ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠷᠪᠠ ᠶᠢᠰᠦᠳᠦᠭᠡᠷ |
ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠣᠨᠢᠨ |
ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ |
ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ ᠭᠤᠣᠯ ᠰᠡᠳᠦᠪ ᠢ ᠨᠡᠶᠢᠲᠡᠯᠡᠪᠡ᠃ ᠥᠪᠡᠷᠲᠡᠭᠡᠨ |
ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ |
ᠪᠦᠷᠢᠯᠳᠦᠭᠦᠨ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ᠂ |
ᠬᠦᠷᠢᠶᠡᠯᠡᠩ ᠤᠨ ᠳᠠᠷᠤᠭ᠎ᠠ ᠯᠢ ᠯᠢ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ |
ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠰᠣᠨᠢᠨ |
ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ |
ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ |
ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠶᠠᠷᠢᠶ᠎ᠠ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ |
ᠷᠦᠢ ᠬᠤᠸᠠ |
ᠡᠩ ᠲᠡᠷᠢᠭᠦᠨ ᠳᠤ᠂ ᠪᠢ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ |
ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠡᠮᠦᠨ᠎ᠡ ᠠᠴᠠ ᠲᠠ ᠪᠦᠬᠦᠨ ᠤ |
ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠬᠤ ᠪᠠᠷ ᠢᠷᠡᠭᠰᠡᠨ ᠢ ᠪᠠᠶᠠᠷᠯᠠᠨ ᠤᠭᠲᠤᠵᠤ |
ᠪᠠᠶᠢᠨ᠎ᠠ ᠃ |
ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ ᠳᠤᠮᠳᠠᠳᠤ ᠤᠯᠤᠰ · ᠥᠪᠥᠷ |
ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠪᠥᠬᠦ ᠲᠠᠯ᠎ᠠ ᠶᠢᠨ |
ᠪᠠᠶᠢᠷᠢᠯᠠᠭᠤᠯᠤᠯᠲᠠ ᠶᠣᠰᠣᠭᠠᠷ᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ |
ᠲᠠᠯ᠎ᠠ ᠨᠤᠲᠤᠭ ᠤᠨ ᠰᠣᠶᠣᠯ ᠤᠨ ᠨᠠᠶᠢᠷ ᠢ 2022 ᠣᠨ ᠤ 7 ᠰᠠᠷ᠎ᠠ ᠶᠢᠨ 30 ᠤ ᠡᠳᠦᠷ ᠠᠴᠠ 8 ᠰᠠᠷ᠎ᠠ ᠶᠢᠨ |
31 ᠤ ᠡᠳᠦᠷ ᠪᠣᠯᠲᠠᠯ᠎ᠠ ᠬᠥᠬᠡᠬᠤᠲᠠ ᠳᠤ ᠡᠷᠭᠢᠯᠡᠬᠦ ᠪᠠᠷ ᠪᠣᠶ᠃ ᠳᠣᠣᠷ᠎ᠠ ᠪᠢ ᠤᠯᠠᠨ ᠳᠤ ᠲᠤᠰ ᠬᠤᠭᠤᠴᠠᠭᠠᠨ ᠤ |
ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠶ᠎ᠠ᠃ |
ᠨᠢᠭᠡ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠰᠡᠳᠦᠪᠲᠦ ᠪᠠᠶᠢᠷᠢ |
ᠲᠣᠭᠲᠠᠭᠠᠯᠲᠠ |
ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ︽ ᠰᠤᠶᠤᠯ ᠪᠤᠯᠪᠠᠰᠤᠨ ᠢᠶᠠᠷ |
ᠤᠮᠠᠷᠠᠲᠤ ᠬᠢᠯᠢ ᠶᠢ ᠬᠡᠶᠢᠭᠦᠯᠵᠦ ᠰᠦᠭ ᠰᠦᠨᠡᠰᠦ ᠶᠢ ᠱᠤᠭᠤᠨ ᠬᠦᠰᠡᠯ ᠵᠡᠭᠦᠲᠦ ᠪᠠᠨ ᠲᠡᠷᠭᠡᠯᠰᠢᠭᠦᠯᠬᠦ︾ |
ᠰᠡᠳᠦᠪ ᠢᠶᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ |
ᠴᠠᠭ ᠦᠶ᠎ᠡ ᠶᠢᠨ ᠭᠤᠣᠯ ᠰᠡᠳᠦᠪ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ |
