ᠬᠠᠳᠤᠨ ᠭᠤᠤᠯ ᠪᠣᠯ ᠨᠢᠭᠡᠨ ᠪᠠᠳᠠᠭ ᠳᠠᠭᠤᠤ᠂ ᠬᠠᠳᠤᠨ ᠭᠤᠤᠯ ᠪᠣᠯ ᠨᠢᠭᠡᠨ ᠱᠠᠳ ᠰᠢᠯᠦᠭ᠂ ᠬᠠᠳᠤᠨ |
ᠭᠤᠤᠯ ᠪᠣᠯ ᠨᠢᠭᠡᠨ ᠭᠤᠶᠢᠲᠠ ᠵᠢᠷᠤᠭ… |
ᠬᠥᠬᠡᠨᠠᠭᠤᠷ ᠲᠥᠪᠡᠳ ᠤᠨ ᠥᠨᠳᠦᠷᠯᠢᠭ ᠠᠴᠠ ᠳᠠᠪᠠᠯᠭᠠᠯᠠᠨ ᠪᠠᠭᠤᠵᠤ ᠳᠣᠯᠭᠢᠶᠠᠯᠠᠨ ᠤᠷᠤᠰᠬᠤ ᠬᠠᠳᠤᠨ |
ᠭᠤᠣᠯ᠂ ᠨᠢᠩᠰᠢᠶᠠ ᠦᠪᠦᠷ ᠮᠣᠩᠭᠤᠯ ᠤᠨ ᠵᠠᠭᠠᠭ ᠲᠤ ᠬᠢ ᠲᠤᠰᠳᠤ ᠭᠤᠣᠯ ᠤᠨ ᠬᠤᠭᠤᠯᠠᠢ ᠢᠶᠠᠷ ᠥᠪᠥᠷ |
ᠮᠣᠩᠭᠤᠯ ᠳᠤ ᠤᠷᠤᠰᠤᠨ ᠣᠷᠣᠵᠤ᠂ ᠬᠥᠪᠴᠢ᠂ ᠤᠯᠠᠭᠠᠨᠪᠤᠬ᠎ᠠ ᠬᠤᠶᠠᠷ ᠶᠡᠭᠡ ᠡᠯᠡᠰᠦᠨ ᠴᠦᠯ ᠤᠨ |
ᠬᠤᠭᠤᠷᠤᠨᠳᠤᠭᠤᠷ ᠥᠩᠭᠡᠷᠡᠵᠦ᠂ ᠰᠢᠭᠤᠳ ᠤᠮᠠᠷᠠᠰᠢ ᠤᠷᠤᠰᠤᠭᠠᠳ᠂ ᠮᠤᠨᠢ ᠠᠭᠤᠯᠠ ᠨᠢᠷᠤᠭᠤ ᠠᠴᠠ ᠵᠡᠭᠦᠨᠰᠢ |
ᠲᠠᠬᠢᠨ ᠡᠮᠦᠨᠡᠰᠢ ᠮᠤᠷᠤᠯᠵᠠᠨ ᠤᠷᠤᠰᠴᠤ᠂ ᠮᠤᠨᠢ ᠠᠭᠤᠯᠠ ᠶᠢᠨ ᠡᠮᠦᠨ᠎ᠡ ᠬᠤᠷᠮᠣᠢ ᠪᠠ ᠤᠷᠳᠤᠰ ᠤᠨ ᠥᠨᠳᠦᠷᠯᠢᠭ |
ᠤᠨ ᠬᠤᠭᠤᠷᠣᠨᠳᠣ ᠯᠤᠲᠤ ᠶᠡᠭᠡ《几 ᠦᠰᠦᠭᠲᠦ ᠲᠤᠬᠤᠢ 》 ᠶᠢ ᠪᠤᠢ ᠪᠣᠯᠭᠠᠪᠠ᠃ ᠵᠠᠭᠤ ᠮᠢᠩᠭᠠᠨ ᠵᠢᠯ ᠤᠨ |
ᠲᠤᠷᠰᠢ᠂ ᠦᠨᠳᠦᠰᠦᠲᠡᠨ ᠨᠦᠭᠦᠳ ᠤᠨ ᠠᠷᠠᠳ ᠲᠦᠮᠡᠨ ᠡᠨᠡ ᠬᠦ ᠪᠠᠶᠠᠨ ᠲᠠᠩᠰᠤᠭ᠂ ᠷᠣᠮᠠᠨᠲ᠋ᠢᠭ᠂ ᠬᠠᠶᠢᠷ᠎ᠠ |
ᠰᠡᠳᠬᠢᠯᠭᠡ ᠪᠢᠯᠬᠠᠭᠰᠠᠨ《几 ᠦᠰᠦᠭᠲᠦ ᠲᠤᠬᠤᠢ 》 ᠳᠤ ᠬᠠᠲᠤᠨ ᠭᠤᠤᠯ ᠤᠨ ᠪᠣᠯᠪᠠᠰᠤᠨ ᠢ ᠡᠭᠦᠳᠦᠨ |
ᠪᠦᠲᠦᠭᠡᠵᠦ᠂ ᠬᠠᠲᠤᠨ ᠭᠤᠤᠯ ᠤᠨ ᠰᠣᠶᠣᠯ ᠢ ᠪᠠᠶᠠᠯᠢᠭᠵᠢᠭᠤᠯᠵᠤ᠂ ᠬᠠᠲᠤᠨ ᠭᠤᠤᠯ ᠤᠨ ᠤᠳᠬ᠎ᠠ ᠵᠣᠬᠢᠶᠠᠯ ᠢ |
ᠪᠢᠴᠢᠭᠯᠡᠵᠦ᠂ ᠬᠠᠲᠤᠨ ᠭᠤᠤᠯ ᠤᠨ ᠥᠯᠢᠭᠡᠷ ᠢ ᠶᠠᠷᠢᠵᠤ ᠪᠠᠶᠢᠨ᠎ᠠ… |
ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠲᠡᠷᠢᠭᠦᠯᠡᠭᠴᠢ ᠮᠠᠤ ᠽᠧ ᠳ᠋ᠦᠩ《 |
ᠬᠠᠳᠤᠨ ᠭᠤᠣᠯ ᠤᠨ ᠶᠠᠪᠤᠳᠠᠯ ᠢ ᠰᠠᠶᠢᠲᠤᠷ ᠬᠢᠬᠦ ᠬᠡᠷᠡᠭᠲᠡᠢ 》ᠭᠡᠰᠡᠨ ᠤᠷᠢᠶᠠᠯᠠᠭ᠎ᠠ ᠭᠠᠷᠭᠠᠪᠠ᠂ 1959 ᠣᠨ ᠳᠤ |
᠂《 ᠲᠦᠮᠡᠨ ᠭᠠᠵᠠᠷ ᠤᠨ ᠬᠠᠳᠤᠨ ᠭᠤᠣᠯ ᠤᠨ ᠨᠢᠭᠡᠳᠦᠭᠡᠷ ᠬᠠᠭᠠᠯᠲᠠ 》ᠬᠡᠮᠡᠭᠳᠡᠭᠰᠡᠨ ᠬᠠᠳᠤᠨ ᠭᠤᠣᠯ ᠤᠨ ᠰᠠᠨ |
ᠱᠧᠩ ᠬᠦᠩ ᠤᠰᠤᠨ ᠠᠰᠢᠭᠯᠠᠯᠲᠠ ᠶᠢᠨ ᠬᠦᠢᠰᠦ ᠥᠪᠥᠷ ᠮᠣᠩᠭᠤᠯ ᠳᠤ ᠪᠠᠶᠢᠭᠤᠯᠤᠭᠳᠠᠪᠠ᠂ ᠡᠨᠡ ᠪᠣᠯ ᠠᠽᠢᠶ᠎ᠠ |
ᠲᠢᠪ ᠤᠨ ᠬᠠᠮᠤᠭ ᠤᠨ ᠲᠤᠮᠤ ᠲᠠᠯ᠎ᠠ ᠭᠠᠵᠠᠷ ᠤᠨ ᠤᠰᠤ ᠲᠠᠲᠠᠬᠤ ᠤᠰᠤᠯᠠᠯᠲᠠ ᠶᠢᠨ ᠣᠷᠣᠨ ᠪᠣᠯᠬᠤ ᠪᠥᠭᠡᠳ |
ᠬᠠᠳᠤᠨ ᠭᠤᠣᠯ ᠤᠨ ᠴᠤᠷ ᠤᠨ ᠭᠠᠭᠴᠠ ᠤᠰᠤᠯᠠᠯᠲᠠ ᠪᠠᠷ ᠭᠤᠣᠯ ᠪᠣᠯᠭᠠᠭᠰᠠᠨ ᠲᠤᠮᠤ ᠬᠡᠯᠪᠡᠷᠢ ᠶᠢᠨ ᠲᠠᠯ᠎ᠠ ᠭᠠᠵᠠᠷ |
ᠤᠨ ᠬᠠᠰᠢᠯᠭ᠎ᠠ ᠶᠢᠨ ᠢᠨᠵᠧᠨᠧᠷᠢᠩ ᠪᠣᠯᠤᠨ᠎ᠠ᠃ |
2019 ᠣᠨ ᠳᠤ᠂ ᠨᠠᠮ ᠤᠨ ᠲᠥᠪ ᠬᠤᠷᠢᠶ᠎ᠠ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ |
ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠥᠪᠥᠷ |
ᠮᠣᠩᠭᠤᠯ ᠴᠢᠩᠭ᠎ᠠ ᠲᠤᠯᠭᠠᠮ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠥᠪᠥᠷ ᠮᠣᠩᠭᠤᠯ ᠤᠨ ᠬᠠᠲᠤᠨ ᠭᠤᠤᠯ ᠤᠨ |
ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠪᠠ᠃ |
ᠬᠠᠲᠤᠨ ᠭᠤᠤᠯ ᠤᠨ ᠰᠣᠶᠣᠯ ᠢ ᠬᠡᠷᠬᠢᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ |
ᠢ ᠬᠡᠷᠬᠢᠨ ᠰᠠᠶᠢᠲᠤᠷ ᠶᠠᠷᠢᠬᠤ ᠲᠤᠬᠠᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ |
ᠹᠧᠩ ᠣᠶᠢᠷ᠎ᠠ ᠳᠤ ᠳᠤᠮᠳᠠᠳᠤ ᠤᠯᠤᠰ ᠤᠨ ᠰᠣᠶᠣᠯ ᠤᠨ ᠰᠣᠨᠢᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃ |
ᠠᠰᠠᠭᠤᠯᠲᠠ᠄ 2019 ᠣᠨ ᠤ 9 ᠳ᠋ᠤᠭᠡᠷ ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ |
ᠾᠧᠨᠠᠨ ᠮᠤᠵᠢ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ |
ᠬᠥᠭᠵᠢᠯᠲᠡ ᠶᠢᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠡᠷᠡ ᠶᠠᠷᠢᠶᠠᠨ ᠳᠤ ᠪᠠᠨ ᠤᠷᠢᠳ |
ᠬᠤᠵᠢᠳ ᠥᠪᠥᠷ ᠮᠣᠩᠭᠤᠯ ᠤᠨ ᠤᠯᠠᠭᠠᠨᠰᠤᠬᠠᠢ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ᠂ ᠬᠥᠪᠴᠢ ᠵᠡᠷᠭᠡ |
ᠭᠠᠵᠠᠷ ᠢ ᠳᠤᠷᠠᠳᠴᠠᠢ᠂ ᠡᠨᠡ ᠪᠣᠯ ᠶᠡᠷᠦᠩᠬᠡᠢ ᠱᠦᠵᠢ ᠥᠪᠥᠷ ᠮᠣᠩᠭᠤᠯ ᠳᠤ ᠥᠭᠭᠦᠭᠰᠡᠨ ᠯᠤᠲᠤ ᠶᠡᠭᠡ ᠬᠠᠯᠠᠮᠵᠢᠯᠠᠯ |
ᠪᠣᠯᠤᠨ᠎ᠠ᠃ 3 ᠵᠢᠯ ᠤᠨ ᠲᠤᠷᠰᠢ᠂ ᠥᠪᠥᠷ ᠮᠣᠩᠭᠤᠯ ᠡᠨᠡ ᠬᠡᠳᠦᠨ ᠭᠠᠵᠠᠷ ᠣᠷᠣᠨ ᠤ ᠬᠠᠲᠤᠨ ᠭᠤᠤᠯ ᠤᠨ |
ᠰᠣᠶᠣᠯ ᠢ ᠠᠭᠤᠳᠠᠯᠤᠨ ᠪᠠᠳᠠᠷᠠᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠ ᠢᠯᠡᠳᠲᠡ ᠠᠮᠵᠢᠯᠲᠠ |
ᠪᠦᠲᠦᠮᠵᠢ ᠣᠯᠤᠭᠰᠠᠨ ᠪᠣᠶ︖ |
ᠬᠠᠷᠢᠭᠤᠯᠲᠠ᠄ ᠬᠠᠳᠤᠨ ᠭᠤᠣᠯ ᠤᠨ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠴᠢᠬᠤᠯᠠ ᠪᠦᠷᠢᠯᠳᠦᠬᠦᠨ |
