᠦᠢᠯᠡᠰ ᠤᠨ ᠲᠤᠪᠴᠢᠶᠠᠨ ᠤ ︽ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ |
ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠣᠶᠣᠯ ᠮᠥᠽᠸᠢ ᠶᠢᠨ ᠨᠢᠭᠡᠴᠢ ᠶᠢᠨ ᠨᠡᠭᠡᠭᠡᠯᠲᠡ ᠪᠠ |
ᠠᠵᠢᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠱᠠᠭᠠᠷᠳᠠᠯᠭ᠎ᠠ |
ᠶᠣᠰᠣᠭᠠᠷ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠣᠳᠠᠲᠠᠶ |
ᠠᠳᠬᠤᠵᠤ ᠨᠠᠷᠢᠯᠢᠭ ᠠᠳᠬᠤᠵᠤ᠂ ᠬᠦᠴᠦᠯᠡᠨ ᠲᠡᠮᠡᠴᠡᠵᠦ ᠪᠠᠶᠢᠭᠠᠳ ᠰᠠᠶ᠋ᠢ ᠤᠯᠤᠭᠰᠠᠨ ᠬᠢᠵᠢᠭ ᠤᠨ ᠪᠠᠶᠢᠳᠠᠯ ᠢ |
ᠰᠡᠷᠭᠡᠶᠢᠯᠡᠨ ᠡᠵᠡᠮᠳᠡᠬᠦ ᠪᠠᠶᠢᠳᠠᠯ ᠤᠨ ᠰᠠᠶᠢᠵᠢᠷᠠᠯᠲᠠ ᠶᠢ ᠲᠠᠬᠢᠨ ᠪᠤᠴᠠᠭᠤᠯᠬᠤ ᠦᠭᠡᠢ᠃ ᠡᠯ᠎ᠡ ᠭᠠᠵᠠᠷ ᠤᠨ ᠰᠣᠶᠣᠯ |
ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠡᠩᠨᠡᠭᠡ ᠴᠦ |
ᠢᠳᠡᠪᠬᠢᠲᠡᠶ ᠪᠠᠷ ᠬᠥᠳᠡᠯᠦᠯᠴᠡᠵᠦ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ |
ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠬᠢᠵᠢᠭ ᠤᠨ |
ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠶ ᠪᠣᠯ ᠡᠷᠡᠰ ᠰᠢᠭᠤᠷᠬᠠᠶ |
ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠪᠤᠯᠤᠨ᠎ᠠ᠃ |
ᠭᠤᠷᠪᠠ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠎ᠡ᠃ ᠬᠢᠵᠢᠭ ᠤᠨ ᠪᠠᠶᠢᠳᠠᠯ |
ᠡᠭᠦᠰᠦᠭᠰᠡᠨ ᠠᠴᠠ ᠨᠠᠭᠠᠰᠢ᠂ ᠡᠯ᠎ᠡ ᠭᠠᠵᠠᠷ ᠤᠨ ᠣᠳᠣᠨ ᠲᠠᠰ ᠤᠨ ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ |
ᠣᠷᠣᠨ᠂ ᠰᠤᠶᠤᠯ ᠮᠥᠽᠸᠢ ᠶᠢᠨ ᠲᠠᠯᠠᠪᠤᠷ ᠵᠠᠯᠭᠠᠭ᠎ᠠ ᠪᠠᠷ ᠬᠠᠭᠠᠭᠳᠠᠵᠤ᠂ ᠵᠢᠭᠤᠯᠴᠢᠯᠠᠯ ᠤᠨ ᠬᠤᠷᠢᠶ᠎ᠠ ᠵᠢᠴᠢ |
ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠪᠦᠬᠦᠨ ᠢᠶᠠᠷ ᠢᠶᠠᠨ ᠠᠵᠢᠯ ᠢᠶᠠᠨ ᠵᠤᠭᠰᠤᠭᠠᠵᠤ᠂ |
ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠰᠢᠷᠦᠬᠦᠨ ᠢᠶᠠᠷ ᠪᠠᠭᠤᠷᠠᠵᠤ᠂ ᠵᠢᠭᠤᠯᠴᠢᠯᠠᠯ ᠤᠨ ᠦᠢᠯᠡᠰ |
ᠨᠡᠯᠢᠶᠡᠳ ᠶᠡᠭᠡ ᠳᠠᠭᠠᠷᠢᠯᠲᠠ ᠳᠤ ᠤᠴᠠᠷᠠᠵᠠᠶ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠬᠢᠵᠢᠭ ᠤᠨ |
ᠪᠠᠶᠢᠳᠠᠯ ᠳᠤ ᠨᠥᠯᠥᠭᠡᠯᠡᠭᠳᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠲᠠᠢ ᠳᠤᠮᠳᠠ ᠪᠠᠭ᠎ᠠ ᠠᠵᠤ |
ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ |
ᠵᠠᠯᠭᠠᠭ᠎ᠠ ᠪᠠᠷ ᠨᠡᠶᠢᠲᠡᠯᠡᠪᠡ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠢᠳᠡᠪᠬᠢᠲᠡᠶ ᠪᠠᠷ |
ᠴᠤᠤᠷᠢᠶᠠᠲᠤᠨ ᠳᠠᠭᠠᠵᠤ᠂ ᠮᠥᠩᠭᠦᠨ ᠬᠦᠢᠯᠭᠡᠭᠡᠨ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠨᠡᠶᠢᠭᠡᠮ ᠤᠨ |
ᠪᠠᠲᠤᠯᠠᠭ᠎ᠠ ᠵᠡᠷᠭᠡ ᠰᠠᠯᠠᠭ᠎ᠠ ᠮᠥᠴᠢᠷ ᠯᠦᠭᠡ ᠨᠢᠭᠲᠠ ᠨᠡᠪᠲᠡᠷᠡᠯᠴᠡᠵᠦ᠂ ᠰᠣᠶᠣᠯ ᠪᠠ ᠵᠢᠭᠤᠯᠴᠢᠯᠠᠯ ᠤᠨ ᠠᠵᠤ |
ᠠᠬᠤᠶᠢᠯᠠᠯ ᠪᠠ ᠨᠢᠭᠡᠴᠢ ᠶᠢ ᠵᠢᠯᠣᠭᠤᠳᠤᠨ ᠬᠠᠪᠰᠤᠷᠴᠤ ᠪᠠᠶᠢᠭᠠᠳ ᠤᠯᠤᠰ ᠪᠠ ᠥᠪᠡᠷᠲᠡᠭᠡᠨ ᠵᠠᠰᠠᠬᠤ ᠣᠷᠣᠨ ᠤ |
ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠬᠠᠮᠢᠶ᠎ᠠ ᠪᠦᠬᠦᠢ |
ᠲᠥᠷᠥ ᠶᠢᠨ ᠪᠣᠳᠣᠯᠭ᠎ᠠ ᠶᠢ ᠬᠦᠢᠴᠡᠳ ᠠᠰᠢᠭᠯᠠᠭᠤᠯᠵᠤ ᠰᠠᠶᠢᠲᠤᠷ ᠠᠰᠢᠭᠯᠠᠭᠤᠯᠵᠤ᠂ ᠰᠣᠶᠣᠯ ᠪᠠ ᠵᠢᠭᠤᠯᠴᠢᠯᠠᠯ ᠤᠨ |
ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠪᠠ ᠦᠢᠯᠡᠳᠪᠦᠷᠢᠯᠡᠯ ᠢᠶᠠᠨ ᠰᠡᠷᠭᠦᠭᠡᠬᠦ ᠶᠠᠪᠤᠴᠠ ᠳᠤ ᠬᠢ ᠬᠦᠴᠢᠷᠳᠡᠯ |
ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ |
ᠬᠠᠮᠤᠭ ᠤᠨ ᠳᠣᠤᠷ᠎ᠠ ᠬᠡᠮᠵᠢᠶ᠎ᠡ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠪᠡ᠃ ᠵᠢᠱᠢᠶᠡᠯᠡᠪᠡᠯ᠂ 2 ᠳ᠋ᠤᠭᠠᠷ |
ᠰᠠᠷ᠎ᠠ ᠶᠢᠨ 5 ᠤ ᠡᠳᠦᠷ ᠰᠣᠶᠣᠯ ᠪᠠ ᠵᠢᠭᠤᠯᠴᠢᠯᠠᠯ ᠤᠨ ᠶᠠᠮᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ |
ᠴᠢᠨᠠᠷ ᠤᠨ ᠬᠡᠰᠡᠭ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠵᠤ᠂ ᠵᠢᠭᠤᠯᠴᠢᠯᠠᠯ ᠤᠨ ᠬᠤᠷᠢᠶᠠᠨ ᠤ ᠣᠳᠣᠬᠠᠨ ᠤ |
ᠡᠵᠡᠩᠨᠡᠯᠲᠡ ᠶᠢᠨ ᠬᠦᠴᠢᠷᠳᠡᠯ ᠢ ᠠᠷᠭᠠᠴᠠᠬᠤ ᠶᠢ ᠳᠡᠮᠵᠢᠨ᠎ᠡ ᠭᠡᠵᠡᠶ᠃ ᠡᠯ᠎ᠡ ᠭᠠᠵᠠᠷ ᠤᠨ ᠰᠣᠶᠣᠯ ᠪᠠ |
ᠵᠢᠭᠤᠯᠴᠢᠯᠠᠯ ᠤᠨ ᠰᠠᠯᠠᠭ᠎ᠠ ᠮᠥᠴᠢᠷ ᠢᠳᠡᠪᠬᠢᠲᠡᠶ ᠨᠠᠶᠢᠳᠠᠪᠤᠷᠢᠵᠢᠭᠤᠯᠵᠤ᠂ 3 ᠳ᠋ᠤᠭᠠᠷ ᠰᠠᠷ᠎ᠠ ᠶᠢᠨ 20 ᠤ ᠡᠳᠦᠷ |
ᠪᠣᠯᠲᠠᠯ᠎ᠠ᠂ ᠪᠥᠬᠦ ᠣᠷᠣᠨ ᠳᠤ ᠨᠢᠭᠡᠨᠲᠡ 903 ᠵᠢᠭᠤᠯᠴᠢᠯᠠᠯ ᠤᠨ ᠬᠤᠷᠢᠶᠠᠨ ᠳᠤ 1.43 ᠳ᠋ᠦᠩᠰᠢᠭᠤᠷ ᠲᠥᠭᠦᠷᠢᠭ |
ᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠪᠠ᠃ |
ᠬᠢᠵᠢᠭ ᠤᠨ ᠪᠠᠶᠢᠳᠠᠯ ᠤᠨ ᠳᠠᠷᠠᠭᠠᠬᠢ ᠣᠯᠠᠨ ᠲᠦᠮᠡᠨ ᠤ ᠲᠠᠰᠤᠷᠠᠯᠲᠠ ᠤᠢᠭᠡᠢ ᠥᠷᠨᠢᠵᠦ ᠪᠠᠶᠢᠭ᠎ᠠ ᠰᠣᠶᠣᠯ |
ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠪᠢᠳᠡ ᠵᠢᠭᠤᠯᠴᠢᠯᠠᠯ ᠤᠨ ᠦᠢᠯᠡᠰ ᠢ |
ᠰᠡᠷᠭᠦᠭᠡᠨ ᠬᠥᠭᠵᠢᠭᠦᠯᠬᠦ ᠠᠵᠢᠯ ᠤᠨ ᠨᠠᠷᠢᠨ ᠲᠥᠰᠦᠪ ᠢ ᠵᠣᠬᠢᠶᠠᠨ ᠪᠠᠶᠢᠭᠤᠯᠤᠨ ᠲᠣᠭᠲᠠᠭᠠᠪᠠ᠃ ᠲᠠᠷᠠᠭᠠᠴᠢ ᠶᠢᠨ |
ᠠᠯᠬᠤᠮ ᠳᠤ᠂ ᠪᠢᠳᠡ ᠤᠨᠴᠠᠯᠢᠬᠳᠤ ᠵᠢᠭᠤᠯᠴᠢᠯᠠᠯ ᠤᠨ ᠪᠦᠲᠦᠭᠡᠭᠳᠡᠬᠦᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ |
ᠰᠣᠶᠣᠯ ᠵᠢᠭᠤᠯᠴᠢᠯᠠᠯ ᠤᠨ ᠣᠯᠠᠨ ᠠᠵᠤ ᠦᠢᠯᠡᠰ᠂ ᠣᠯᠠᠨ ᠬᠦᠷᠢᠶ᠎ᠡ ᠴᠠᠷᠠᠭ᠎ᠠ ᠶᠢ ᠠᠭᠤᠰᠤᠯᠴᠠᠭᠤᠯᠤᠨ |
ᠨᠡᠪᠲᠡᠷᠡᠯᠴᠡᠭᠰᠡᠨ ᠰᠡᠯᠡᠭᠦᠴᠡᠯ ᠤᠨ ᠬᠡᠷᠡᠭᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠰᠣᠶᠣᠯ ᠤᠨ ᠠᠵᠤ |
ᠦᠢᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ |
ᠣᠷᠣᠨ ᠢ ᠡᠭᠦᠳᠦᠨ ᠪᠠᠶᠢᠭᠤᠯᠤᠨ᠎ᠠ︔ ᠰᠣᠶᠣᠯ ᠵᠢᠭᠤᠯᠴᠢᠯᠠᠯ ᠤᠨ ᠰᠦᠯᠵᠢᠶᠡᠨ ᠤ ᠬᠡᠷᠡᠭᠯᠡᠭᠡ᠂ ᠵᠠᠬᠢᠶᠠᠯᠠᠭ᠎ᠠ ᠶᠢᠨ |
ᠬᠡᠷᠡᠭᠯᠡᠭᠡ᠂ ᠪᠡᠶᠡᠴᠢᠯᠡᠨ ᠣᠶᠢᠯᠠᠭᠠᠬᠤ ᠬᠡᠷᠡᠭᠯᠡᠭᠡ ᠵᠡᠷᠭᠡ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠢᠳᠡᠪᠬᠢᠲᠡᠢ |
ᠪᠤᠶᠢᠵᠢᠭᠤᠯᠤᠨ᠎ᠠ︔ ᠰᠤᠳᠤᠯᠤᠨ ᠰᠤᠷᠤᠯᠴᠠᠬᠤ ᠵᠢᠭᠤᠯᠴᠢᠯᠠᠯ᠂ ᠵᠠᠩ ᠦᠢᠯᠡ ᠶᠢᠨ ᠵᠢᠭᠤᠯᠴᠢᠯᠠᠯ᠂ ᠬᠤᠪᠢᠰᠬᠠᠯᠲᠤ |
ᠵᠢᠭᠤᠯᠴᠢᠯᠠᠯ ᠵᠡᠷᠭᠡ ᠰᠣᠶᠣᠯ ᠤᠨ ᠪᠡᠶᠡᠴᠢᠯᠡᠨ ᠣᠶᠢᠯᠠᠭᠠᠬᠤ ᠵᠢᠭᠤᠯᠴᠢᠯᠠᠯ ᠢ ᠵᠣᠷᠢᠭᠵᠢᠭᠤᠯᠵᠤ᠂ ᠬᠢᠯᠢ ᠶᠢᠨ ᠳᠣᠲᠣᠷ᠎ᠠ |
ᠭᠠᠳᠠᠨᠠᠬᠢ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠨᠢᠭᠡ ᠪᠦᠯᠦᠭ ᠵᠢᠭᠤᠯᠴᠢᠯᠠᠯ ᠤᠨ ᠵᠠᠮ |
ᠱᠤᠭᠤᠮ᠂ ᠵᠢᠭᠤᠯᠴᠢᠯᠠᠯ ᠤᠨ ᠵᠤᠷᠢᠯᠲᠠ ᠭᠠᠵᠠᠷ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠵᠢᠴᠢ |
ᠦᠨᠳᠦᠰᠦᠲᠡᠨ ᠤ ᠤᠨᠴᠠᠯᠢᠭᠲᠦ ᠪᠦᠲᠦᠭᠡᠯᠴᠢ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠦᠨ᠎ᠡ᠃ ᠪᠢᠳᠡ |
ᠬᠡᠷᠡᠭᠯᠡᠭᠡᠨ ᠤ ᠳᠥᠭᠦᠮ ᠳᠥᠲᠡ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ᠤᠨᠰᠢᠨ᠎ᠡ ᠶᠢ |