ᠤᠬᠠᠮᠰᠠᠷ ᠤᠨ ᠭᠤᠣᠯ ᠰᠢᠵᠢᠮ ᠳᠤ ᠠᠩᠬᠠᠷᠤᠯ ᠲᠦᠪᠯᠡᠷᠡᠭᠦᠯᠵᠦ ︽ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ |
ᠲᠦᠮᠡᠨ ᠤ ᠨᠢᠵᠢᠭᠡᠷ ᠪᠠᠶᠠᠷ︾ ᠤᠨ ᠨᠠᠶᠢᠷ ᠡᠷᠭᠢᠯᠡᠬᠦ ᠵᠣᠷᠢᠯᠲᠠ ᠶᠢ ᠪᠠᠷᠢᠮᠲᠠᠯᠠᠵᠤ᠂ ᠭᠤᠣᠯ ᠰᠡᠳᠦᠪ ᠲᠣᠪᠣᠶᠢᠮ᠎ᠠ᠂ |
ᠰᠣᠳᠣᠨ ᠪᠦᠲᠦᠭᠡᠯ ᠡᠯᠪᠡᠭ᠂ ᠣᠯᠠᠨ ᠲᠦᠮᠡᠨ ᠤ ᠲᠠᠭᠠᠰᠢᠶᠠᠯ ᠳᠤ ᠬᠦᠷᠦᠭᠰᠡᠨ᠂ ᠰᠣᠶᠣᠯ ᠢ ᠬᠠᠮᠲᠤᠪᠠᠷ ᠡᠳ᠋ᠯᠡᠬᠦ |
ᠦᠪᠡᠳᠡᠭᠰᠢ ᠴᠤᠭᠯᠠᠭᠠᠨ ᠢ ᠪᠣᠶ ᠪᠣᠯᠭᠠᠵᠤ᠂ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠨᠠᠷᠠᠲᠤ ᠲᠥᠷᠥᠯ |
ᠲᠡᠮᠳᠡᠭᠲᠦ ᠶᠢ ᠰᠢᠯᠢᠳᠡᠭᠵᠢᠭᠦᠯᠦᠨ ᠨᠠᠷᠢᠯᠢᠭᠵᠢᠭᠤᠯᠵᠤ ᠂ ᠠᠷᠠᠳ ᠣᠯᠠᠨ ᠤ ᠣᠯᠠᠨ ᠶᠠᠩᠵᠤ ᠶᠢᠨ᠂ ᠣᠯᠠᠨ ᠲᠠᠰ |
ᠳᠠᠪᠬᠤᠷᠭ᠎ᠠ ᠶᠢᠨ᠂ ᠣᠯᠠᠨ ᠲᠠᠯ᠎ᠠ ᠶᠢᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ |
ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠭᠦᠨ ᠵᠤᠵᠠᠭᠠᠨ ᠬᠥᠷ |
ᠬᠥᠭᠵᠢᠶᠡᠨ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠪᠠ ᠃ |
ᠬᠤᠶᠠᠷ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠠᠵᠢᠯᠯᠠᠭ᠎ᠠ ᠶᠢᠨ |
ᠲᠣᠬᠢᠷᠠᠭᠤᠯᠤᠯᠲᠠ |
ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠨᠡᠶᠢᠲᠡ 6 ᠶᠡᠭᠡ ᠬᠡᠰᠡᠭ᠂ 25 |
ᠵᠦᠢᠯ ᠤᠨ ᠠᠵᠢᠯᠯᠠᠭ᠎ᠠ ᠲᠤᠬᠢᠷᠠᠭᠤᠯᠪᠠ ᠃ |
ᠨᠢᠭᠡ ᠳᠤ᠂ ᠡᠬᠢᠯᠡᠯᠲᠡ ᠶᠢᠨ ᠶᠣᠰᠣᠯᠠᠯ᠃ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ |
ᠨᠢ ︽ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠦᠲᠡᠰᠢᠯᠡᠭᠡ︾ ᠪᠠᠷ ᠡᠬᠢᠯᠡᠯᠲᠡ ᠶᠢᠨ ᠶᠣᠰᠣᠯᠠᠯ ᠪᠣᠯᠭᠠᠵᠤ᠂ |
7 ᠳ᠋ᠤᠭᠠᠷ ᠰᠠᠷ᠎ᠠ ᠶᠢᠨ 30 ᠤ ᠣᠷᠣᠢ ᠶᠢᠨ 8 ᠴᠠᠭ ᠲᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ |
ᠣᠷᠳᠣᠨ ᠳᠤ ᠶᠠᠪᠤᠭᠳᠠᠨ᠎ᠠ᠃ᠡᠬᠢᠯᠡᠯᠲᠡ ᠶᠢᠨ ᠶᠣᠰᠣᠯᠠᠯ ᠳᠤ ᠲᠣᠰ ᠬᠤᠭᠤᠴᠠᠭᠠᠨ ᠤ ᠲᠠᠯ᠎ᠠ ᠨᠤᠲᠤᠭ ᠤᠨ |
ᠰᠣᠶᠣᠯ ᠤᠨ ᠨᠠᠶᠢᠷ ᠤᠨ ᠭᠤᠣᠯ ᠰᠡᠳᠦᠪᠲᠦ ᠪᠠᠶᠢᠷᠢ ᠲᠣᠭᠲᠠᠭᠠᠯᠲᠠ ᠶᠢ ᠲᠣᠪᠤᠶᠢᠯᠭᠠᠨ᠂ ᠲᠥᠬᠦᠮ ᠠᠪᠰᠠᠷᠬᠠᠨ᠂ |
ᠰᠣᠩᠭᠤᠳᠠᠭ ᠬᠡᠪ ᠨᠠᠮᠪᠠ ᠶᠢ ᠪᠠᠷᠢᠮᠲᠠᠯᠠᠵᠤ᠂ ᠥᠪᠥᠷ ᠮᠣᠩᠭᠤᠯ ᠤᠨ20 ᠭᠠᠷᠤᠢ ᠨᠠᠷᠠᠲᠤ ᠳᠠᠭᠤᠴᠢᠨ᠂ |
ᠬᠥᠭᠵᠢᠮ ᠤᠨ ᠠᠩᠭᠢ ᠶᠢ ᠤᠷᠢᠵᠤ ᠂ ᠣᠯᠠᠨ ᠳᠤ ᠭᠤᠶᠢᠳᠠ ᠰᠠᠶᠢᠬᠠᠨ ᠲᠣᠭᠯᠠᠯᠲᠠ ᠲᠤᠯᠢᠯᠠᠭᠤᠯᠤᠨᠠ᠃ |
ᠬᠤᠶᠠᠷ ᠲᠤ ᠣᠨᠴᠠ ᠤᠷᠢᠭᠰᠠᠨ ᠪᠦᠲᠦᠭᠡᠯ ᠤᠨ ᠦᠵᠡᠭᠦᠯᠭᠡ ᠃ ᠭᠤᠣᠯᠳᠠᠭᠤ ᠤᠯᠠᠨ ᠬᠦᠷᠢᠶᠡᠨ ᠤ |
ᠰᠣᠶᠣᠯ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠣᠷᠣᠨ ᠪᠦᠰᠡ ᠶᠢᠨ |
ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠠᠷᠢᠯᠴᠠᠨ ᠰᠤᠷᠤᠯᠴᠠᠵᠦ ᠬᠠᠷᠢᠯᠴᠠᠨ |
ᠲᠤᠯᠢᠯᠠᠵᠤ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ |
ᠪᠤᠢ ᠪᠣᠯᠭᠠᠬᠤ ᠪᠠ ᠲᠤᠪᠤᠶᠢᠯᠭᠠᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠷᠠᠯᠢᠭ ᠤᠨ ᠵᠣᠬᠢᠶᠠᠨ |
ᠪᠦᠲᠦᠭᠡᠯᠭᠡ ᠶᠢᠨ ᠳᠣᠲᠣᠭᠠᠳᠤ ᠠᠮᠢᠳᠤᠷᠠᠯ ᠤᠨ ᠬᠦᠴᠦᠨ ᠢ ᠳᠠᠰᠤᠷᠠᠯᠳᠠ ᠦᠭᠡᠢ ᠬᠥᠭᠵᠢᠭᠡᠨ᠎ᠡ᠃ ᠡᠭᠦᠨ ᠳᠤ ᠲᠣᠮᠣ |