ᠬᠡᠰᠡᠭ ᠮᠥᠨ᠂ ᠮᠠᠨ ᠤ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠃ 2019 |
ᠣᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ |
ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ |
ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ |
ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠬᠤ ᠠᠵᠢᠯ ᠢ ᠶᠡᠭᠡ ᠪᠠᠷ |
ᠠᠬᠢᠭᠤᠯᠪᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠢᠳᠡᠪᠬᠢᠲᠡᠢ ᠲᠥᠯᠥᠪᠵᠢᠭᠦᠯᠦᠨ |
ᠵᠢᠯᠣᠭᠤᠳᠴᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠢᠮᠠᠭᠲᠠ |
ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ |
ᠬᠥᠭᠵᠢᠯᠲᠡ ᠶᠢ ᠡᠷᠡᠰ ᠭᠤᠶᠢᠪᠢᠰᠢ ᠦᠭᠡᠢ ᠰᠠᠶᠢᠲᠤᠷ ᠬᠢᠪᠡ᠃《 ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ 》ᠪᠠ《 |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ〈几 ᠦᠰᠦᠭᠲᠦ ᠲᠤᠬᠤᠢ 〉 |
ᠶᠢᠨ ᠰᠣᠶᠣᠯ ᠵᠢᠭᠤᠯᠴᠢᠯᠠᠯ ᠤᠨ ᠵᠠᠩ ᠦᠶᠯᠡ ᠶᠢᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ |
ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠵᠤ᠂ ᠪᠣᠷᠣᠲᠣᠬᠤᠶ ᠶᠢᠨ ᠲᠠᠯ᠎ᠠ ᠭᠠᠵᠠᠷ ᠤᠨ ᠵᠢᠭᠤᠯᠴᠢᠯᠠᠯ ᠤᠨ |
ᠰᠦᠷᠦᠭᠵᠢᠯ᠂ ᠬᠥᠪᠴᠢ ᠶᠢᠨ ᠡᠯᠡᠰᠦᠨ ᠤ ᠵᠢᠭᠤᠯᠴᠢᠯᠠᠯ ᠤᠨ ᠰᠦᠷᠦᠭᠵᠢᠯ ᠢ ᠲᠥᠯᠥᠪᠵᠢᠭᠦᠯᠦᠨ ᠲᠥᠯᠥᠪᠯᠡᠵᠦ᠂ |
ᠢᠨᠵᠧᠨᠧᠷᠢᠩ ᠤᠨ ᠲᠥᠷᠥᠯ ᠵᠦᠶᠯ ᠢᠶᠠᠷ ᠭᠠᠷᠳᠠᠴᠠ ᠪᠣᠯᠭᠠᠨ᠂ ᠥᠪᠥᠷ ᠮᠣᠩᠭᠤᠯ ᠤᠨ ᠬᠡᠰᠡᠭ ᠤᠨ ᠬᠠᠲᠤᠨ ᠭᠤᠤᠯ |
ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ |
ᠳᠠᠭᠠᠭᠤᠯᠪᠠ︔ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ |
ᠬᠠᠳᠤᠨ ᠭᠤᠤᠯ ᠤᠨ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠭᠡᠷᠡᠯᠳᠦᠭᠦᠯᠪᠡ᠃ |
2020 ᠣᠨ ᠳᠤ᠂ ᠤᠯᠠᠭᠠᠨᠰᠤᠬᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠨᠢ ᠤᠯᠤᠰ ᠤᠨ 3 |
A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠭᠰᠡᠨ ᠨᠢ ᠳᠠᠷᠤᠢ ᠤᠯᠠᠭᠠᠨᠰᠤᠬᠠᠢ ᠶᠢᠨ ᠠᠮᠢ |
ᠠᠬᠤᠢ ᠶᠢ ᠰᠡᠷᠭᠦᠭᠡᠬᠦ᠂ ᠪᠣᠬᠢᠷᠲᠤᠯ ᠢ ᠵᠠᠰᠠᠬᠤ ᠪᠠ ᠬᠠᠲᠠᠭᠤ ᠵᠥᠭᠡᠯᠡᠨ ᠲᠤᠨᠤᠭ ᠤᠨ ᠤᠯᠠᠨ ᠵᠦᠢᠯ ᠤᠨ ᠬᠠᠮᠲᠤᠷᠠᠯ |
ᠬᠦᠴᠦᠨ ᠢ ᠳᠡᠭᠡᠭᠰᠢᠯᠡᠭᠦᠯᠦᠭᠰᠡᠨ ᠤ ᠦᠷ᠎ᠡ ᠪᠦᠲᠦᠭᠡᠯ ᠪᠣᠯᠤᠨ᠎ᠠ᠃ ᠬᠥᠪᠴᠢ ᠶᠢᠨ ᠡᠯᠡᠰᠦ ᠨᠢ ᠠᠮᠢ ᠠᠬᠤᠢ ᠶᠢᠨ |
ᠵᠠᠰᠠᠯᠲᠠ ᠶᠢᠨ ᠨᠡᠶᠢᠲᠡᠯᠢᠭ ᠵᠢᠱᠢᠶ᠎ᠡ ᠪᠣᠯᠤᠭᠰᠠᠨ ᠤ ᠬᠤᠪᠢ ᠳᠤ᠂ ᠤᠷᠢᠳ ᠬᠤᠵᠢᠳ《 ᠤᠯᠤᠰ ᠤᠨ ᠤᠰᠤᠨ |
ᠠᠰᠢᠭᠯᠠᠯᠲᠠ ᠶᠢᠨ ᠦᠵᠡᠮᠵᠢ ᠶᠢᠨ ᠣᠷᠣᠨ 》᠂《 ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ 》᠂《 |
ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠤᠨ ᠡᠭᠦᠷᠢᠳᠡ ᠶᠢᠨ ᠬᠤᠷᠠᠯ ᠤᠨ ᠭᠠᠵᠠᠷ |
》 ᠢᠶᠠᠷ ᠦᠨᠡᠯᠡᠭᠳᠡᠭᠰᠡᠨ ᠪᠥᠭᠡᠳ《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ |
ᠮᠥᠨ ᠭᠡᠬᠦ ᠤᠨᠤᠯ ᠤᠨ ᠦᠢᠯᠡᠳᠦᠯᠭᠡ ᠶᠢᠨ ᠰᠠᠭᠤᠷᠢᠨ 》ᠵᠡᠷᠭᠡ ᠢᠷᠠᠭᠤ ᠠᠯᠳᠠᠷ ᠢ ᠬᠦᠷᠳᠡᠵᠠᠢ᠃ ᠤᠢᠢᠷ᠎ᠡ ᠶᠢᠨ |
ᠵᠢᠯ ᠠᠴᠠ ᠨᠠᠭᠠᠰᠢ᠂ ᠬᠥᠪᠴᠢ ᠶᠢᠨ ᠠᠮᠢ ᠠᠬᠤᠢ ᠶᠢ ᠰᠡᠷᠭᠦᠭᠡᠭᠰᠡᠨ ᠤ ᠳᠠᠷᠠᠭᠠᠬᠢ ᠡᠯᠡᠰᠦᠨ ᠴᠦᠯ ᠤᠨ ᠨᠣᠭᠤᠭᠠᠨ |
ᠪᠦᠷᠢᠳᠦ ᠶᠢᠨ ᠦᠵᠡᠮᠵᠢ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢ ᠲᠣᠭᠤᠷᠢᠨ |
ᠦᠵᠡᠬᠦ᠂ ᠰᠡᠯᠡᠭᠦᠴᠡᠨ ᠠᠮᠠᠷᠠᠬᠤ᠂ ᠡᠯᠡᠰᠦᠨ ᠴᠦᠯ ᠤᠨ ᠪᠠᠷᠲᠠᠭ᠎ᠠ ᠬᠠᠶᠢᠬᠤ᠂ ᠰᠢᠨᠵᠢᠯᠡᠬᠦ ᠤᠬᠠᠭᠠᠨ ᠢ |
ᠲᠦᠭᠡᠮᠡᠯᠵᠢᠭᠦᠯᠬᠦ ᠬᠥᠮᠦᠵᠢᠯ᠂ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠤᠨ |
ᠦᠢᠯᠡᠳᠬᠦᠨ ᠢ ᠦᠷᠭᠦᠯᠵᠢᠯᠡᠨ ᠭᠦᠨᠵᠡᠭᠡᠢ ᠠᠭᠤᠳᠠᠯᠤᠨ ᠴᠣᠭᠴᠠᠯᠠᠵᠤ᠂ ᠬᠥᠪᠴᠢ ᠶᠢᠨ ᠴᠢ ᠰᠢᠩ ᠬᠤ᠋ ᠨᠠᠭᠤᠷ ᠤᠨ |
ᠦᠵᠡᠮᠵᠢ ᠶᠢᠨ ᠣᠷᠣᠨ ᠢ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ 5 A |
ᠲᠡᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠶᠢ ᠠᠬᠢᠭᠤᠯᠪᠠ᠃ 2021 ᠣᠨ ᠳᠤ᠂ ᠴᠢ ᠰᠢᠩ ᠬᠤ᠋ |
ᠨᠠᠭᠤᠷ ᠤᠨ ᠦᠵᠡᠮᠵᠢ ᠶᠢᠨ ᠣᠷᠣᠨ ᠨᠢ ᠦᠵᠡᠮᠵᠢ ᠶᠢᠨ ᠶᠠᠰᠤ ᠴᠢᠨᠠᠷ ᠤᠨ ᠬᠢᠨᠠᠨ ᠲᠣᠭᠲᠠᠭᠠᠯᠲᠠ ᠶᠢ ᠥᠩᠭᠡᠷᠡᠭᠡᠵᠦ᠂ |