ᠡᠭᠦᠳᠬᠦ ᠳᠡᠯᠭᠡᠭᠦᠷ᠂ ᠣᠨᠴᠠᠯᠢᠭᠲᠤ ᠨᠣᠮ ᠤᠨ ᠳᠡᠯᠭᠡᠭᠦᠷ᠂ ᠰᠣᠶᠣᠯ ᠴᠡᠩᠭᠡᠯ ᠤᠨ ᠲᠠᠯᠠᠪᠤᠷ ᠵᠡᠷᠭᠡ ᠣᠯᠠᠨ |
ᠵᠦᠢᠯ ᠤᠨ ᠡᠵᠡᠩᠨᠡᠯᠲᠡ ᠶᠢᠨ ᠬᠡᠯᠪᠡᠷᠢ ᠶᠢᠨ ᠬᠡᠷᠡᠭᠯᠡᠭᠡᠨ ᠤ ᠴᠤᠭᠯᠠᠷᠠᠯ ᠤᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ |
ᠰᠣᠶᠣᠯ ᠤᠨ ᠬᠡᠷᠡᠭᠯᠡᠭᠡ ᠶᠢ ᠡᠯ᠎ᠡ ᠲᠥᠷᠥᠯ ᠤᠨ ᠬᠡᠷᠡᠭᠯᠡᠭᠡᠨ ᠤ ᠲᠠᠯᠠᠪᠤᠷ ᠲᠤ ᠰᠢᠭᠢᠳᠬᠡᠨ ᠣᠷᠣᠭᠤᠯᠵᠤ᠂ ᠨᠡᠶᠢᠭᠡᠮ |
ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ ᠣᠯᠠᠨ ᠲᠦᠮᠡᠨ ᠤ |
ᠳᠡᠷᠭᠡᠳᠡᠬᠢ ᠰᠣᠶᠣᠯ ᠤᠨ ᠬᠡᠷᠡᠭᠯᠡᠭᠡᠨ ᠤ ᠲᠣᠤᠷ ᠢ ᠪᠠᠶᠢᠭᠤᠯᠤᠨ᠎ᠠ︔ ᠬᠠᠤᠯᠢ ᠲᠣᠭᠲᠠᠭᠠᠯ ᠶᠣᠰᠣᠭᠠᠷ ᠤᠯᠠᠮᠵᠢᠯᠠᠯᠲᠤ |
ᠲᠣᠭᠯᠠᠯᠲᠠ ᠶᠢᠨ ᠲᠠᠯᠠᠪᠤᠷ ᠭᠠᠵᠠᠷ ᠪᠠ ᠮᠦᠽᠧᠶ ᠶᠢᠨ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ |
ᠵᠣᠷᠢᠭᠵᠢᠭᠤᠯᠵᠤ᠂ ᠢᠳᠡᠭᠡᠨ ᠤᠮᠳᠠᠭᠠᠨ ᠤ ᠲᠣᠭᠤᠷᠢᠭ᠂ ᠠᠮᠠᠷᠠᠬᠤ ᠲᠣᠭᠤᠷᠢᠭ᠂ ᠰᠣᠶᠣᠯ ᠤᠨ ᠡᠭᠦᠳᠦᠯᠲᠡ ᠶᠢᠨ |
ᠪᠦᠲᠦᠭᠡᠭᠳᠡᠬᠦᠨ ᠢ ᠳᠡᠯᠭᠡᠨ ᠦᠵᠡᠭᠦᠯᠵᠦ ᠬᠤᠳᠠᠯᠳᠤᠬᠤ ᠲᠤᠭᠤᠷᠢᠭ ᠢ ᠵᠦᠶ ᠵᠣᠬᠢᠰᠲᠠᠶ ᠲᠥᠬᠦᠷᠵᠢᠭᠦᠯᠦᠨ᠂ ᠨᠠᠩ |
ᠴᠢᠨᠠᠷ ᠰᠠᠶᠢᠲᠠᠶ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠤᠯᠭᠠᠨ᠎ᠠ︔ ︽ᠢᠨᠲ᠋ᠧᠷ ᠰᠦᠯᠵᠢᠶ᠎ᠡ + ᠵᠢᠭᠤᠯᠴᠢᠯᠠᠯ︾ |
ᠢ ᠲᠦᠷᠭᠡᠳᠬᠡᠨ ᠠᠬᠢᠭᠤᠯᠵᠤ᠂ ᠣᠶᠤᠨᠴᠢ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ |
᠂ ᠴᠠᠭ ᠲᠤᠬᠠᠢ ᠳᠤ ᠨᠢ ᠬᠢᠨᠠᠨ ᠬᠡᠮᠵᠢᠬᠦ᠂ ᠰᠢᠨᠵᠢᠯᠡᠬᠦ ᠤᠬᠠᠭᠠᠨᠴᠢ ᠪᠠᠷ ᠬᠥᠲᠦᠯᠦᠨ ᠵᠢᠯᠣᠭᠤᠳᠬᠤ ᠣᠶᠤᠨᠴᠢ |
ᠦᠢᠯᠡᠴᠢᠯᠡᠭᠡ ᠶᠢ ᠪᠡᠶᠡᠯᠡᠭᠦᠯᠦᠨ᠎ᠡ᠃ ᠪᠢᠳᠡ ᠠᠮᠠᠷᠠᠯᠲᠠ ᠶᠢᠨ ᠡᠳᠦᠷ ᠪᠠ ᠰᠥᠨᠢ ᠶᠢᠨ ᠠᠵᠤ ᠠᠬᠤᠶ ᠶᠢ ᠲᠠᠰᠤᠷᠠᠯᠲᠠ |