ᠬᠡᠯᠪᠡᠷᠢ ᠶᠢᠨ ᠨᠠᠶᠢᠷᠠᠯ ᠳᠠᠭᠤᠤ ︽ᠵᠠᠮᠴᠢᠯᠠᠭᠴᠢ ᠂ ᠵᠠᠭᠤᠨ ᠵᠢᠯ ᠤᠨ ᠭᠡᠷᠡᠯ ᠭᠢᠯᠪᠠᠭ᠎ᠠ︾᠂ ︽ᠲᠤᠷᠤᠨ᠎ᠠ ᠵᠦᠭ |
ᠲᠤᠶᠠᠭᠠᠷᠠᠯ᠎ᠠ︾᠂ ᠳᠤᠮᠳᠠᠳᠤ ᠭᠠᠳᠠᠭᠠᠳᠤ ᠶᠢᠨ ᠨᠡᠷᠡᠳᠦ ᠬᠥᠮᠥᠰ ᠤᠨ ᠰᠣᠩᠭᠤᠳᠠᠭ ᠳᠠᠭᠤᠤ ᠬᠥᠭᠵᠢᠮ ᠤᠨ |
ᠴᠢᠭᠤᠯᠭᠠᠨ᠂ ᠰᠣᠩᠭᠤᠳᠠᠭ ᠬᠤᠪᠢᠰᠬᠠᠯᠲᠤ ᠳᠠᠭᠤᠷᠢ ︽ᠰᠢᠶᠣᠣ ᠡᠯ ᠾᠧᠢ ᠬᠤᠷᠢᠮᠯᠠᠭᠰᠠᠨ︾᠂ ᠪᠥᠵᠢᠭᠲᠦ ᠵᠦᠴᠦᠭᠡ |
︽ᠺᠦᠩᠽᠢ︾᠂ ᠼᠢᠷᠺ ᠵᠦᠴᠦᠭᠡ ︽ᠵᠠᠯᠠᠭᠤ ᠨᠠᠰᠤ ing︾᠂ ᠶᠧᠯᠸᠢ ᠵᠦᠴᠦᠭᠡ ︽ᠪᠢ ᠬᠡᠨ ᠪᠤᠢ︾ᠵᠡᠷᠭᠡ 7 ᠵᠦᠢᠯ ᠤᠨ |
ᠠᠵᠢᠯᠯᠠᠭ᠎ᠠ ᠪᠠᠭᠲᠠᠨ᠎ᠠ᠃ |
ᠭᠤᠷᠪᠠ ᠳᠤ᠂ ᠰᠢᠯᠢᠳᠡᠭ ᠵᠦᠴᠦᠭᠡ ᠶᠢᠨ ᠦᠵᠡᠭᠦᠯᠭᠡ ᠃ᠡᠨᠡᠬᠦ ᠬᠡᠰᠡᠭ ᠲᠤ ᠭᠤᠣᠯᠳᠠᠭᠤ ᠳᠤᠮᠳᠠᠳᠤ ᠶᠢᠨ ᠰᠢ |
ᠵᠦᠴᠦᠭᠡ ᠶᠢᠨ ᠨᠡᠷᠡᠳᠦ ᠬᠥᠮᠥᠰ ᠢ ᠤᠷᠢᠨ ᠲᠠᠭᠤᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠰᠢᠯᠢᠳᠡᠭ |
ᠵᠦᠴᠦᠭᠡ ᠶᠢ ᠳᠡᠯᠭᠡᠨ ᠲᠣᠭᠯᠠᠭᠤᠯᠬᠤ ᠪᠠᠷ ᠳᠠᠮᠵᠢᠭᠤᠯᠵᠤ᠂ ᠳᠤᠮᠳᠠᠳᠤ ᠶᠢᠨ ᠰᠢ ᠵᠦᠴᠦᠭᠡ ᠶᠢᠨ ᠤᠷᠠᠯᠢᠭ ᠢ ᠨᠡᠩ |
ᠰᠠᠶᠢᠲᠤᠷ ᠤᠯᠠᠮᠵᠢᠯᠠᠵᠤ᠂ ᠥᠪᠥᠷ ᠮᠣᠩᠭᠤᠯ ᠤᠨ ᠣᠷᠣᠨ ᠨᠤᠲᠤᠭ ᠤᠨ ᠰᠢ ᠵᠦᠴᠦᠭᠡ ᠶᠢᠨ ᠬᠥᠭᠵᠢᠯᠲᠡ ᠶᠢ |
ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠬᠦ ᠲᠦᠪᠰᠢᠨ ᠢ |
ᠳᠡᠭᠡᠭᠰᠢᠯᠡᠭᠦᠯᠦᠨ᠎ᠡ᠃ ᠡᠭᠦᠨ ᠳᠤ ᠪᠥᠵᠢᠭᠲᠦ ᠵᠦᠴᠦᠭᠡ ︽ᠮᠣᠷᠢᠲᠤ ᠴᠡᠷᠢᠭ︾᠂ ᠼᠢᠷᠺ ᠵᠦᠴᠦᠭᠡ ︽ᠪᠢᠳᠡᠨ ᠤ |
ᠰᠠᠶᠢᠨ ᠰᠠᠶᠢᠬᠠᠨ ᠠᠮᠢᠳᠤᠷᠠᠯ︾᠂ ᠱᠠᠨ ᠰᠢ ᠵᠦᠴᠦᠭᠡ ︽ ᠡᠤ ᠬᠠᠨ ᠳ᠋ᠢᠩ︾᠂ ᠳᠠᠭᠤᠤ ᠬᠥᠭᠵᠢᠮᠲᠦ ᠵᠦᠴᠦᠭᠡ |
︽ ᠱᠧᠩ ᠯᠧ ᠶᠢᠨ ᠴᠠᠭ ᠡᠷᠢᠨ︾᠂ ᠳᠤᠮᠳᠠᠳᠤ ᠶᠢᠨ ᠰᠢ ᠲᠠᠭᠤᠤᠷᠢᠯᠢᠬ ᠤᠨ ᠨᠠᠷᠠᠲᠤ ᠬᠥᠮᠥᠰ ᠤᠨ ᠨᠠᠷᠠᠲᠤ |
ᠬᠡᠰᠡᠭ ᠤᠨ ᠳᠠᠭᠤᠤ ᠶᠢᠨ ᠦᠳᠡᠰᠢᠯᠡᠭᠡ᠂ ᠤᠯᠠᠭᠠᠨᠮᠥ᠋ᠴᠢᠷ ᠤᠨ ᠰᠢᠯᠢᠳᠡᠭ ᠵᠦᠴᠦᠭᠡ ︵ᠬᠡᠰᠡᠭ︶ ᠶᠢᠨ |
ᠦᠵᠡᠭᠦᠯᠭᠡ ᠶᠢᠨ ᠲᠣᠭᠯᠠᠯᠲᠠ ᠵᠡᠷᠭᠡ 6 ᠵᠦᠢᠯ ᠤᠨ ᠠᠵᠢᠯᠯᠠᠭ᠎ᠠ ᠪᠠᠭᠲᠠᠨ᠎ᠠ᠃ |
ᠳᠥᠷᠪᠡ ᠳᠤ᠂ ᠳᠠᠭᠤᠤ ᠬᠥᠭᠵᠢᠮ ᠤᠨ ᠲᠤᠰᠬᠠᠢ ᠰᠡᠳᠦᠪᠲᠦ ᠦᠵᠡᠭᠦᠯᠭᠡ ᠶᠢᠨ ᠲᠣᠭᠯᠠᠯᠲᠠ᠃ ᠭᠤᠣᠯᠳᠠᠭᠤ |
ᠪᠦᠲᠦᠭᠡᠯ ᠡᠯᠰᠡᠬᠦ᠂ ᠤᠷᠤᠯᠳᠤᠬᠤ᠂ ᠬᠠᠷᠢᠭᠤ ᠲᠣᠭᠯᠠᠯᠲᠠ ᠭᠠᠷᠭᠠᠬᠤ᠂ ᠳᠤᠯᠢᠯᠴᠠᠨ ᠲᠣᠯᠢᠯᠠᠬᠤ ᠵᠡᠷᠭᠡ ᠣᠯᠠᠨ |
ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠣᠩᠭᠤᠳᠠᠭ ᠳᠠᠭᠤᠤ ᠬᠥᠭᠵᠢᠮ ᠢ ᠠᠮᠢᠯᠠᠭᠤᠯᠵᠤ᠂ ᠰᠢᠨ᠎ᠡ ᠪᠠᠷ |
ᠵᠤᠬᠢᠶᠠᠨ ᠪᠦᠲᠦᠭᠡᠨ᠂ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠷᠠᠲᠤ ᠲᠥᠷᠥᠯ ᠲᠡᠮᠳᠡᠭᠲᠦ ᠶᠢ ᠪᠣᠶ |
ᠪᠣᠯᠭᠠᠵᠤ᠂ ᠥᠪᠥᠷ ᠮᠣᠩᠭᠤᠯ ᠤᠨ ᠳᠠᠭᠤᠤ ᠬᠥᠭᠵᠢᠮ ᠤᠨ ᠬᠤᠷᠠᠮᠠᠯ ᠳᠠᠪᠠᠭᠤᠯᠢᠭ ᠢ ᠪᠣᠶ ᠪᠣᠯᠭᠠᠨ᠎ᠠ᠃ ᠡᠭᠦᠨ ᠳᠤ |
ᠣᠯᠠᠨ ᠲᠦᠮᠡᠨ ᠤ ᠨᠠᠶᠢᠷᠠᠯ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠪᠦᠲᠦᠭᠡᠯ ᠤᠨ |
ᠦᠵᠡᠭᠦᠯᠭᠡ ᠶᠢᠨ ᠲᠣᠭᠯᠠᠯᠲᠠ᠂ ᠨᠠᠶᠢᠷᠠᠯ ᠬᠥᠭᠵᠢᠮ ᠤᠨ ᠵᠢᠷᠤᠭ ︽ᠮᠢᠩᠭᠠᠨ ᠭᠠᠵᠠᠷ ᠤᠨ ᠲᠥᠷᠥ︾᠂ ᠪᠥᠬᠦ |
ᠣᠷᠣᠨ ᠤ ᠭᠡᠷ ᠳᠣᠲᠣᠷᠠᠬᠢ ᠳᠠᠭᠤᠤ ᠬᠥᠭᠵᠢᠮ ᠤᠨ ᠤᠷᠤᠯᠳᠤᠭᠠᠨ ᠤ ᠱᠠᠩᠨᠠᠯ ᠭᠥᠷᠳᠡᠭᠰᠡᠨ ᠪᠦᠲᠦᠭᠡᠯ ᠤᠨ |
ᠳᠠᠭᠤᠤ ᠶᠢᠨ ᠦᠳᠡᠰᠢᠯᠡᠭᠡ᠂ ᠮᠣᠷᠢᠨ ᠬᠤᠭᠤᠷ ᠤᠨ ᠲᠤᠰᠬᠠᠢ ᠲᠠᠯᠠᠪᠠᠶ ᠶᠢᠨ ᠳᠠᠭᠤᠤ ᠬᠥᠭᠵᠢᠮ ᠤᠨ ᠦᠳᠡᠰᠢᠯᠡᠭᠡ᠂ |
ᠬᠥᠭᠵᠢᠮ ᠤᠨ ᠬᠠᠪᠰᠤᠷᠤᠯ ᠦᠭᠡᠢ ᠨᠠᠶᠢᠷᠠᠯ ᠳᠠᠭᠤᠤ ᠶᠢᠨ ᠦᠳᠡᠰᠢᠯᠡᠭᠡ᠂ ︽ᠮᠥᠩᠬᠡ ᠶᠢᠨ ᠬᠥᠭ ᠠᠶᠠᠰ︾ ᠨᠠᠶᠢᠷᠠᠯ |