《 ᠤᠯᠤᠰ ᠤᠨ 5 A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠨᠡᠷᠡᠰ 》 ᠲᠤ ᠵᠢᠭᠰᠠᠭᠠᠭᠳᠠᠪᠠ |
᠃ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠣᠯ ᠥᠪᠥᠷ ᠮᠣᠩᠭᠤᠯ ᠤᠨ ᠬᠠᠲᠤᠨ |
ᠭᠤᠤᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠲᠡᠯᠢᠭ ᠲᠥᠯᠥᠭᠡᠯᠡᠭᠴᠢ ᠮᠥᠨ᠂ 2019 ᠣᠨ ᠳᠤ |
ᠳᠡᠯᠡᠬᠡᠶ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠵᠢᠭᠰᠠᠭᠠᠭᠳᠠᠵᠤ᠂ ᠬᠠᠲᠤᠨ ᠭᠤᠤᠯ ᠤᠨ |
ᠰᠣᠶᠣᠯ ᠤᠨ ᠥᠪ ᠤᠨ ᠶᠡᠭᠡ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢᠶᠠᠷ |
ᠵᠢᠭᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠠᠴᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ |
ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠪᠣᠷᠣᠲᠣᠬᠤᠶ ᠶᠢᠨ ᠰᠣᠶᠣᠯ ᠪᠠ |
ᠵᠢᠭᠤᠯᠴᠢᠯᠠᠯ ᠤᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ |
ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠢ ᠥᠷᠨᠢᠭᠦᠯᠵᠦ᠂ ᠤᠯᠤᠰ ᠤᠨ ᠲᠠᠰ ᠤᠨ ᠰᠤᠳᠤᠯᠤᠨ ᠰᠤᠷᠤᠯᠴᠠᠬᠤ |
ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠪᠠ︔ ᠪᠣᠷᠣᠲᠣᠬᠤᠶ ᠶᠢᠨ ᠰᠣᠶᠣᠯ |
ᠤᠨ ᠮᠦᠽᠧᠶ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠶᠯᠡᠰ ᠢ ᠵᠠᠰᠠᠨ ᠰᠡᠷᠭᠦᠭᠡᠬᠦ᠂ ᠰᠢᠯᠵᠢᠭᠦᠯᠵᠦ |
ᠪᠣᠯᠬᠤ ᠲᠡᠦᠬᠡ ᠶᠢᠨ ᠳᠤᠷᠠᠰᠬᠠᠯᠲᠤ ᠵᠦᠶᠯᠡᠰ ᠢ ᠲᠤᠭᠠᠵᠢᠭᠤᠯᠤᠨ ᠬᠠᠮᠠᠭᠠᠯᠠᠬᠤ᠂ ᠰᠢᠯᠵᠢᠭᠦᠯᠵᠦ ᠪᠣᠯᠬᠤ ᠲᠡᠦᠬᠡ ᠶᠢᠨ |
ᠳᠤᠷᠠᠰᠬᠠᠯᠲᠤ ᠵᠦᠶᠯᠡᠰ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠮᠠᠭᠠᠯᠠᠬᠤ ᠵᠡᠷᠭᠡ ᠠᠵᠢᠯ ᠢ ᠴᠢᠩᠭᠠᠳᠬᠠᠵᠤ᠂ |
ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠶ ᠶᠢ ᠥᠭᠡᠷᠡᠴᠢᠯᠡᠵᠦ ᠥᠷᠭᠡᠳᠬᠡᠨ |
ᠪᠠᠶᠢᠭᠤᠯᠬᠤ ᠲᠥᠷᠥᠯ ᠵᠦᠶᠯ ᠢ ᠪᠠᠶᠢᠭᠤᠯᠬᠤ ᠶᠢ ᠠᠬᠢᠭᠤᠯᠪᠠ︔ ᠬᠠᠲᠤᠨ ᠭᠤᠤᠯ ᠤᠨ ᠤᠰᠤᠨ ᠠᠰᠢᠭᠯᠠᠯᠲᠠ ᠶᠢᠨ |
ᠢᠨᠵᠧᠨᠧᠷᠢᠩ ᠤᠨ ᠥᠪᠡᠷᠮᠢᠴᠡ ᠡᠬᠢ ᠪᠠᠶᠠᠯᠢᠭ ᠢ ᠠᠰᠢᠭᠯᠠᠨ᠂ ᠬᠠᠲᠤᠨ ᠭᠤᠤᠯ ᠤᠨ ᠪᠣᠷᠣᠲᠣᠬᠤᠶ ᠶᠢᠨ ᠰᠣᠶᠣᠯ |
ᠤᠨ ᠵᠢᠭᠤᠯᠴᠢᠯᠠᠯ ᠤᠨ ᠣᠷᠣᠨ᠂ ᠬᠠᠲᠤᠨ ᠭᠤᠤᠯ ᠤᠨ ᠰᠠᠨ ᠱᠧᠩ ᠬᠥᠩ ᠤᠨ ᠤᠯᠤᠰ ᠤᠨ ᠤᠰᠤᠨ ᠠᠰᠢᠭᠯᠠᠯᠲᠠ |
ᠶᠢᠨ ᠦᠵᠡᠮᠵᠢ ᠶᠢᠨ ᠣᠷᠣᠨ᠂ ᠲᠠᠷᠢᠶᠠᠯᠠᠬᠤ ᠰᠣᠶᠣᠯ ᠤᠨ ᠦᠵᠡᠰᠬᠦᠯᠡᠩ ᠤᠨ ᠬᠦᠷᠢᠶᠡᠯᠡᠩ ᠵᠡᠷᠭᠡ ᠰᠣᠶᠣᠯ |
ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠨᠢᠭᠡ ᠪᠦᠯᠦᠭ ᠴᠢᠨᠠᠷ ᠰᠠᠶᠢᠲᠠᠶ ᠬᠠᠲᠤᠨ ᠭᠤᠤᠯ ᠤᠨ |
ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ ᠲᠥᠷᠥᠯ ᠵᠦᠶᠯ ᠢ ᠪᠤᠶᠢᠵᠢᠭᠤᠯᠪᠠ᠃ |
ᠠᠰᠠᠭᠤᠯᠲᠠ᠄ 2021 ᠣᠨ ᠤ 10 ᠳ᠋ᠤᠭᠠᠷ ᠰᠠᠷ᠎ᠠ ᠶᠢᠨ 8 ᠤ ᠡᠳᠦᠷ᠂ ᠳᠤᠮᠳᠠᠲᠤ ᠤᠯᠤᠰ ᠤᠨ ᠡᠪ ᠬᠠᠮᠲᠤ ᠨᠠᠮ |
ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠠᠲᠤᠨ ᠭᠤᠤᠯ ᠤᠨ ᠰᠠᠪᠠ ᠭᠠᠵᠠᠷ ᠤᠨ ᠠᠮᠢ |
ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ |
ᠳᠠᠷᠤᠮᠠᠯᠯᠠᠨ ᠲᠠᠷᠬᠠᠭᠠᠪᠠ ᠃ ︽ᠬᠥᠲᠥᠯᠪᠦᠷᠢ︾ ᠳᠤ ︽ᠬᠠᠲᠤᠨ ᠭᠤᠤᠯ ᠤᠨ ᠰᠣᠶᠣᠯ ᠤᠨ ᠡᠬᠢ ᠪᠠᠶᠠᠯᠢᠭ ᠢ ᠪᠥᠬᠦ |
ᠲᠠᠯ᠎ᠠ ᠪᠠᠷ ᠪᠠᠶᠢᠴᠠᠭᠠᠬᠤ ᠪᠠ ᠮᠠᠭᠠᠳᠯᠠᠨ ᠲᠣᠭᠲᠠᠭᠠᠬᠤ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ᠂ |
ᠪᠣᠳᠠᠰ ᠤᠨ ᠪᠤᠰᠤ ᠰᠣᠶᠣᠯ ᠤᠨ ᠥᠪ᠂ ᠰᠤᠷᠪᠤᠯᠵᠢ ᠪᠢᠴᠢᠭ ᠤᠨ ᠴᠢᠬᠤᠯᠠ ᠰᠣᠶᠣᠯ ᠤᠨ ᠥᠪ ᠤᠨ ᠰᠠᠭᠤᠷᠢ |
ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ︾᠂ ︽ᠬᠠᠲᠤᠨ ᠭᠤᠤᠯ ᠤᠨ ᠤᠯᠤᠰ ᠤᠨ ᠰᠣᠶᠣᠯ ᠤᠨ ᠴᠡᠴᠡᠷᠯᠢᠭ |
ᠢ ᠭᠦᠨᠵᠡᠭᠡᠶ ᠰᠤᠳᠤᠯᠤᠨ ᠲᠥᠯᠥᠪᠵᠢᠭᠦᠯᠵᠦ ᠪᠥᠲᠥᠭᠡᠨ ᠪᠠᠶᠢᠭᠤᠯᠬᠤ ᠬᠡᠷᠡᠭᠲᠡᠶ︾᠂ ︽ᠨᠢᠭᠡ ᠪᠦᠯᠦᠭ ᠬᠠᠲᠤᠨ |
ᠭᠤᠤᠯ ᠤᠨ ᠰᠣᠶᠣᠯ ᠤᠨ ᠮᠦᠽᠧᠶ ᠶᠢ ᠵᠣᠬᠢᠰᠲᠠᠶ ᠥᠭᠡᠷᠡᠴᠢᠯᠡᠨ ᠪᠠᠶᠢᠭᠤᠯᠬᠤ ᠪᠠ ᠰᠢᠨ᠎ᠡ ᠪᠠᠷ ᠪᠠᠶᠢᠭᠤᠯᠬᠤ ᠬᠡᠷᠡᠭᠲᠡᠶ |
︾ ᠭᠡᠵᠦ ᠱᠠᠭᠠᠷᠳᠠᠪᠠ ᠃ ︽ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠥᠪᠥᠷ |
ᠮᠣᠩᠭᠤᠯ ᠳᠤ ᠶᠠᠮᠠᠷ ᠶᠠᠮᠠᠷ ᠰᠡᠳᠬᠢᠮᠵᠢ ᠠᠷᠭ᠎ᠠ ᠬᠡᠮᠵᠢᠶ᠎ᠡ ᠪᠠᠶᠢᠬᠤ ᠪᠣᠶ︖ |
ᠬᠠᠷᠢᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ |
ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠠᠳᠤᠨ ᠭᠤᠣᠯ ᠤᠨ |
ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ ᠶᠢᠨ |
ᠬᠥᠲᠥᠯᠪᠦᠷᠢ︾ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠬᠠᠲᠤᠨ ᠭᠤᠤᠯ ᠤᠨ ᠰᠠᠪᠠ |
ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠵᠤ᠂ |
ᠬᠠᠳᠤᠨ ᠭᠤᠤᠯ ᠤᠨ ᠰᠣᠶᠣᠯ ᠢ ᠶᠡᠭᠡ ᠪᠠᠷ ᠬᠠᠮᠠᠭᠠᠯᠠᠵᠤ ᠤᠯᠠᠮᠵᠢᠯᠠᠨ ᠪᠠᠳᠠᠷᠠᠭᠤᠯᠵᠤ᠂ ︽ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ |
ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ |
ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠲᠥᠯᠥᠪᠵᠢᠭᠦᠯᠭᠡ︾᠂ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︿几 ᠦᠰᠦᠭᠲᠦ ᠲᠤᠬᠤᠢ﹀ ᠶᠢᠨ ᠪᠣᠳᠠᠰ |
ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠤᠰᠬᠠᠢ ᠲᠥᠯᠥᠪᠵᠢᠭᠦᠯᠭᠡ︾᠂ ︽ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︽几 ᠦᠰᠦᠭᠲᠦ ᠲᠤᠬᠤᠢ︾ ᠶᠢᠨ |
ᠰᠣᠶᠣᠯ ᠵᠢᠭᠤᠯᠴᠢᠯᠠᠯ ᠤᠨ ᠵᠠᠩ ᠦᠢᠯᠡ ᠶᠢᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠰᠢᠷᠢᠰ |
ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠠᠳᠤᠨ ᠭᠤᠤᠯ ᠤᠨ |
ᠰᠣᠶᠣᠯ ᠢ ᠬᠠᠮᠠᠭᠠᠯᠠᠵᠤ ᠠᠰᠢᠭᠯᠠᠬᠤ ᠰᠡᠳᠬᠢᠴᠡ᠂ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠲᠤᠳᠤᠷᠬᠠᠶᠢᠯᠠᠵᠤ |
᠂ ᠳᠣᠣᠷᠠᠬᠢ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠄ |
ᠨᠢᠭᠡ ᠳᠤ᠂ ᠬᠠᠲᠤᠨ ᠭᠤᠣᠯ ᠤᠨ ᠰᠠᠪᠠ ᠭᠠᠵᠠᠷ ᠤᠨ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠵᠤ |
ᠠᠰᠢᠭᠯᠠᠬᠤ ᠶᠢ ᠴᠢᠩᠭᠠᠳᠬᠠᠨ᠎ᠠ᠃ ᠬᠠᠲᠤᠨ ᠭᠤᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠢ |
ᠪᠠᠶᠢᠴᠠᠭᠠᠬᠤ ᠪᠠ ᠡᠮᠬᠢᠯᠡᠬᠦ ᠶᠢ ᠥᠷᠨᠢᠭᠦᠯᠵᠦ᠂ ᠬᠠᠲᠤᠨ ᠭᠤᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ |
ᠪᠠᠶᠠᠯᠢᠭ ᠤᠨ ᠲᠣᠭᠠᠴᠢᠯᠠᠭᠰᠠᠨ ᠬᠠᠮᠢᠶᠠᠷᠤᠯᠲᠠ ᠪᠠ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠲᠡᠦᠬᠡ ᠶᠢᠨ |
ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠤᠰᠠᠳᠬᠤ ᠰᠢᠬᠠᠭᠰᠠᠨ ᠲᠡᠦᠬᠡ ᠶᠢᠨ |
ᠳᠤᠷᠠᠰᠬᠠᠯᠲᠤ ᠵᠦᠢᠯᠡᠰ ᠢ ᠲᠦᠷᠭᠡᠨ ᠠᠪᠤᠷᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ |
ᠣᠷᠣᠨ ᠪᠣᠯᠤᠨ ᠠᠶᠢᠮᠠᠭ ᠬᠤᠲᠠ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠲᠡᠦᠬᠡ ᠶᠢᠨ |
ᠳᠤᠷᠠᠰᠬᠠᠯᠲᠤ ᠵᠦᠢᠯᠡᠰ ᠢ ᠬᠠᠳᠠᠭᠠᠯᠠᠬᠤ ᠣᠷᠴᠢᠨ ᠲᠣᠭᠤᠷᠢᠨ ᠢ ᠪᠠᠷᠢᠮᠵᠢᠶ᠎ᠠ ᠳᠤ ᠬᠦᠷᠦᠭᠦᠯᠬᠦ ᠢᠨᠵᠧᠨᠧᠷᠢᠩ ᠢ |
ᠲᠦᠯᠬᠢᠨ ᠠᠬᠢᠭᠤᠯᠵᠤ᠂ ᠰᠡᠷᠭᠡᠶᠢᠯᠡᠬᠦ ᠴᠢᠨᠠᠷᠲᠠᠶ ᠬᠠᠮᠠᠭᠠᠯᠠᠬᠤ ᠪᠠ ᠲᠣᠭᠠᠴᠢᠯᠠᠬᠤ ᠴᠢᠨᠠᠷᠲᠠᠶ ᠬᠠᠮᠠᠭᠠᠯᠠᠬᠤ ᠠᠵᠢᠯ ᠢ |
ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠶ᠃ ᠬᠠᠭᠤᠴᠢ ᠰᠤᠳᠤᠯᠤᠯ ᠤᠨ ᠠᠵᠢᠯ ᠢ ᠴᠢᠩᠭᠠᠳᠬᠠᠵᠤ᠂ ᠳᠤᠮᠳᠠᠳᠤ ᠶᠢᠨ |
ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ᠂ ︽ᠳᠤᠮᠳᠠᠳᠤ ᠤᠯᠤᠰ ᠤᠨ ᠬᠠᠭᠤᠴᠢ |
ᠰᠤᠳᠤᠯᠤᠯ︾ ᠤᠨ ᠴᠢᠬᠤᠯᠠ ᠶᠡᠭᠡ ᠰᠤᠳᠤᠯᠭᠠᠨ ᠪᠠ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ |
ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ᠂ ︽ᠬᠠᠲᠤᠨ ᠭᠤᠤᠯ ᠤᠨ ᠰᠠᠪᠠ ᠭᠠᠵᠠᠷ ᠤᠨ |
ᠡᠷᠲᠡ ᠦᠶ᠎ᠡ ᠶᠢᠨ ᠪᠣᠯᠪᠠᠰᠤᠨ ᠤ ᠡᠭᠦᠰᠦᠯ — ᠰᠠᠭᠤᠷᠢᠰᠢᠯ ᠤᠨ ᠪᠠᠭᠤᠷᠢ︾ ᠶᠢᠨ ᠬᠠᠭᠤᠴᠢ ᠰᠤᠳᠤᠯᠤᠯ ᠤᠨ |
ᠰᠤᠳᠤᠯᠭᠠᠨ ᠢ ᠥᠷᠨᠢᠭᠦᠯᠵᠦ᠂ ᠬᠠᠭᠤᠴᠢ ᠰᠤᠳᠤᠯᠤᠯ ᠤᠨ ᠦᠷ᠎ᠡ ᠪᠦᠲᠦᠭᠡᠯ ᠢ ᠠᠭᠤᠳᠠᠯᠬᠤ᠂ ᠡᠮᠬᠢᠯᠡᠬᠦ᠂ |
ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠢᠭᠡ ᠪᠦᠯᠦᠭ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ |
ᠪᠥᠲᠥᠭᠡᠨ ᠪᠠᠶᠢᠭᠤᠯᠤᠨ᠎ᠠ᠃ ᠴᠢᠯᠠᠭᠤᠨ ᠠᠭᠤᠶ ᠶᠢᠨ ᠰᠣᠶᠣᠯ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠠᠷᠵᠠᠶ |
ᠴᠢᠯᠠᠭᠤᠨ ᠠᠭᠤᠶ ᠶᠢᠨ ᠰᠦᠮ᠎ᠡ ᠪᠠᠷ ᠭᠤᠤᠯᠳᠠᠯᠭ᠎ᠠ ᠪᠣᠯᠭᠠᠨ ᠬᠠᠮᠠᠭᠠᠯᠠᠵᠤ ᠰᠤᠳᠤᠯᠬᠤ ᠠᠵᠢᠯ ᠢ ᠰᠠᠶᠢᠲᠤᠷ ᠬᠢᠨ᠎ᠡ᠃ |