ᠥᠬᠡᠶ ᠴᠡᠴᠡᠭᠯᠡᠭᠦᠯᠦᠨ ᠬᠥᠭᠵᠢᠭᠦᠯᠵᠦ᠂ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠣᠷᠭᠢᠯ ᠤᠨ |
ᠬᠤᠭᠤᠴᠠᠭᠠᠨ ᠳᠤ ᠵᠢᠭᠤᠯᠴᠢᠯᠠᠯ ᠤᠨ ᠬᠡᠷᠡᠭᠯᠡᠭᠡ ᠲᠥᠪᠯᠡᠷᠡᠬᠦ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ᠨᠢᠭᠡ |
ᠪᠦᠯᠦᠭ ᠬᠡᠪᠰᠢᠭᠰᠡᠨ᠂ ᠤᠨᠴᠠᠯᠢᠭᠵᠢᠭᠰᠠᠨ ᠰᠥᠨᠢ ᠶᠢᠨ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ |
ᠲᠥᠰᠦᠯ ᠢ ᠲᠥᠪᠯᠡᠷᠡᠭᠦᠯᠦᠨ ᠨᠡᠭᠡᠭᠡᠵᠦ᠂ ᠨᠠᠩ ᠣᠯᠠᠨ ᠰᠥᠨᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ︵ |
ᠦᠢᠯᠡᠳᠬᠦᠨ︶ ᠶᠢᠨ ᠨᠠᠷᠠᠲᠤ ᠲᠡᠮᠳᠡᠭ ᠢ ᠪᠣᠶ ᠪᠣᠯᠭᠠᠨ᠎ᠠ᠃ ᠠᠮᠤᠷ ᠲᠦᠪᠰᠢᠨ ᠢ ᠪᠠᠲᠤᠯᠠᠵᠦ᠂ ᠠᠷᠠᠳ ᠢ ᠦᠢᠮᠡᠬᠦᠯᠬᠦ |
ᠠᠴᠠ ᠵᠠᠶᠢᠯᠠᠰᠬᠢᠭ᠍ᠰᠡᠨ ᠪᠠᠶᠢᠳᠠᠯ ᠳᠣᠤᠷ᠎ᠠ᠂ ᠨᠥᠬᠦᠴᠡᠯ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠤ |
ᠰᠥᠨᠢ ᠪᠠᠷ ᠵᠢᠭᠤᠯᠴᠢᠯᠠᠬᠤ ᠦᠢᠯᠡᠴᠢᠯᠡᠭᠡ ᠥᠷᠨᠢᠭᠦᠯᠬᠦ ᠶᠢ ᠵᠤᠷᠢᠭᠵᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ |
ᠲᠠᠯᠠᠪᠤᠷ ᠤᠨ ᠰᠥᠨᠢ ᠶᠢᠨ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠤᠷᠠᠯᠢᠭ ᠤᠨ ᠲᠤᠭᠯᠠᠯᠲᠠ ᠵᠡᠷᠭᠡ |
ᠦᠢᠯᠡᠴᠢᠯᠡᠭᠡ ᠶᠢ ᠰᠢᠯᠢᠳᠡᠭᠵᠢᠭᠦᠯᠵᠦ᠂ ᠰᠥᠨᠢ ᠶᠢᠨ ᠰᠣᠶᠣᠯ ᠤᠨ ᠲᠣᠭᠯᠠᠯᠲᠠ ᠶᠢᠨ ᠵᠠᠬ᠎ᠠ ᠳᠡᠯᠭᠡᠭᠦᠷ ᠢ |
ᠪᠠᠶᠠᠯᠢᠭᠵᠢᠭᠤᠯᠤᠨ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ ᠶᠢᠨ ᠰᠥᠨᠢ ᠪᠠᠷ ᠨᠡᠭᠡᠭᠡᠬᠦ ᠶᠢ |
ᠵᠣᠷᠢᠭᠵᠢᠭᠤᠯᠵᠤ᠂ ᠨᠢᠭᠡ ᠪᠦᠯᠦᠭ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠤᠷᠢᠭᠤᠰᠢᠲᠠᠢ ᠭᠠᠵᠠᠷ ᠢ |
ᠪᠤᠢ ᠪᠤᠯᠭᠠᠨ᠎ᠠ᠃ |