ᠬᠥᠭᠵᠢᠮ ᠤᠨ ᠦᠳᠡᠰᠢᠯᠡᠭᠡ ᠵᠡᠷᠭᠡ 6 ᠵᠦᠢᠯ ᠤᠨ ᠠᠵᠢᠯᠯᠠᠭ᠎ᠠ ᠪᠠᠭᠲᠠᠨ᠎ᠠ᠃ |
ᠲᠠᠪᠤ ᠳᠤ ᠂ ᠳᠡᠯᠭᠡᠨ ᠦᠵᠡᠭᠦᠯᠬᠦ ᠠᠵᠢᠯᠯᠠᠭ᠎ᠠ᠃ ᠭᠤᠣᠯ ᠰᠡᠳᠦᠪᠲᠦ ᠦᠵᠡᠭᠦᠯᠭᠡ ᠪᠠᠷ ᠭᠤᠣᠯ ᠠᠭᠤᠯᠭ᠎ᠠ |
ᠪᠣᠯᠭᠠᠵᠤ᠂ ᠲᠥᠷᠥᠯ ᠵᠦᠢᠯ ᠣᠯᠠᠨ ᠶᠠᠩᠵᠤ ᠶᠢᠨ᠂ ᠬᠡᠯᠪᠡᠷᠢ ᠮᠠᠶ᠋ᠢᠭ ᠰᠢᠨ᠎ᠡ ᠰᠡᠪᠡᠭᠦᠨ ᠰᠣᠶᠣᠯ ᠤᠷᠠᠯᠢᠭ ᠤᠨ |
ᠦᠵᠡᠭᠦᠯᠭᠡ ᠪᠠᠷ ᠳᠠᠮᠵᠢᠭᠤᠯᠤᠨ᠂ ᠭᠦᠨ ᠵᠤᠵᠠᠭᠠᠨ ᠰᠣᠶᠣᠯ ᠤᠷᠠᠯᠢᠭ ᠤᠨ ᠠᠭᠤᠷ ᠠᠮᠢᠰᠬᠤᠯ ᠢ ᠪᠣᠶ ᠪᠣᠯᠭᠠᠵᠤ᠂ |
ᠦᠵᠡᠭᠴᠢᠳ ᠤᠨ ᠬᠦᠨ ᠬᠦᠨᠵᠡᠭᠡᠢ ᠣᠶᠢᠯᠠᠭᠠᠯᠲᠠ ᠶᠢ ᠨᠡᠮᠡᠭᠳᠡᠭᠦᠯᠦᠨ᠎ᠡ᠃ᠡᠭᠦᠨ ᠳᠤ ︽ᠦᠵᠡᠰᠬᠦᠯᠡᠩᠲᠦ ᠰᠠᠶᠢᠬᠠᠨ |
ᠤᠮᠠᠷᠠᠲᠤ ᠬᠢᠯᠢ ᠪᠠᠷ ᠲᠠᠪᠠᠲᠠᠢ ᠰᠠᠶᠢᠬᠠᠨ ᠠᠶᠠᠯᠠᠶ᠎ᠠ︾ ᠥᠪᠥᠷ ᠮᠣᠩᠭᠤᠯ ᠤᠨ ᠥᠩᠭᠡ ᠦᠵᠡᠮᠵᠢ ᠶᠢᠨ ᠬᠡᠷᠡᠯ |
ᠵᠢᠷᠤᠭ ᠤᠨ ᠦᠵᠡᠰᠬᠦᠯᠡᠩ᠂ ᠪᠥᠬᠦ ᠣᠷᠣᠨ ᠤ ᠤᠷᠠᠨ ᠪᠢᠴᠢᠯᠭᠡ ᠭᠤᠷ ᠰᠡᠶᠢᠯᠦᠮᠡᠯ ᠤᠨ ᠦᠵᠡᠰᠬᠦᠯᠡᠩ᠂ ︽ |
ᠦᠵᠡᠰᠬᠦᠯᠡᠩᠲᠦ ᠰᠠᠶᠢᠬᠠᠨ ᠳᠤᠮᠳᠠᠳᠤ ᠤᠯᠤᠰ · ᠥᠪᠥᠷ ᠮᠣᠩᠭᠤᠯ ᠤᠨ ᠳᠦᠷᠢ ᠲᠥᠷᠬᠦ︾ ᠭᠡᠬᠦ ᠭᠤᠣᠯ ᠰᠡᠳᠦᠪᠲᠦ |
ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ᠂ ᠬᠤᠩᠱᠠᠨ · ᠯᠢᠶᠠᠩᠵᠤ ᠰᠣᠶᠣᠯ ᠲᠡᠦᠬᠡ ᠶᠢᠨ ᠳᠤᠷᠠᠰᠬᠠᠯᠲᠤ |
ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠵᠡᠷᠭᠡ 4 ᠵᠦᠢᠯ ᠤᠨ ᠠᠵᠢᠯᠯᠠᠭ᠎ᠠ ᠪᠠᠭᠲᠠᠨ᠎ᠠ᠃ |
ᠵᠢᠷᠭᠤᠭ᠎ᠠ ᠳᠤ᠂ ᠲᠡᠭᠦᠰᠬᠦ ᠶᠣᠰᠣᠯᠠᠯ᠃ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ |
ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ |
ᠣᠯᠭᠤᠬᠤ ᠶᠣᠰᠣᠯᠠᠯ ᠢᠶᠠᠷ ᠲᠡᠭᠦᠰᠬᠦ ᠶᠣᠰᠣᠯᠠᠯ ᠪᠣᠯᠭᠠᠵᠤ᠂ ᠵᠢᠷᠤᠮᠵᠢᠯ ᠤᠨ ᠴᠢᠨᠠᠷᠲᠠᠢ ᠱᠠᠩᠨᠠᠯ ᠤᠨ ᠬᠥᠲᠥᠯᠥᠨ |
ᠳᠠᠭᠠᠭᠤᠯᠬᠤ ᠴᠢᠨᠠᠷ ᠪᠠ ᠵᠢᠱᠢᠶ᠎ᠡ ᠦᠵᠡᠭᠦᠯᠬᠦ ᠴᠢᠨᠠᠷ ᠢ ᠴᠢᠩᠭᠠᠷᠠᠭᠤᠯᠤᠨ᠎ᠠ᠃ |
ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠠᠭᠤᠯᠭ᠎ᠠ ᠨᠢ ᠪᠠᠶᠠᠯᠢᠭ᠂ ᠣᠨᠴᠠᠯᠢᠭ |
ᠨᠢ ᠲᠣᠪᠣᠶᠢᠮ᠎ᠠ ᠪᠠᠶᠢᠵᠤ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠣᠰ ᠬᠤᠭᠤᠴᠠᠭᠠᠨ ᠤ ᠲᠠᠯ᠎ᠠ |
ᠨᠤᠲᠤᠭ ᠤᠨ ᠰᠣᠶᠣᠯ ᠤᠨ ᠨᠠᠶᠢᠷ ᠢ ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠨᠠᠶᠢᠷ ᠤᠨ ᠡᠳᠦᠷ |
ᠪᠣᠯᠭᠠᠨ ᠡᠷᠭᠢᠯᠡᠬᠦ ᠨᠢ ᠯᠠᠪᠲᠠᠢ ᠭᠡᠳᠡᠭ ᠢ ᠪᠢᠳᠡ ᠢᠲᠡᠭᠡᠵᠦ ᠪᠠᠶᠢᠨ᠎ᠠ᠃ ᠵᠠᠭᠤᠴᠢᠯᠠᠭᠤᠷ ᠤᠨ ᠨᠠᠶᠢᠵᠠ ᠨᠠᠷ ᠲᠤᠰ |
ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ ᠪᠠᠶᠢᠭ᠎ᠠ |
ᠪᠠᠶᠢᠳᠠᠯ ᠢ ᠬᠠᠯᠠᠮᠵᠢᠯᠠᠨ ᠠᠩᠬᠠᠷᠴᠤ᠂ ᠰᠣᠶᠣᠯ ᠤᠨ ᠨᠠᠶᠢᠷ ᠤᠨ ᠡᠯ᠎ᠡ ᠵᠦᠢᠯ ᠤᠨ ᠠᠵᠢᠯᠯᠠᠭ᠎ᠠ ᠶᠢ |
ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠰᠤᠷᠪᠤᠯᠵᠢᠯᠠᠵᠤ᠂ ᠰᠠᠶᠢᠲᠤᠷ ᠤᠬᠠᠭᠤᠯᠵᠤ᠂ ᠪᠠᠶᠠᠷ ᠤᠨ ᠡᠮᠦᠨᠡᠬᠢ᠂ |
ᠪᠠᠶᠠᠷ ᠤᠨ ᠳᠤᠮᠳᠠᠬᠢ ᠪᠠ ᠪᠠᠶᠠᠷ ᠤᠨ ᠬᠤᠶᠢᠨᠠᠬᠢ ᠡᠯ᠎ᠡ ᠵᠦᠢᠯ ᠤᠨ ᠤᠬᠠᠭᠤᠯᠤᠨ ᠮᠡᠳᠡᠭᠡᠯᠡᠬᠦ ᠠᠵᠢᠯ ᠢ ᠪᠥᠬᠦ |
ᠲᠠᠯ᠎ᠠ ᠪᠠᠷ᠂ ᠣᠯᠠᠨ ᠲᠠᠯ᠎ᠠ ᠠᠴᠠ᠂ ᠭᠦᠨ ᠲᠠᠰ ᠳᠠᠪᠬᠤᠷᠭ᠎ᠠ ᠠᠴᠠ ᠰᠠᠶᠢᠲᠤᠷ ᠬᠢᠵᠦ᠂ ᠲᠣᠰ ᠬᠤᠭᠤᠴᠠᠭᠠᠨ ᠤ |