︽ᠲᠦᠮᠡᠨ ᠭᠠᠵᠠᠷ ᠤᠨ ᠴᠠᠶ ᠶᠢᠨ ᠵᠠᠮ︾ ᠤᠨ ᠥᠪᠥᠷ ᠮᠣᠩᠭᠤᠯ ᠤᠨ ᠬᠡᠰᠡᠭ ᠢ ᠳᠡᠯᠡᠬᠡᠶ ᠶᠢᠨ ᠰᠣᠶᠣᠯ ᠤᠨ ᠥᠪ |
ᠢᠶᠠᠷ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠤᠨ᠎ᠠ᠃ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ |
ᠠᠰᠢᠭᠯᠠᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ |
ᠬᠠᠮᠢᠶᠠᠷᠬᠤ ᠪᠠ ᠰᠤᠳᠤᠯᠤᠨ ᠲᠠᠶᠢᠯᠪᠤᠷᠢᠯᠠᠵᠤ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ |
ᠬᠤᠪᠢᠰᠬᠠᠯ ᠤᠨ ᠲᠡᠦᠬᠡ ᠶᠢᠨ ᠮᠦᠽᠧᠢ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠵᠡᠷᠭᠡ ᠨᠢᠭᠡ ᠪᠦᠯᠦᠭ |
ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠢ |
ᠪᠠᠶᠢᠭᠤᠯᠤᠨ᠎ᠠ ᠃ ᠬᠠᠲᠤᠨ ᠭᠤᠣᠯ ᠤᠨ ᠰᠣᠶᠣᠯ ᠤᠨ ᠳᠡᠯᠭᠡᠨ ᠦᠵᠡᠭᠦᠯᠵᠦ ᠠᠰᠢᠭᠯᠠᠬᠤ ᠠᠵᠢᠯ ᠢ ᠦᠷᠭᠦᠯᠵᠢᠯᠡᠨ |
ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠣᠨᠴᠠᠯᠢᠭ ᠲᠠᠢ ᠮᠦᠽᠧᠶ ᠶᠢᠨ ᠰᠢᠰᠲ᠋ᠧᠮᠵᠢ |
ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠮᠦᠽᠧᠶ ᠶᠢᠨ |
ᠴᠢᠳᠠᠮᠵᠢ ᠶᠢ ᠳᠡᠰ ᠳᠡᠪᠰᠢᠭᠦᠯᠬᠦ ᠪᠠ ᠬᠠᠲᠤᠨ ᠭᠤᠣᠯ ᠤᠨ ᠲᠤᠰᠬᠠᠶ ᠰᠡᠳᠦᠪᠲᠦ ᠴᠢᠨᠠᠷᠲᠠᠶ ᠮᠦᠽᠧᠶ ᠶᠢᠨ ᠪᠦᠲᠦᠭᠡᠨ |
ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠲᠤᠨ ᠭᠤᠣᠯ ᠳᠠᠭᠠᠤ ᠶᠢᠨ ᠮᠤᠵᠢ ︵ᠣᠷᠣᠨ︶ ᠶᠢᠨ ᠮᠦᠽᠧᠶ |
ᠨᠦᠭᠦᠳ ᠬᠤᠭᠤᠷᠤᠨᠳᠤ ᠶᠢᠨ ᠬᠤᠷᠰᠢᠯᠴᠠᠭ᠎ᠠ ᠶᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ |
ᠦᠵᠡᠭᠦᠯᠵᠦ ᠰᠣᠯᠢᠯᠴᠠᠬᠤ ᠲᠠᠪᠴᠠᠩ ᠢ ᠪᠦᠷᠢᠨᠰᠢᠭᠦᠯᠵᠦ᠂ ᠵᠢᠭᠡᠯᠡᠵᠦ ᠳᠡᠯᠭᠡᠨ ᠦᠵᠡᠭᠦᠯᠬᠦ᠂ ᠬᠠᠮᠲᠤᠷᠠᠨ ᠳᠡᠯᠭᠡᠨ |
ᠦᠵᠡᠭᠦᠯᠬᠦ᠂ ᠲᠣᠭᠤᠷᠢᠨ ᠳᠡᠯᠭᠡᠨ ᠦᠵᠡᠭᠦᠯᠬᠦ ᠬᠤᠷᠰᠢᠯᠴᠠᠭᠠᠨ ᠤ ᠲᠣᠭᠲᠠᠴᠠ ᠶᠢ ᠪᠠᠶᠢᠭᠤᠯᠤᠨ᠂ ︽ᠬᠠᠲᠤᠨ |
ᠭᠤᠣᠯ ᠲᠠᠯ᠎ᠠ ᠨᠤᠲᠤᠭ ᠢᠶᠠᠷ ᠤᠷᠤᠰᠤᠨ ᠦᠩᠭᠡᠷᠡᠯ᠎ᠡ — ᠥᠪᠥᠷ ᠮᠣᠩᠭᠤᠯ ᠤᠨ ᠬᠠᠲᠤᠨ ᠭᠤᠣᠯ ᠤᠨ ᠰᠠᠪᠠ |
ᠭᠠᠵᠠᠷ ᠤᠨ ᠡᠷᠲᠡᠨ ᠤ ᠪᠣᠯᠪᠠᠰᠤᠨ ᠤ ᠦᠵᠡᠭᠦᠯᠭᠡ︾ ᠶᠢᠨ ᠬᠠᠮᠲᠤᠷᠠᠭᠰᠠᠨ ᠦᠵᠡᠭᠦᠯᠭᠡ᠂ ᠲᠣᠭᠤᠷᠢᠨ ᠳᠡᠯᠭᠡᠨ |
ᠦᠵᠡᠭᠦᠯᠭᠡ ᠶᠢ ᠰᠠᠶᠢᠲᠤᠷ ᠡᠷᠬᠢᠯᠡᠨ᠎ᠡ᠃ |
ᠬᠤᠶᠠᠷ ᠲᠤ᠂ ᠬᠠᠳᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ |
ᠤᠯᠠᠮᠵᠢᠯᠠᠨ ᠪᠠᠳᠠᠷᠠᠭᠤᠯᠬᠤ ᠶᠢ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠪᠣᠳᠠᠰ ᠤᠨ ᠪᠤᠰᠤ |
ᠰᠣᠶᠣᠯ ᠤᠨ ᠥᠪ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠤᠰᠠᠳᠬᠤ ᠰᠢᠬᠠᠭᠰᠠᠨ ᠪᠣᠳᠠᠰ ᠤᠨ |
ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ |
ᠲᠡᠮᠳᠡᠭᠯᠡᠨ ᠡᠮᠬᠢᠯᠡᠬᠦ ᠪᠠ ᠰᠢᠯᠭᠠᠨ ᠠᠪᠬᠤ ᠶᠢ ᠴᠢᠩᠭᠠᠳᠬᠠᠨ᠎ᠠ᠃ ᠨᠢᠭᠡ ᠪᠦᠯᠦᠭ ᠤᠯᠤᠰ ᠤᠨ ᠰᠣᠶᠣᠯ ᠤᠨ ᠠᠮᠢ |
ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ |
ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠤᠨ᠎ᠠ᠃ ᠪᠣᠳᠠᠰ |
ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢᠳ ᠤᠨ ᠰᠤᠳᠤᠯᠤᠨ ᠰᠤᠷᠤᠯᠴᠠᠬᠤ |
ᠪᠣᠯᠪᠠᠰᠤᠷᠠᠭᠤᠯᠤᠯ ᠤᠨ ᠲᠥᠯᠥᠪᠯᠡᠭᠡ ᠶᠢ ᠲᠦᠯᠬᠢᠨ ᠠᠬᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ |
ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠲᠡᠳᠬᠦᠨ ᠪᠦᠲᠦᠭᠡᠨ |
ᠪᠠᠶᠢᠭᠤᠯᠵᠤ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠶᠢᠨ ᠪᠣᠳᠠᠰ |
ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠪᠠᠶᠢᠭᠤᠯᠬᠤ ᠶᠢ ᠲᠡᠳᠬᠦᠵᠦ᠂ ᠬᠠᠲᠤᠨ ᠭᠤᠣᠯ |
ᠳᠠᠭᠠᠤ ᠭᠠᠵᠠᠷ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠠᠯᠠᠪᠠᠶ ᠣᠷᠳᠣᠨ ᠤ ᠪᠦᠲᠦᠭᠡᠨ |
ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ |
ᠭᠠᠷᠴᠠᠭ ᠢ ᠪᠠᠶᠢᠭᠤᠯᠵᠤ᠂ ᠨᠢᠭᠡ ᠪᠦᠯᠦᠭ ᠤᠯᠤᠰ ᠤᠨ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ᠂ |
ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠶᠯᠡᠳᠬᠡᠯ ᠪᠠ ᠪᠣᠳᠠᠰ ᠤᠨ ᠪᠤᠰᠤ ᠰᠣᠶᠣᠯ ᠤᠨ |
ᠥᠪ ᠤᠨ ᠦᠶᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ |
ᠪᠠᠶᠢᠭᠤᠯᠤᠨ᠎ᠠ᠃ ᠬᠠᠲᠤᠨ ᠭᠤᠤᠯ ᠤᠨ ᠶᠢᠰᠦᠨ ᠮᠤᠵᠢ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ |
ᠦᠵᠡᠭᠦᠯᠭᠡ ᠡᠷᠬᠢᠯᠡᠨ᠎ᠡ᠃ |
ᠭᠤᠷᠪᠠ ᠳᠤ᠂ ᠬᠠᠳᠤᠨ ᠭᠤᠣᠯ ᠤᠨ ᠰᠣᠶᠣᠯ ᠤᠨ ᠭᠤᠣᠯ ᠰᠡᠳᠦᠪᠲᠦ ᠤᠷᠠᠯᠢᠭ ᠤᠨ ᠵᠣᠬᠢᠶᠠᠨ ᠪᠦᠲᠦᠭᠡᠯᠭᠡ ᠶᠢ |
ᠴᠢᠩᠭᠠᠳᠬᠠᠨ᠎ᠠ ᠃ ᠬᠠᠳᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ |
ᠠᠭᠤᠳᠠᠯᠵᠤ᠂ ᠥᠪᠥᠷ ᠮᠣᠩᠭᠤᠯ ᠤᠨ ᠬᠠᠳᠤᠨ ᠭᠤᠤᠯ ᠤᠨ ᠰᠣᠶᠣᠯ ᠤᠨ ᠭᠤᠤᠯ ᠰᠡᠳᠦᠪᠲᠦ ᠤᠷᠠᠯᠢᠭ ᠤᠨ |
ᠵᠣᠬᠢᠶᠠᠨ ᠪᠦᠲᠦᠭᠡᠯᠭᠡ ᠪᠠ ᠲᠣᠭᠯᠠᠯᠲᠠ ᠶᠢ ᠥᠷᠨᠢᠭᠦᠯᠦᠨ᠎ᠡ ᠃ ᠤᠯᠠᠮᠵᠢᠯᠠᠯᠲᠤ ᠤᠳᠬ᠎ᠠ ᠤᠷᠠᠯᠢᠭ ᠤᠨ ᠰᠢᠨ᠎ᠡ ᠶᠢ |
ᠡᠭᠦᠳᠦᠨ ᠬᠥᠭᠵᠢᠬᠦ ᠶᠢ ᠲᠡᠳᠬᠦᠵᠦ᠂ ᠥᠪᠥᠷ ᠮᠣᠩᠭᠤᠯ ᠤᠨ ᠣᠷᠣᠨ ᠨᠤᠲᠤᠭ ᠤᠨ ᠰᠢ ᠳᠠᠭᠤᠷᠢᠯᠢᠭ ᠢ |
ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠠᠬᠢᠭᠤᠯᠤᠨ᠂ ᠰᠢᠯᠢᠳᠡᠭ ᠣᠷᠣᠨ ᠨᠤᠲᠤᠭ ᠤᠨ ᠰᠢ ᠳᠠᠭᠤᠷᠢᠯᠢᠭ |
ᠵᠡᠷᠭᠡ ᠤᠯᠠᠮᠵᠢᠯᠠᠯᠲᠤ ᠤᠷᠠᠯᠢᠭ ᠤᠨ ᠲᠥᠷᠥᠯ ᠵᠦᠶᠯ ᠢ ᠥᠭᠡᠷᠡᠴᠢᠯᠡᠨ ᠨᠠᠶᠢᠷᠠᠭᠤᠯᠬᠤ ᠪᠠ ᠤᠷᠠᠯᠢᠭ ᠢ ᠳᠡᠭᠡᠭᠰᠢᠯᠡᠭᠦᠯᠬᠦ |
ᠶᠢ ᠵᠣᠷᠢᠭᠵᠢᠭᠤᠯᠤᠨ᠎ᠠ᠃ ᠤᠳᠤ ᠦᠶ᠎ᠡ ᠶᠢᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ |
ᠶᠢ ᠴᠢᠩᠭᠠᠳᠬᠠᠵᠤ᠂ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ |
ᠦᠷᠭᠦᠯᠵᠢᠯᠡᠨ ᠠᠬᠢᠭᠤᠯᠤᠨ᠎ᠠ ᠃ ᠤᠳᠬ᠎ᠠ ᠤᠷᠠᠯᠢᠭ ᠤᠨ ᠣᠨᠣᠯ ᠤᠨ ᠰᠤᠳᠤᠯᠭᠠᠨ ᠪᠠ ᠦᠨᠡᠯᠡᠯᠲᠡ ᠶᠢᠨ ᠰᠢᠰᠲ᠋ᠧᠮ |
ᠢ ᠲᠡᠭᠦᠯᠳᠡᠷᠵᠢᠭᠦᠯᠵᠦ᠂ ᠨᠢᠭᠡ ᠪᠦᠯᠦᠭ ᠬᠠᠲᠤᠨ ᠭᠤᠤᠯ ᠤᠨ ᠭᠤᠤᠯ ᠰᠡᠳᠦᠪᠲᠦ ᠤᠳᠬ᠎ᠠ ᠤᠷᠠᠯᠢᠭ ᠤᠨ |
ᠰᠤᠳᠤᠯᠭᠠᠨ ᠤ ᠲᠥᠷᠥᠯ ᠵᠦᠶᠯ ᠢ ᠤᠯᠤᠰ ᠤᠨ ᠴᠢᠬᠤᠯᠠ ᠶᠡᠭᠡ ᠤᠷᠠᠯᠢᠭ ᠤᠨ ᠰᠤᠳᠤᠯᠭᠠᠨ ᠤ ᠰᠡᠳᠦᠪ ᠢᠶᠠᠷ |
ᠮᠡᠳᠡᠭᠦᠯᠬᠦ ᠶᠢ ᠲᠡᠳᠬᠦᠨ ᠳᠡᠮᠵᠢᠨ᠎ᠡ︔ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠰᠣᠶᠣᠯ ᠤᠷᠠᠯᠢᠭ ᠤᠨ ᠪᠦᠲᠦᠭᠡᠯ ᠢ |
ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠲᠤᠨ ᠭᠤᠣᠯ ᠤᠨ ᠤᠳᠬ᠎ᠠ ᠤᠷᠠᠯᠢᠭ ᠤᠨ ᠵᠣᠬᠢᠶᠠᠨ |
ᠪᠦᠲᠦᠭᠡᠵᠦ ᠦᠢᠯᠡᠳᠪᠦᠷᠢᠯᠡᠬᠦ ᠶᠢ ᠲᠤᠰᠬᠠᠶ ᠵᠦᠢᠯ ᠢᠶᠠᠷ ᠲᠡᠳᠬᠦᠬᠦ ᠲᠣᠭᠲᠠᠴᠠ ᠶᠢ ᠪᠠᠶᠢᠭᠤᠯᠤᠨ᠂ ᠬᠠᠲᠤᠨ ᠭᠤᠣᠯ |
ᠤᠨ ᠭᠤᠣᠯ ᠰᠡᠳᠦᠪᠲᠦ ᠤᠷᠠᠯᠢᠭ ᠤᠨ ᠪᠦᠲᠦᠭᠡᠯ ᠢ ᠲᠡᠳᠬᠦᠬᠦ ᠡᠷᠴᠢᠮ ᠢᠶᠠᠨ ᠨᠡᠮᠡᠭᠳᠡᠭᠦᠯᠦᠨ᠎ᠡ ᠃ |
ᠲᠦᠷᠪᠡ ᠳᠤ᠂ ᠰᠣᠶᠣᠯ ᠪᠠ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ |
ᠦᠷᠭᠦᠯᠵᠢᠯᠡᠨ ᠲᠡᠭᠦᠯᠳᠡᠷᠵᠢᠭᠦᠯᠦᠨ᠎ᠡ ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ |
ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠠᠬᠢᠵᠢᠭᠦᠯᠵᠦ᠂ ᠥᠪᠥᠷ ᠮᠣᠩᠭᠤᠯ ᠤᠨ ᠬᠠᠲᠤᠨ ᠭᠤᠤᠯ |
ᠤᠨ ᠬᠡᠰᠡᠭ ᠤᠨ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠬᠡ ᠶᠢᠨ ᠬᠥᠭᠵᠢᠯᠲᠡ ᠶᠢ ᠳᠡᠮᠵᠢᠵᠦ᠂ |
ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠣᠶᠣᠯ ᠤᠨ ᠲᠣᠮᠣ ᠬᠦᠷᠢᠶ᠎ᠡ ᠪᠠ ᠰᠣᠶᠣᠯ ᠤᠨ ᠡᠷᠦᠬᠡ |
ᠶᠢᠨ ᠪᠠᠶᠢᠭᠤᠯᠤᠯᠲᠠ ᠶᠢ ᠳᠠᠶᠢᠴᠢᠯᠠᠨ᠎ᠠ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ |
ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠶᠢ 300 ᠡᠭᠦᠳᠦᠨ ᠪᠠᠶᠢᠭᠤᠯᠤᠨ᠎ᠠ ᠃ |
ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠢ ᠰᠢᠨᠡᠴᠢᠯᠡᠵᠦ᠂ ᠬᠠᠳᠤᠨ ᠭᠤᠣᠯ |
ᠤᠨ ᠰᠣᠶᠣᠯ ᠤᠨ ᠭᠤᠣᠯ ᠰᠡᠳᠦᠪᠲᠦ ᠨᠡᠶᠢᠲᠡ ᠶᠢᠨ ᠠᠰᠠᠷᠠᠮᠵᠢ ᠪᠠᠷ ᠠᠷᠠᠳ ᠲᠤ ᠠᠰᠢᠭ ᠬᠦᠷᠲᠡᠭᠡᠬᠦ ᠦᠢᠯᠡᠳᠬᠦᠨ ᠢ |
ᠪᠣᠢ ᠪᠣᠯᠭᠠᠵᠤ᠂ ᠵᠢᠯ ᠪᠦᠷᠢ ᠰᠢ ᠵᠦᠴᠦᠭᠡ ᠶᠢ ᠬᠥᠳᠡᠭᠡ ᠲᠣᠰᠬᠤᠨ ᠳᠤ 400 ᠲᠠᠯᠠᠪᠠᠢ ᠠᠴᠠ ᠳᠡᠭᠡᠭᠰᠢ |
ᠲᠣᠭᠯᠠᠭᠤᠯᠤᠨ᠎ᠠ ᠃ |
ᠲᠠᠪᠤ ᠳᠤ᠂ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ |
ᠲᠦᠷᠭᠡᠳᠬᠡᠨ᠎ᠡ ᠃ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ ᠶᠢᠨ ᠰᠢᠨ᠎ᠡ |
ᠬᠡᠯᠪᠡᠷᠢ ᠶᠢ ᠪᠣᠶᠢᠵᠢᠭᠤᠯᠵᠤ᠂ ᠬᠠᠲᠤᠨ ᠭᠤᠤᠯ ᠤᠨ ᠰᠣᠶᠣᠯ ᠤᠯᠤᠰ ᠤᠨ ᠴᠡᠴᠡᠷᠯᠢᠭ ᠢ ᠪᠥᠲᠥᠭᠡᠨ ᠪᠠᠶᠢᠭᠤᠯᠵᠤ᠂ |
ᠵᠡᠭᠦᠨᠭᠠᠷ — ᠴᠢᠩ ᠱᠦᠶ ᠾᠧ ᠭᠤᠤᠯ ᠤᠨ ᠬᠠᠲᠤᠨ ᠭᠤᠤᠯ ᠤᠨ ᠶᠡᠭᠡ ᠬᠠᠪᠴᠢᠯ᠂ ᠰᠠᠨ ᠱᠧᠩ ᠬᠥᠩ ᠤᠰᠤᠨ |
ᠠᠰᠢᠭᠯᠠᠯᠲᠠ ᠶᠢᠨ ᠬᠦᠶᠰᠦ᠂ ᠦᠬᠠᠶ ᠨᠠᠭᠤᠷ ᠵᠡᠷᠭᠡ ᠨᠢᠭᠡ ᠪᠦᠯᠦᠭ ᠬᠠᠲᠤᠨ ᠭᠤᠤᠯ ᠤᠨ ᠰᠣᠶᠣᠯ ᠵᠢᠭᠤᠯᠴᠢᠯᠠᠯ |
ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ ᠃ ᠪᠣᠳᠠᠰ ᠤᠨ ᠪᠤᠰᠤ |
ᠰᠣᠶᠣᠯ ᠤᠨ ᠥᠪ ᠪᠠ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ |
ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ |
ᠤᠶᠢᠯᠠᠭᠠᠬᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠲᠥᠷᠥᠯ ᠵᠦᠢᠯ ᠥᠷᠨᠢᠭᠦᠯᠬᠦ ᠶᠢ ᠵᠣᠷᠢᠭᠵᠢᠭᠤᠯᠵᠤ᠂ |
ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠰᠢᠯᠢᠳᠡᠭ ᠲᠥᠷᠥᠯ ᠵᠦᠶᠯ ᠢ ᠦᠵᠡᠮᠵᠢ ᠶᠢᠨ ᠣᠷᠣᠨ᠂ |
ᠠᠮᠠᠷᠠᠯᠲᠠ ᠶᠢᠨ ᠣᠷᠣᠨ ᠳᠤ ᠣᠷᠣᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ |
ᠮᠠᠨᠳᠤᠭᠤᠯᠬᠤ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠵᠦ᠂ ᠨᠢᠭᠡ ᠪᠦᠯᠦᠭ |
ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ ᠪᠠ ᠪᠥᠬᠦ ᠤᠯᠤᠰ ᠤᠨ ᠬᠥᠳᠡᠭᠡ |
ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠤᠨ᠎ᠠ ᠃ ᠣᠷᠣᠨ ᠪᠦᠰᠡ |
ᠠᠯᠤᠰᠯᠠᠨ ᠤᠯᠠᠭᠠᠨᠴᠠᠪ ᠬᠤᠳᠠ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ |
ᠦᠬᠠᠢ ᠬᠤᠳᠠ ᠪᠣᠯᠤᠨ ᠠᠯᠠᠱᠠ ᠠᠶᠢᠮᠠᠭ ᠤᠨ ᠬᠠᠳᠤᠨ ᠭᠤᠣᠯ ᠳᠠᠭᠠᠤ ᠣᠷᠣᠨ ᠪᠦᠰᠡ ᠶᠢᠨ ᠰᠣᠶᠣᠯ ᠪᠠ |
ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠳᠤᠨ ᠭᠤᠣᠯ ᠤᠨ《 几ᠥᠰᠥᠭ ᠤᠨ |
ᠳᠤᠬᠤᠢ 》ᠰᠣᠶᠣᠯ ᠵᠢᠭᠤᠯᠴᠢᠯᠠᠯ ᠤᠨ ᠪᠦᠰᠡ ᠶᠢ ᠴᠣᠭᠴᠠᠯᠠᠨ᠎ᠠ ᠃ |
ᠠᠰᠠᠭᠤᠯᠲᠠ᠄ ᠬᠠᠲᠤᠨ ᠭᠤᠤᠯ ᠥᠪᠥᠷ ᠮᠣᠩᠭᠤᠯ ᠢᠶᠠᠷ 840 ᠭᠠᠷᠤᠶ ᠺᠢᠯᠣᠮᠧᠲᠷ ᠤᠷᠤᠰᠤᠨ ᠦᠩᠭᠡᠷᠡᠵᠦ |
ᠪᠠᠶᠢᠨ᠎ᠠ᠂ ᠥᠪᠥᠷ ᠮᠣᠩᠭᠤᠯ ᠶᠠᠮᠠᠷ ᠶᠠᠮᠠᠷ ᠬᠡᠯᠪᠡᠷᠢ ᠪᠠᠷ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ ᠢ |
ᠰᠠᠶᠢᠲᠤᠷ ᠶᠠᠷᠢᠬᠤ ᠪᠣᠶ︖ |
ᠬᠠᠷᠢᠭᠤᠯᠲᠠ᠄ ᠥᠪᠥᠷ ᠮᠣᠩᠭᠤᠯ ᠨᠢ ᠬᠠᠲᠤᠨ ᠭᠤᠤᠯ ᠤᠨ 《 几ᠥᠰᠥᠭ ᠤᠨ ᠳᠤᠬᠤᠢ 》 ᠶᠢᠨ |
ᠳᠡᠭᠡᠳᠦ ᠬᠠᠭᠠᠰ ᠬᠡᠰᠡᠭ ᠲᠤ ᠣᠷᠣᠰᠢᠵᠤ᠂ ᠭᠠᠵᠠᠷ ᠵᠦᠶ ᠶᠢᠨ ᠪᠠᠶᠢᠷᠢᠯᠠᠯ ᠨᠢ ᠥᠪᠡᠷᠮᠢᠴᠡ᠂ ᠰᠠᠪᠠ ᠭᠠᠵᠠᠷ ᠤᠨ |
ᠲᠠᠯᠠᠪᠠᠶ ᠨᠢ ᠥᠷᠭᠡᠨ ᠠᠭᠤᠳᠠᠮ ᠪᠠᠶᠢᠵᠤ᠂ ᠠᠮᠢ ᠠᠬᠤᠶ ᠶᠢᠨ ᠵᠠᠰᠠᠯᠲᠠ ᠶᠢᠨ ᠣᠷᠣᠨ᠂ ᠣᠯᠠᠨ ᠡᠰᠢᠲᠦ ᠰᠣᠶᠣᠯ |
ᠤᠨ ᠠᠭᠤᠰᠤᠯᠴᠠᠯ ᠨᠡᠶᠢᠯᠡᠯ ᠤᠨ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ᠂ ᠬᠢᠯᠢ ᠬᠢᠵᠠᠭᠠᠷ ᠣᠷᠣᠨ᠂ |
ᠴᠥᠭᠡᠨ ᠲᠣᠭᠠᠲᠤ ᠦᠨᠳᠦᠰᠦᠲᠡᠨ ᠤ ᠲᠥᠪᠯᠡᠷᠡᠭᠰᠡᠨ ᠣᠷᠣᠨ᠂ ᠤᠯᠠᠮᠵᠢᠯᠠᠯᠲᠤ ᠣᠨᠴᠠᠯᠢᠭᠲᠤ ᠮᠠᠯᠵᠢᠬᠤ ᠲᠠᠷᠢᠶᠠᠯᠠᠬᠤ |
ᠣᠷᠣᠨ ᠪᠠ ᠥᠪᠥᠷ ᠮᠣᠩᠭᠤᠯ ᠤᠨ ᠠᠵᠤ ᠠᠬᠤᠶ ᠶᠢᠨ ᠭᠤᠤᠯ ᠣᠷᠣᠨ ᠵᠡᠷᠭᠡ 《 ᠲᠤᠯᠤᠭᠠᠨ ᠣᠷᠣᠨ ᠢ |
ᠨᠢᠭᠡᠳᠬᠡᠭᠰᠡᠨ 》 ᠣᠷᠣᠨ ᠪᠦᠰᠡ ᠶᠢᠨ ᠣᠨᠴᠠᠯᠢᠭ ᠲᠠᠢ᠃ ᠬᠠᠲᠤᠨ ᠭᠤᠤᠯ ᠳᠠᠭᠠᠤ ᠶᠢᠨ ᠭᠠᠵᠠᠷ ᠣᠷᠣᠨ ᠳᠤ |
ᠪᠥᠬᠦ ᠤᠯᠤᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ |
ᠨᠡᠶᠢᠲᠡ 62 ᠪᠠᠶᠢᠵᠤ᠂ ᠪᠠᠶᠢᠯᠳᠤᠭᠠᠨᠲᠤ ᠤᠯᠤᠰ᠂ ᠴᠢᠨ᠂ ᠬᠠᠨ᠂ ᠤᠮᠠᠷᠠᠲᠤ ᠸᠧᠶ᠂ ᠤᠮᠠᠷᠠᠲᠤ ᠴᠢ᠂ ᠰᠦᠶ᠂ |
ᠠᠯᠲᠠᠨ ᠤᠯᠤᠰ᠂ ᠮᠢᠩ ᠵᠡᠷᠭᠡ ᠦᠶ᠎ᠡ ᠶᠢᠨ ᠣᠷᠳᠣ ᠴᠠᠭᠠᠨ ᠬᠡᠷᠡᠮ 655 . 25 ᠺᠢᠯᠣᠮᠧᠲᠷ ᠪᠠᠶᠢᠵᠤ᠂ ᠤᠯᠤᠰ |
ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠦᠶᠯᠡᠰ 24᠂ ᠤᠯᠤᠰ ᠤᠨ |
ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ 25᠂ ᠥᠪᠡᠷᠲᠡᠭᠡᠨ |
ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ 4 ᠪᠣᠶ ᠃ ᠬᠤᠶᠠᠷ 5 |
A ᠲᠠᠰ᠂ ᠨᠠᠶᠠᠨ ᠳᠥᠷᠪᠡᠨ 4 A ᠲᠠᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠠᠭᠲᠠᠭᠠᠭᠰᠠᠨ |
216 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠂ ᠬᠥᠬᠡᠬᠤᠲᠠ᠂ ᠪᠤᠭᠤᠲᠤ ᠬᠤᠲᠠ᠂ ᠣᠷᠳᠣᠰ |
ᠬᠤᠲᠠ ᠶᠢᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮ ᠤᠨ ᠵᠢᠱᠢᠶ᠎ᠡ |
ᠦᠵᠡᠭᠦᠯᠬᠦ ᠣᠷᠣᠨ ᠂ ᠣᠷᠳᠣᠰ ᠬᠤᠲᠠ ᠶᠢᠨ ᠪᠥᠬᠦ ᠤᠯᠤᠰ ᠤᠨ ᠵᠢᠭᠤᠯᠴᠢᠯᠠᠯ ᠤᠨ ᠦᠶᠯᠡᠰ ᠤᠨ |
ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠤᠰᠢᠭᠤᠴᠢ ᠣᠷᠣᠨ᠂ ᠴᠡᠯᠡᠭᠡᠷ ᠲᠠᠯ᠎ᠠ ᠵᠢᠭᠤᠯᠴᠢᠯᠠᠯ ᠤᠨ ᠣᠷᠣᠨ ( |
ᠬᠠᠷ᠎ᠠ ᠤᠰᠤ ) ᠤ ᠤᠯᠤᠰ ᠤᠨ ᠠᠩᠬᠠᠳᠠᠭᠴᠢ ᠪᠦᠯᠦᠭ ᠨᠤᠭᠤ ᠭᠠᠵᠠᠷ ᠤᠨ ᠵᠢᠭᠤᠯᠴᠢᠯᠠᠯ ᠤᠨ ᠵᠢᠱᠢᠶ᠎ᠡ |