ᠲᠠᠯ᠎ᠠ ᠨᠤᠲᠤᠭ ᠤᠨ ᠰᠣᠶᠣᠯ ᠤᠨ ᠨᠠᠶᠢᠷ ᠢ ᠬᠠᠮᠲᠤᠪᠠᠷ ᠰᠠᠶᠢᠲᠤᠷ ᠡᠷᠭᠢᠯᠡᠵᠦ᠂ ᠬᠡᠯᠪᠡᠷᠢ ᠳᠦᠷᠰᠦ ᠲᠠᠢ᠂ |
ᠲᠥᠷᠥᠭᠳᠡᠯ ᠲᠠᠢ᠂ ᠪᠦᠲᠦᠮᠵᠢᠲᠡᠶ ᠠᠷᠭ᠎ᠠ ᠮᠠᠶ᠋ᠢᠭ ᠢᠶᠠᠷ ᠥᠪᠥᠷ ᠮᠣᠩᠭᠤᠯ ᠢᠶᠠᠨ ᠳᠡᠯᠭᠡᠨ ᠦᠵᠡᠭᠦᠯᠵᠦ᠂ ᠥᠪᠥᠷ |
ᠮᠣᠩᠭᠤᠯ ᠢᠶᠠᠨ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠪᠣᠶ |
ᠪᠣᠯᠭᠠᠬᠤ ᠶᠢ ᠬᠦᠰᠡᠵᠦ ᠪᠠᠶᠢᠨ᠎ᠠ ᠃ |
ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ |
ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ |
ᠬᠠᠷᠢᠭᠤᠯᠤᠭᠰᠠᠨ ᠨᠢ |
ᠥᠪᠥᠷ ᠮᠣᠩᠭᠤᠯ ᠤᠨ ᠲᠧᠯᠸᠢᠰ ᠬᠤᠷᠢᠶ᠎ᠠ᠄ ᠲᠡᠳ᠋ ᠬᠡᠯᠲᠡᠰ ᠤᠨ ᠲᠠᠷᠤᠭ᠎ᠠ ᠲᠢᠶᠠᠨ ᠷᠦᠢ ᠬᠤᠸᠠ ᠰᠠᠶ᠋ᠢᠬᠠᠨ |
ᠲᠠᠨᠢᠯᠴᠠᠭᠤᠯᠬᠤ ᠳᠤ ᠪᠠᠨ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠬᠢᠯᠡᠯᠲᠡ ᠶᠢᠨ |
ᠶᠣᠰᠣᠯᠠᠯ ᠳᠤ ᠲᠥᠬᠦᠮ ᠲᠦᠲᠡ᠂ ᠰᠣᠩᠭᠤᠳᠠᠭ ᠬᠡᠪ ᠨᠠᠮᠪᠠ ᠶᠢ ᠳᠣᠪᠤᠶᠢᠯᠭᠠᠭᠰᠠᠨ ᠪᠠᠶᠢᠨ᠎ᠠ ᠭᠡᠪᠡ᠂ ᠡᠬᠢᠯᠡᠯᠲᠡ ᠶᠢᠨ |
ᠶᠣᠰᠣᠯᠠᠯ ᠳᠤ ᠶᠠᠮᠠᠷ ᠬᠡᠯᠪᠡᠷᠢ ᠪᠠᠷ ᠦᠵᠡᠭᠴᠢᠳ ᠲᠠᠢ ᠪᠠᠨ ᠵᠤᠯᠭᠠᠬᠤ ᠪᠤᠢ︖ᠡᠨᠡ ᠨᠢ ᠦᠵᠡᠭᠴᠢᠳ ᠲᠤ ᠶᠠᠮᠠᠷ |
ᠶᠠᠩᠵᠤ ᠶᠢᠨ ᠲᠦᠷᠦᠭᠳᠡᠯ ᠠᠪᠴᠢᠷᠠᠵᠤ ᠥᠭᠬᠦ ᠪᠤᠶ ᠶᠠᠮᠠᠷ ᠶᠠᠮᠠᠷ ᠣᠷᠤᠯᠴᠠᠬᠤ ᠠᠷᠭ᠎ᠠ ᠬᠡᠯᠪᠡᠷᠢ ᠪᠠᠶᠢᠬᠤ ᠪᠣᠶ︖ |
|
ᠯᠢ ᠯᠢ᠄ ᠰᠤᠷᠪᠤᠯᠵᠢᠯᠠᠭᠴᠢ ᠨᠠᠶᠢᠵᠠ ᠶᠢᠨ ᠢᠶᠠᠨ ᠠᠰᠠᠭᠤᠯᠲᠠ ᠳᠤ ᠲᠠᠯᠠᠷᠬᠠᠵᠤ ᠪᠠᠶᠢᠨ᠎ᠠ᠂ ᠡᠬᠢᠯᠡᠯᠲᠡ ᠶᠢᠨ |
ᠶᠣᠰᠣᠯᠠᠯ ᠪᠣᠯ ᠮᠠᠨ ᠤ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯᠳᠠᠯᠭ᠎ᠠ ᠪᠣᠯᠣᠨ᠎ᠠ |
᠂ ᠣᠯᠠᠨ ᠢᠶᠠᠷ ᠢᠶᠠᠨ ᠬᠦᠰᠡᠨ ᠬᠦᠯᠢᠶᠡᠵᠦ ᠪᠣᠯᠣᠨ᠎ᠠ᠃ ︽ᠳᠥᠭᠦᠮ ᠲᠦᠲᠡ ᠪᠣᠯᠪᠠᠴᠤ ᠬᠢᠯᠪᠠᠷ ᠪᠤᠰᠤ᠂ ᠠᠷᠪᠢᠴᠢ |
ᠭᠠᠮᠲᠠᠢ ᠮᠦᠷᠲᠡᠭᠡᠨ ᠭᠤᠶᠢᠳᠠ ᠰᠠᠶᠢᠬᠠᠨ︾ ᠭᠡᠬᠦ ᠨᠠᠶᠢᠷ ᠡᠷᠬᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠡᠨᠡ |
ᠵᠢᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠪᠢᠳᠡ ᠠᠵᠢᠯᠯᠠᠭ᠎ᠠ ᠶᠢᠨ ᠲᠥᠷᠥᠯ ᠵᠦᠢᠯ ᠤᠨ ᠨᠢᠭᠡ ᠪᠣᠯᠬᠤ ︽ |
ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠲᠣᠭᠯᠠᠯᠲᠠ︾ ᠪᠠᠷ ᠡᠬᠢᠯᠡᠯᠲᠡ ᠶᠢᠨ ᠶᠣᠰᠣᠯᠠᠯ ᠪᠣᠯᠭᠠᠵᠤ᠂ ᠮᠠᠨ ᠤ |
ᠥᠪᠥᠷ ᠮᠣᠩᠭᠤᠯ ᠤᠨ 20 ᠭᠠᠷᠤᠢ ᠠᠯᠳᠠᠷᠲᠤ ᠳᠠᠭᠤᠴᠢᠨ᠂ ᠬᠥᠭᠵᠢᠮ ᠤᠨ ᠠᠩᠭᠢ ᠶᠢ ᠤᠷᠢᠪᠠ᠂ ᠵᠢᠱᠢᠶᠡᠯᠡᠪᠡᠯ |
ᠳᠡᠳᠮ᠎ᠠ ᠪᠠᠭᠰᠢ᠂ ᠴᠢ ᠹᠧᠩ ᠪᠠᠭᠰᠢ᠂ ᠬᠦᠰᠡᠯᠡᠩ ᠪᠠᠭᠰᠢ᠂ ᠣᠯᠠᠭᠠᠨᠲᠤᠶᠠᠭᠠ ᠪᠠᠭᠰᠢ ᠂ ᠠᠲᠤᠭᠤᠴᠢᠨ |
ᠬᠠᠮᠲᠤᠯᠢᠭ᠂ ᠨᠠᠶᠢᠷ ᠬᠠᠮᠲᠤᠯᠢᠭ ᠢ ᠤᠷᠢᠵᠤ᠂ ᠤᠯᠠᠨ ᠳᠤ ᠰᠣᠩᠭᠤᠳᠠᠭ ᠪᠦᠲᠦᠭᠡᠯ ᠢ ᠲᠠᠬᠢᠨ ᠡᠷᠭᠢᠴᠡᠭᠦᠯᠦᠭᠰᠡᠨ᠂ |
ᠭᠤᠶᠢᠳᠠ ᠰᠠᠶᠢᠬᠠᠨ᠂ ᠲᠤᠷᠠᠰᠬᠤ ᠲᠤᠲᠤᠮ ᠰᠤᠨᠢᠷᠬᠠᠯ ᠲᠠᠢ ᠰᠣᠶᠣᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠬᠦ |
ᠪᠣᠯᠣᠨ᠎ᠠ᠃ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠤᠭᠤᠴᠠᠭᠠᠨ ᠳᠤ ᠪᠢᠳᠡ ︽ᠥᠪᠥᠷ ᠮᠣᠩᠭᠤᠯ ᠤᠨ |
ᠣᠳᠣᠨ ᠲᠧᠯᠸᠢᠰ︾ ︽ᠥᠪᠥᠷ ᠮᠣᠩᠭᠤᠯ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠰᠤᠪᠠᠭ︾ ᠵᠡᠷᠭᠡ |
ᠤᠯᠠᠮᠵᠢᠯᠠᠯᠲᠤ ᠵᠠᠭᠤᠴᠢᠯᠠᠭᠤᠷ ᠪᠠ ︽ᠲᠡᠭᠦᠯᠢᠯᠲᠡ ᠬᠠᠮ ᠵᠠᠭᠤᠴᠢᠯᠠᠭᠤᠷ︾ ︽ᠲᠠᠯ᠎ᠠ ᠨᠤᠲᠤᠭ ᠤᠨ ᠡᠭᠦᠯᠡ︾ |
ᠵᠡᠷᠭᠡ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠠᠪᠴᠠᠩ ᠢ ᠢᠳᠡᠪᠬᠢᠲᠡᠢ ᠠᠰᠢᠭᠯᠠᠨ ᠠᠵᠢᠯᠯᠠᠭ᠎ᠠ ᠶᠢ |
ᠰᠢᠩᠭᠡᠬᠡᠨ ᠨᠠᠪᠲᠠᠷᠡᠭᠦᠯᠵᠦ ᠳᠠᠬᠢᠨ ᠨᠡᠪᠲᠡᠷᠡᠭᠦᠯᠦᠨ᠎ᠡ᠃ ᠡᠭᠦᠨ ᠤ ᠬᠠᠮᠲᠤ ︽ᠰᠤᠷᠤᠯᠴᠠᠯᠭ᠎ᠠ ᠶᠢᠨ ᠬᠦᠴᠦᠷᠭᠡᠭ |
ᠤᠯᠤᠰ︾᠂ ᠲᠢᠭ ᠲᠤᠭ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠤᠰᠬᠠᠢ ᠰᠡᠳᠦᠪᠲᠦ ᠲᠤᠰᠬᠠᠢ |
ᠲᠤᠭᠤᠷᠢᠭ ᠪᠠᠶᠢᠭᠤᠯᠵᠤ᠂ ᠣᠯᠠᠨ ᠢᠶᠠᠷ ᠢᠶᠠᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠠᠮᠤᠭ ᠤᠨ ᠰᠢᠨ᠎ᠡ |
ᠮᠡᠳᠡᠭᠡ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠰᠣᠩᠭᠤᠳᠠᠭ ᠵᠦᠴᠦᠭᠡ ᠶᠢ ᠰᠣᠨᠢᠷᠬᠠᠬᠤ ᠶᠢ ᠦᠨᠡᠨ ᠬᠦ |
ᠪᠠᠲᠤᠯᠠᠵᠤ᠂ ᠤᠷᠠᠯᠢᠭ ᠤᠨ ᠨᠠᠶᠢᠷ ᠤᠨ ᠠᠵᠢᠯᠯᠠᠭ᠎ᠠ ᠳᠤ ᠬᠡᠵᠢᠶ᠎ᠡ ᠬᠠᠮᠢᠭ᠎ᠠ ᠴᠤ ᠣᠷᠣᠯᠴᠠᠵᠤ᠂ ᠦᠵᠡᠵᠦ ᠰᠣᠨᠣᠰᠬᠤ |
ᠦᠪᠡᠳᠡᠭᠰᠢ ᠨᠠᠶᠢᠷ ᠢ ᠡᠳ᠋ᠯᠡᠬᠦ ᠶᠢ ᠦᠨᠡᠨ ᠬᠦ ᠪᠡᠶᠡᠯᠡᠭᠦᠯᠦᠨ᠎ᠡ᠃ ᠪᠠᠶᠠᠷᠯᠠᠯ᠎ᠠ᠃ |
ᠰᠢᠨᠬᠤᠸᠠ ᠰᠦᠯᠵᠢᠶ᠎ᠡ᠄ ᠲᠠᠯ᠎ᠠ ᠨᠤᠲᠤᠭ ᠤᠨ ᠰᠣᠶᠣᠯ ᠤᠨ ᠨᠠᠶᠢᠷ ᠢ ᠨᠢᠭᠡᠨᠲᠡ 18 ᠬᠤᠭᠤᠴᠠᠭ᠎ᠠ |
ᠡᠷᠭᠢᠯᠡᠵᠡᠶ᠂ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠶᠠᠮᠠᠷ ᠶᠠᠮᠠᠷ ᠣᠨᠴᠠᠯᠢᠭ ᠲᠠᠢ ᠪᠤᠶ |
︖ |
ᠲᠢᠶᠠᠨ ᠷᠦᠢ ᠬᠤᠸᠠ᠄ ᠰᠤᠷᠪᠤᠯᠵᠢᠯᠠᠭᠴᠢ ᠨᠠᠶᠢᠵᠠ ᠶᠢᠨ ᠢᠶᠠᠨ ᠠᠰᠠᠭᠤᠯᠲᠠ ᠳᠤ ᠲᠠᠯᠠᠷᠬᠠᠵᠤ ᠪᠠᠶᠢᠨ᠎ᠠ᠃ |
ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠰᠡᠳᠦᠪ ᠨᠢ ᠲᠣᠪᠣᠶᠢᠮ᠎ᠠ᠂ ᠠᠭᠤᠯᠭ᠎ᠠ |
ᠨᠢ ᠪᠠᠶᠠᠯᠢᠭ᠂ ᠣᠨᠴᠠᠯᠢᠭ ᠨᠢ ᠢᠯᠡ ᠲᠣᠳᠣ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ |
ᠮᠠᠨᠳᠤᠯᠲᠠ ᠶᠢᠨ ᠴᠠᠭ ᠦᠶ᠎ᠡ ᠶᠢᠨ ᠭᠤᠣᠯ ᠰᠡᠲᠦᠪ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ |
ᠦᠨᠳᠦᠰᠦᠲᠡᠨ ᠤ ᠳᠦᠷᠢ ᠲᠥᠷᠬᠦ ᠶᠢ ᠪᠤᠶ ᠪᠣᠯᠭᠠᠨ ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠳᠤ ᠠᠩᠬᠠᠷᠤᠯ ᠢᠶᠠᠨ ᠲᠦᠪᠯᠡᠷᠡᠭᠦᠯᠵᠦ᠂ ᠭᠤᠣᠯ ᠰᠡᠳᠦᠪ |
ᠭᠤᠣᠯ ᠰᠢᠵᠢᠮ ᠢ ᠡᠯ᠎ᠡ ᠵᠦᠢᠯ ᠤᠨ ᠠᠵᠢᠯᠯᠠᠭ᠎ᠠ ᠪᠠ ᠫᠷᠣᠭ᠍ᠷᠠᠮ ᠤᠨ ᠪᠠᠶᠢᠷᠢᠯᠠᠭᠤᠯᠤᠯᠲᠠ ᠳᠤ ᠲᠤᠭᠤᠰᠢᠯᠠᠭᠤᠯᠵᠤ᠂ |
ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ ᠲᠦᠮᠡᠨ ᠤ ᠨᠡᠶᠢᠭᠡᠮ ᠵᠢᠷᠤᠮ ᠤᠨ ᠰᠣᠶᠣᠯ ᠢ ᠨᠡᠩ |
ᠴᠢᠬᠤᠯᠠᠴᠢᠯᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ᠂ ᠵᠥᠷᠢᠶᠡᠲᠦ ᠴᠢᠨᠠᠷ ᠢ ᠪᠠᠭᠲᠠᠭᠠᠬᠤ ᠶᠢ ᠨᠡᠩ ᠴᠢᠬᠤᠯᠠᠴᠢᠯᠠᠵᠤ᠂ |
︽ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠨᠢᠵᠢᠭᠡᠷ ᠪᠠᠶᠠᠷ︾ ᠤᠨ ᠨᠠᠶᠢᠷ ᠡᠷᠬᠢᠯᠡᠬᠦ ᠵᠣᠷᠢᠯᠲᠠ ᠶᠢ |
ᠨᠡᠩ ᠴᠢᠬᠤᠯᠠᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠥᠪᠥᠷ ᠮᠣᠩᠭᠤᠯ ᠤᠨ |
ᠤᠳᠬ᠎ᠠ ᠤᠷᠠᠯᠢᠭ ᠤᠨ ᠠᠵᠢᠯ ᠤᠨ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠭᠦᠢᠴᠡᠳ |
ᠢᠯᠡᠷᠡᠭᠦᠯᠪᠡ᠃ ᠨᠢᠭᠡ ᠳᠤ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠰᠣᠯᠢᠯᠴᠠᠭ᠎ᠠ |
ᠬᠢᠵᠦ ᠬᠠᠷᠢᠯᠴᠠᠨ ᠲᠣᠯᠢᠯᠠᠬᠤ ᠶᠢ ᠲᠣᠪᠤᠶᠢᠯᠭᠠᠨ᠂ ᠰᠣᠶᠣᠯ ᠢ ᠬᠠᠮᠲᠤ ᠪᠠᠷ ᠡᠳ᠋ᠯᠡᠬᠦ ᠶᠢ ᠬᠦᠴᠦᠯᠡᠨ ᠠᠬᠢᠭᠤᠯᠵᠤ᠂ |
25 ᠵᠦᠢᠯ ᠤᠨ ᠠᠵᠢᠯᠯᠠᠭ᠎ᠠ ᠶᠢᠨ ᠳᠣᠲᠣᠷᠠᠬᠢ 8 ᠵᠦᠢᠯ ᠨᠢ ᠣᠷᠣᠨ ᠤ ᠭᠠᠳᠠᠨᠠᠬᠢ ᠰᠣᠯᠢᠯᠴᠠᠭ᠎ᠠ ᠬᠢᠵᠦ ᠲᠣᠭᠯᠠᠯᠲᠠ |
ᠭᠠᠷᠭᠠᠬᠤ ᠠᠵᠢᠯᠯᠠᠭ᠎ᠠ ᠪᠠᠶᠢᠵᠤ᠂ ᠪᠥᠬᠦ ᠲᠣᠭᠠᠨ ᠤ ᠭᠤᠷᠪᠠᠨ ᠤ ᠨᠢᠭᠡ ᠶᠢ ᠡᠵᠡᠯᠡᠨ᠎ᠡ᠂ ᠭᠤᠣᠯᠳᠠᠭᠤ ᠣᠯᠠᠨ |
ᠬᠦᠷᠢᠶᠡᠨ ᠳᠠᠬᠢ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ |
ᠣᠷᠣᠨ ᠪᠦᠰᠡ ᠶᠢᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠲᠦᠯᠬᠢᠨ ᠠᠬᠢᠭᠤᠯᠵᠤ᠂ |
ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠰᠢᠯᠢᠳᠡᠭ |
ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠵᠤ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠪᠠᠳᠠᠷᠠᠭᠤᠯᠤᠨ᠎ᠠ᠃ |
ᠬᠤᠶᠠᠷ ᠲᠤ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠰᠣᠳᠣᠨ ᠪᠦᠲᠦᠭᠡᠯ ᠤᠨ ᠦᠵᠡᠯ |
ᠤᠬᠠᠮᠰᠠᠷ ᠢ ᠳᠣᠪᠤᠶᠢᠯᠭᠠᠵᠤ᠂ ᠠᠵᠢᠯᠯᠠᠭ᠎ᠠ ᠪᠠ ᠫᠷᠣᠭ᠍ᠷᠠᠮ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠰᠣᠳᠣᠨ |
ᠪᠦᠲᠦᠭᠡᠯ ᠢ ᠳᠡᠯᠭᠡᠨ ᠦᠵᠡᠭᠦᠯᠵᠦ ᠲᠣᠭᠯᠠᠬᠤ ᠪᠠᠷ ᠭᠤᠣᠯ ᠪᠣᠯᠭᠠᠵᠤ᠂ ᠰᠢᠯᠢᠳᠡᠭ ᠵᠦᠴᠦᠭᠡ ᠶᠢᠨ ᠦᠵᠡᠭᠦᠯᠭᠡ ᠶᠢᠨ |
ᠲᠣᠭᠯᠠᠯᠲᠠ᠂ ᠨᠠᠷᠠᠲᠤ ᠬᠥᠮᠥᠰ ᠤᠨ ᠨᠠᠷᠠᠲᠤ ᠨᠠᠶᠢᠷ ᠤᠨ ᠲᠣᠭᠯᠠᠯᠲᠠ᠂ ᠰᠣᠩᠭᠤᠳᠠᠭ ᠳᠠᠭᠤᠤ ᠶᠢᠨ ᠲᠣᠭᠯᠠᠯᠲᠠ |
ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ |
ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ |
᠃ ᠭᠤᠷᠪᠠ ᠳᠤ ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠤᠷᠠᠯᠢᠭ ᠤᠨ ᠬᠡᠯᠪᠡᠷᠢ |
ᠥᠷᠭᠡᠨ ᠳᠡᠯᠭᠡᠷ ᠪᠥᠭᠡᠳ ᠣᠯᠠᠨ ᠶᠠᠩᠵᠤ ᠶᠢᠨ ᠪᠠᠶᠢᠵᠤ᠂ ᠰᠣᠩᠭᠤᠳᠠᠭ ᠳᠠᠭᠤᠤ ᠶᠢᠨ ᠦᠳᠡᠰᠢᠯᠡᠭᠡ᠂ ᠣᠷᠣᠨ ᠤ |
ᠭᠠᠳᠠᠨᠠᠬᠢ ᠰᠣᠳᠣᠨ ᠵᠦᠴᠦᠭᠡ ᠂ ᠨᠠᠶᠢᠷᠠᠯ ᠬᠥᠭᠵᠢᠮ ᠤᠨ ᠦᠳᠡᠰᠢᠯᠡᠭᠡ᠂ ᠣᠯᠠᠨ ᠲᠦᠮᠡᠨ ᠤ ᠰᠣᠶᠣᠯ ᠤᠷᠠᠯᠢᠭ ᠤᠨ |
ᠠᠵᠢᠯᠯᠠᠭ᠎ᠠ᠂ ᠰᠣᠶᠣᠯ ᠤᠷᠠᠯᠢᠭ ᠤᠨ ᠭᠤᠣᠯ ᠰᠡᠳᠦᠪᠲᠦ ᠦᠵᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠶᠢ |
ᠴᠤᠭᠯᠠᠷᠠᠭᠤᠯᠵᠤ᠂ ᠫᠷᠣᠭ᠍ᠷᠠᠮ ᠤᠨ ᠲᠣᠬᠢᠷᠠᠭᠤᠯᠤᠯᠲᠠ ᠨᠢ ᠵᠦᠢ ᠵᠣᠬᠢᠰᠲᠠᠢ᠂ ᠠᠭᠤᠯᠭ᠎ᠠ ᠨᠢ ᠭᠤᠶᠢᠳᠠ ᠰᠠᠶᠢᠬᠠᠨ |
ᠪᠠᠶᠢᠵᠤ᠂ ᠣᠯᠠᠨ ᠳᠤ ᠤᠷᠠᠯᠢᠭ ᠤᠨ ᠬᠦᠷᠲᠡᠭᠡᠯ᠂ ᠰᠣᠶᠣᠯ ᠤᠨ ᠨᠥᠯᠥᠭᠡ ᠪᠠ ᠣᠶᠤᠨ ᠰᠠᠨᠠᠭᠠᠨ ᠤ ᠤᠬᠢᠶᠠᠯ |
ᠬᠦᠷᠲᠡᠭᠡᠬᠦ ᠪᠣᠯᠣᠨ᠎ᠠ᠃ ᠪᠠᠶᠠᠷᠯᠠᠯ᠎ᠠ᠃ |
ᠵᠥᠩ ᠬᠤᠩ᠄ ᠲᠡᠳ᠋ ᠬᠡᠯᠳᠡᠰ ᠤᠨ ᠲᠠᠷᠤᠭ᠎ᠠ ᠲᠢᠶᠠᠨ ᠷᠦᠢ ᠬᠤᠸᠠ ᠰᠠᠶ᠋ᠢᠬᠠᠨ ᠲᠣᠰ ᠬᠤᠭᠤᠴᠠᠭᠠᠨ ᠤ |
ᠲᠠᠯ᠎ᠠ ᠨᠤᠲᠤᠭ ᠤᠨ ᠰᠣᠶᠣᠯ ᠤᠨ ᠨᠠᠶᠢᠷ ᠤᠨ 25 ᠵᠦᠢᠯ ᠤᠨ ᠠᠵᠢᠯᠯᠠᠭ᠎ᠠ ᠶᠢᠨ ᠳᠣᠲᠣᠷᠠᠬᠢ 8 ᠵᠦᠢᠯ ᠨᠢ |
ᠣᠷᠣᠨ ᠤ ᠭᠠᠳᠠᠨᠠᠬᠢ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠪᠣᠯᠣᠨ᠎ᠠ ᠭᠡᠵᠦ ᠳᠤᠷᠠᠳᠤᠭᠰᠠᠨ ᠪᠠᠶᠢᠨ᠎ᠠ᠂ |