ᠦᠵᠡᠭᠦᠯᠬᠦ ᠰᠠᠭᠤᠷᠢᠨ ᠭᠠᠵᠠᠷ ᠂ ᠥᠪᠥᠷ ᠮᠣᠩᠭᠤᠯ ᠤᠨ ᠢ ᠯᠢ ᠪᠦᠯᠦᠭᠯᠡᠯ ᠤᠨ ᠤᠯᠤᠰ ᠤᠨ ᠠᠵᠤ ᠦᠶᠯᠡᠳᠪᠦᠷᠢ |
ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠡᠭᠡᠷᠡᠯᠡᠭᠴᠢ e ᠠᠩᠬᠢ ᠠᠯᠠᠱᠠ ᠶᠢᠨ |
ᠬᠦᠰᠡᠯᠡᠩᠲᠦ ᠡᠯᠡᠰᠦᠨ ᠴᠥᠯ ᠤᠨ ᠮᠠᠰᠢᠨ ᠲᠡᠷᠭᠡᠨ ᠤ ᠠᠭᠠᠷ ᠤᠨ ᠠᠶᠠᠯᠠᠯ ᠤᠨ ᠴᠡᠩᠭᠡᠯ ᠤᠨ ᠬᠦᠷᠢᠶᠡᠯᠡᠩ ᠤᠯᠤᠰ |
ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢ ᠪᠠᠭᠲᠠᠭᠠᠭᠰᠠᠨ |
ᠨᠢᠭᠡ ᠪᠦᠯᠦᠭ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠥᠷᠥᠯ ᠵᠦᠶᠯ ᠪᠠᠶᠢᠨ᠎ᠠ ᠃ |
ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ ᠥᠪᠥᠷ |
ᠮᠣᠩᠭᠤᠯ ᠤᠨ ᠥᠪᠡᠷᠮᠢᠴᠡ ᠣᠨᠴᠠᠯᠢᠭ ᠪᠥᠬᠦᠶ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ |
ᠳᠠᠪᠠᠭᠤᠯᠢᠭ ᠲᠤ ᠲᠦᠰᠢᠭᠯᠡᠨ᠂ ᠪᠢᠳᠡ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠬᠠᠮᠲᠤᠷᠠᠭᠰᠠᠨ |
ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ |
ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠬᠠᠲᠤᠨ ᠭᠤᠤᠯ ᠤᠨ ᠵᠢᠭᠤᠯᠴᠢᠯᠠᠯ ᠤᠨ ᠡᠬᠢ ᠪᠠᠶᠠᠯᠢᠭ ᠪᠠ |
ᠦᠶᠯᠡᠳᠬᠦᠨ ᠢ ᠳᠡᠯᠭᠡᠷᠡᠭᠦᠯᠦᠨ᠎ᠡ ᠃ 《 ᠬᠠᠲᠤᠨ ᠭᠤᠤᠯ ᠤᠨ ᠰᠣᠶᠣᠯ ᠵᠢᠭᠤᠯᠴᠢᠯᠠᠯ 》 ᠤᠨ ᠤᠬᠠᠭᠤᠯᠭ᠎ᠠ ᠶᠢᠨ |
ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠪ ᠪᠠ ᠣᠷᠣᠨ ᠤ ᠳᠣᠲᠣᠷᠠᠬᠢ ᠵᠠᠭᠤᠴᠢᠯᠠᠭᠤᠷ ᠢ ᠵᠣᠬᠢᠶᠠᠨ |
ᠪᠠᠶᠢᠭᠤᠯᠵᠤ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠮᠠᠲ᠋ᠧᠷᠢᠶᠠᠯ ᠴᠤᠭᠯᠠᠭᠤᠯᠬᠤ ᠤᠬᠠᠭᠤᠯᠭ᠎ᠠ ᠶᠢ |
ᠥᠷᠨᠢᠭᠦᠯᠵᠦ᠂ ᠬᠠᠲᠤᠨ ᠭᠤᠤᠯ ᠤᠨ 《 几 ᠥᠰᠥᠭ ᠤᠨ ᠲᠣᠬᠤᠶ 》 ᠶᠢᠨ ᠪᠠᠷᠢᠮᠲᠠᠲᠤ ᠹᠢᠯᠢᠮ ᠤᠨ |
ᠰᠡᠭᠦᠳᠡᠷᠯᠡᠭᠡᠨ ᠢ ᠥᠷᠨᠢᠭᠦᠯᠵᠦ᠂ ᠣᠷᠳᠣᠰ ᠤᠨ ᠵᠡᠭᠦᠨᠭᠠᠷ ᠤᠨ ᠶᠡᠭᠡ ᠬᠠᠪᠴᠢᠯ᠂ ᠬᠥᠬᠡᠬᠤᠲᠠ ᠶᠢᠨ ᠯᠣᠤ ᠨᠢᠤ ᠸᠠᠨ |
ᠪᠤᠯᠤᠩ ᠢ ᠲᠥᠪᠯᠡᠷᠡᠭᠦᠯᠦᠨ ᠰᠤᠷᠪᠤᠯᠵᠢᠯᠠᠨ ᠮᠡᠳᠡᠭᠡᠯᠡᠵᠦ᠂ ᠡᠯ᠎ᠡ ᠲᠥᠷᠥᠯ ᠤᠨ ᠵᠠᠭᠤᠴᠢᠯᠠᠭᠤᠷ ᠢᠶᠠᠷ ᠳᠠᠮᠵᠢᠭᠤᠯᠤᠨ |
ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠬᠠᠲᠤᠨ ᠭᠤᠤᠯ ᠤᠨ ᠰᠣᠶᠣᠯ ᠢ |
ᠤᠬᠠᠭᠤᠯᠤᠨ ᠳᠡᠯᠭᠡᠷᠡᠭᠦᠯᠬᠦ ᠶᠢ ᠥᠷᠭᠡᠳᠬᠡᠨ᠎ᠡ ᠃ ᠬᠠᠲᠤᠨ ᠭᠤᠤᠯ ᠤᠨ 《 几 ᠥᠰᠥᠭ ᠤᠨ ᠲᠣᠬᠤᠶ 》 |
ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ᠂ ᠥᠪᠥᠷ ᠮᠣᠩᠭᠤᠯ ᠤᠨ |
ᠬᠠᠲᠤᠨ ᠭᠤᠤᠯ ᠤᠨ 《 几 ᠥᠰᠥᠭ ᠤᠨ ᠲᠣᠬᠤᠶ 》 ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠤᠯᠠᠷᠢᠯ |
ᠵᠡᠷᠭᠡ ᠨᠢᠭᠡ ᠪᠦᠯᠦᠭ ᠬᠠᠲᠤᠨ ᠭᠤᠤᠯ ᠤᠨ ᠰᠣᠶᠣᠯ ᠢᠶᠠᠷ ᠭᠤᠤᠯ ᠰᠡᠳᠦᠪ ᠪᠣᠯᠭᠠᠭᠰᠠᠨ ᠨᠠᠶᠢᠷ ᠨᠠᠭᠠᠳᠤᠮ᠂ |
ᠤᠷᠤᠯᠳᠤᠭᠠᠨ᠂ ᠲᠣᠭᠯᠠᠯᠲᠠ᠂ ᠦᠵᠡᠰᠬᠦᠯᠡᠩ ᠵᠡᠷᠭᠡ ᠠᠵᠢᠯᠯᠠᠭ᠎ᠠ ᠶᠢ ᠲᠥᠰᠥᠪᠯᠡᠨ ᠡᠷᠬᠢᠯᠡᠨ᠎ᠡ ᠃ ᠤᠯᠤᠰ ᠤᠨ |
ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠠᠭᠤᠰᠤᠯᠴᠠᠵᠤ᠂ 《 ᠳᠤᠮᠳᠠᠳᠤ ᠶᠢᠨ ᠡᠵᠢ ᠭᠤᠣᠯ |
》 ᠵᠡᠷᠭᠡ ᠤᠯᠤᠰ ᠤᠨ ᠲᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠳᠤ ᠣᠷᠣᠯᠴᠠᠵᠤ᠂ ᠬᠠᠳᠤᠨ |
ᠭᠤᠣᠯ ᠤᠨ 《几 ᠥᠰᠥᠭ ᠤᠨ ᠲᠣᠬᠤᠶ 》 ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ |
ᠬᠠᠳᠤᠨ ᠭᠤᠣᠯ ᠤᠨ ᠰᠣᠶᠣᠯ ᠤᠨ ᠳᠡᠯᠡᠬᠡᠢ ᠳᠤ ᠬᠢ ᠨᠥᠯᠥᠭᠡᠯᠡᠬᠦ ᠬᠦᠴᠦᠨ ᠢ ᠥᠷᠭᠡᠳᠬᠡᠨ᠎ᠡ ᠃ |
ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ |
ᠶᠢᠨ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ |
ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ |
ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯ ᠪᠢᠳᠡᠨ ᠤ ᠠᠵᠢᠯ ᠢᠶᠠᠨ ᠠᠬᠢᠭᠤᠯᠬᠤ |
ᠠᠵᠢᠯᠯᠠᠭᠠᠨ ᠤ ᠵᠦᠭᠯᠡᠭᠦᠷ᠂ ᠣᠶᠤᠨ ᠰᠠᠨᠠᠭᠠᠨ ᠤ ᠬᠦᠴᠦᠨ ᠪᠠ ᠦᠵᠡᠯ ᠰᠠᠨᠠᠭᠠᠨ ᠤ ᠵᠡᠪᠰᠡᠭ ᠮᠥᠨ᠂ ᠬᠠᠲᠤᠨ |
ᠭᠤᠤᠯ ᠭᠡᠬᠦ ᠡᠨᠡ ᠬᠦ ᠳᠠᠭᠤᠤ ᠶᠢ ᠦᠷᠭᠦᠯᠵᠢᠯᠡᠨ ᠰᠠᠶᠢᠲᠤᠷ ᠳᠠᠭᠤᠯᠠᠵᠤ᠂ ᠬᠠᠲᠤᠨ ᠭᠤᠤᠯ ᠭᠡᠬᠦ ᠡᠨᠡ ᠬᠦ ᠰᠢᠯᠦᠭ ᠢ |
ᠰᠠᠶᠢᠲᠤᠷ ᠤᠶᠠᠩᠭᠠᠯᠠᠵᠤ᠂ ᠬᠠᠲᠤᠨ ᠭᠤᠤᠯ ᠭᠡᠬᠦ ᠡᠨᠡ ᠬᠦ ᠵᠢᠷᠤᠭ ᠢ ᠰᠠᠶᠢᠲᠤᠷ ᠵᠢᠷᠤᠬᠤ ᠪᠣᠯ ᠪᠢᠳᠡᠨ ᠤ |
ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠮᠥᠨ ᠃ |