ᠣᠷᠣᠨ ᠤ ᠭᠠᠳᠠᠨᠠᠬᠢ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠳᠤ ᠶᠠᠮᠠᠷ ᠶᠠᠮᠠᠷ ᠣᠨᠴᠠᠯᠢᠭ᠂ ᠬᠢᠯᠠᠰ ᠴᠡᠭ |
ᠪᠠᠶᠢᠬᠤ ᠶᠢ ᠨᠠᠷᠢᠨ ᠲᠠᠨᠢᠯᠴᠠᠭᠤᠯᠤᠭᠠᠳ ᠥᠭᠭᠦᠨ᠎ᠡ ᠦᠦ︖ |
ᠵᠢᠢ ᠰᠢᠶᠣᠣ ᠴᠢᠩ᠄ ︽ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ ᠠᠬᠢᠭᠤᠯᠵᠤ᠂ ᠰᠣᠶᠣᠯ ᠢ |
ᠬᠠᠮᠲᠤ ᠪᠠᠷ ᠡᠳ᠋ᠯᠡᠬᠦ ᠶᠢ ᠠᠬᠢᠭᠤᠯᠬᠤ︾ ᠪᠣᠯ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ |
ᠭᠤᠣᠯ ᠣᠨᠴᠠᠯᠢᠭ ᠤᠨ ᠨᠢᠭᠡ ᠪᠣᠯᠣᠨ᠎ᠠ᠂ ᠡᠭᠦᠨ ᠤ ᠲᠤᠯᠠᠳᠠ᠂ ᠪᠢᠳᠡ ᠪᠡᠭᠡᠵᠢᠩ ᠤᠨ ᠳᠠᠭᠤᠤ ᠬᠥᠭᠵᠢᠮ ᠤᠨ |
ᠨᠡᠶᠢᠭᠡᠮᠯᠢᠭ ᠤᠨ ᠨᠠᠶᠢᠷᠠᠯ ᠳᠠᠭᠤᠤ ᠶᠢᠨ ᠪᠦᠯᠬᠦᠮ᠂ ᠲᠥᠪ ᠤᠨ ᠳᠠᠭᠤᠯᠠᠯᠳᠤ ᠵᠦᠴᠦᠭᠡ ᠪᠥᠵᠢᠭᠲᠦ ᠵᠦᠴᠦᠭᠡ ᠶᠢᠨ |
ᠬᠦᠷᠢᠶᠡᠯᠡᠩ᠂ ᠳᠤᠮᠳᠠᠳᠤ ᠤᠯᠤᠰ ᠤᠨ ᠼᠢᠷᠺ ᠤᠨ ᠪᠦᠯᠬᠦᠮ ᠵᠡᠷᠭᠡ ᠨᠡᠷᠡᠳᠦ ᠬᠦᠷᠢᠶᠡᠯᠡᠩ ᠪᠦᠯᠬᠦᠮ ᠢ ᠤᠷᠢᠵᠤ᠂ |
ᠤᠯᠠᠨ ᠳᠤ ᠨᠠᠶᠢᠷᠠᠯ ᠳᠠᠭᠤᠤ ︽ᠵᠠᠮᠴᠢᠯᠠᠭᠴᠢ · ᠵᠠᠭᠤᠨ ᠵᠢᠯ ᠤᠨ ᠭᠡᠷᠡᠯ ᠭᠢᠯᠪᠠᠭ᠎ᠠ︾᠂ ︽ᠲᠤᠷᠤᠨ᠎ᠠ ᠵᠦᠭ |
ᠲᠤᠶᠠᠭᠠᠷᠠᠯ᠎ᠠ︾᠂ ᠳᠤᠮᠳᠠᠳᠤ ᠭᠠᠳᠠᠭᠠᠳᠤ ᠶᠢᠨ ᠨᠡᠷᠡᠳᠦ ᠬᠥᠮᠥᠰ ᠤᠨ ᠰᠣᠩᠭᠤᠳᠠᠭ ᠳᠠᠭᠤᠤ ᠬᠥᠭᠵᠢᠮ ᠤᠨ |
ᠴᠢᠭᠤᠯᠭᠠᠨ᠂ ᠪᠥᠵᠢᠭᠲᠦ ᠵᠦᠴᠦᠭᠡ ︽ᠺᠦᠩᠽᠢ︾ ᠵᠡᠷᠭᠡ᠂ ᠰᠦᠷ ᠳᠠᠯᠠᠶᠢᠴᠠᠲᠠᠢ ᠲᠣᠮᠣ ᠬᠡᠯᠪᠡᠷᠢ ᠶᠢᠨ |
ᠲᠣᠭᠯᠠᠯᠲᠠ ᠶᠢ ᠡᠷᠭᠦᠨ ᠳᠡᠪᠰᠢᠭᠦᠯᠪᠡ᠃ ᠪᠢᠳᠡ ᠹᠧᠩ ᠢᠦᠢ ᠫᠢᠩ ᠪᠠᠭᠰᠢ᠂ ᠯᠢ ᠱᠤ᠋ ᠵᠢᠶᠠᠨ ᠪᠠᠭᠰᠢ᠂ ᠰᠢᠶ᠋ᠧ ᠲᠤᠤ |
ᠪᠠᠭᠰᠢ᠂ ᠦ᠋ ᠹᠧᠩ ᠬᠤᠸᠠ ᠪᠠᠭᠰᠢ᠂ ᠶᠠᠩ ᠵᠢᠶᠦ᠋ᠨ ᠪᠠᠭᠰᠢ ᠵᠡᠷᠭᠡ 20 ᠰᠢᠬᠠᠮ ᠰᠢ ᠵᠦᠴᠦᠭᠡ ᠶᠢᠨ ᠨᠡᠷᠡᠳᠤ |
ᠬᠥᠮᠥᠰ ᠢ ᠤᠷᠢᠵᠤ᠂ ᠪᠡᠭᠡᠵᠢᠩ ᠵᠦᠴᠦᠭᠡ᠂ ᠺᠦᠨᠱᠠᠨ ᠵᠦᠴᠦᠭᠡ᠂ ᠬᠤᠸᠠᠩᠮᠸᠢ ᠰᠢ᠂ ᠱᠠᠨ ᠰᠢ ᠵᠦᠴᠦᠭᠡ ᠵᠡᠷᠭᠡ 10 |
ᠭᠠᠷᠤᠢ ᠵᠦᠴᠦᠭᠡ ᠶᠢᠨ ᠲᠦᠷᠦᠯ ᠢ ᠴᠤᠭᠯᠠᠭᠤᠯᠵᠤ᠂ ᠠᠯᠳᠠᠷᠲᠤ ᠬᠥᠮᠥᠰ ᠤᠨ ᠴᠤᠭᠯᠠᠷᠠᠭᠰᠠᠨ ᠰᠢ ᠵᠦᠴᠦᠭᠡ ᠶᠢᠨ |
ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠲᠡᠪᠰᠢᠭᠦᠯᠦᠨ᠎ᠡ᠃ ᠡᠭᠦᠨ ᠢᠶᠠᠷ ᠪᠠᠷᠠᠬᠤ ᠦᠭᠡᠢ᠂ ᠪᠢᠲᠡ ᠪᠠᠰᠠ |
ᠳᠤᠮᠳᠠᠳᠤ ᠤᠯᠤᠰ ᠤᠨ ᠵᠢᠶᠠᠩᠨᠠᠨ ᠤ ᠤᠰᠤᠨ ᠨᠤᠲᠤᠭ ᠤᠨ ᠰᠣᠶᠣᠯ ᠤᠨ ᠮᠦᠽᠧᠢ᠂ ᠯᠢᠶᠣᠤᠨᠢᠩ ᠮᠤᠵᠢ ᠶᠢᠨ |
ᠮᠦᠽᠧᠢ ᠶᠢ ᠤᠷᠢᠵᠤ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠲᠠᠢ ᠬᠠᠮᠲᠤ ᠪᠠᠷ ᠬᠤᠩᠱᠠᠨ᠂ |
ᠯᠢᠶᠠᠩᠵᠦ ᠶᠢᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠢ |
ᠡᠷᠬᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠷᠠᠯᠢᠭ ᠤᠨ ᠦᠵᠡᠰᠬᠦᠯᠡᠩ ᠢᠶᠠᠷ ᠳᠠᠮᠵᠢᠭᠤᠯᠵᠤ᠂ ᠭᠦᠨ ᠵᠤᠵᠠᠭᠠᠨ |
ᠰᠣᠶᠣᠯ ᠤᠷᠠᠯᠢᠭ ᠤᠨ ᠠᠭᠤᠷ ᠠᠮᠢᠰᠬᠤᠯ ᠢ ᠪᠤᠢ ᠪᠣᠯᠭᠠᠵᠤ᠂ ᠦᠵᠡᠭᠴᠢᠳ ᠤᠨ ᠰᠡᠳᠬᠢᠯ ᠳᠤ ᠰᠣᠭᠲᠣᠭᠤᠷᠠᠬᠤ |
ᠮᠠᠶ᠋ᠢᠭ ᠤᠨ ᠣᠶᠢᠯᠠᠭᠠᠯᠲᠠ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠭᠡᠷᠡᠯ |
ᠰᠠᠴᠤᠷᠠᠩᠭᠤᠢ ᠰᠣᠶᠣᠯ ᠢ ᠬᠠᠮᠲᠤ ᠪᠠᠷ ᠡᠳ᠋ᠯᠡᠭᠦᠯᠦᠨ᠎ᠡ᠂ ᠡᠳᠡᠬᠡᠷ ᠨᠠᠷᠢᠨ ᠨᠢᠮᠪᠠᠢ ᠪᠡᠯᠡᠳᠬᠡᠭᠰᠡᠨ ᠲᠣᠭᠯᠠᠯᠲᠠ᠂ |
ᠠᠵᠢᠯᠯᠠᠭ᠎ᠠ ᠨᠢ ᠤᠯᠠᠨ ᠤ ᠤᠷᠠᠯᠢᠭ ᠤᠨ ᠬᠦᠷᠲᠡᠭᠡᠯ ᠤᠨ ᠳᠤᠮᠳᠠ ᠰᠡᠳᠬᠢᠯ ᠬᠤᠷᠭᠤᠳᠠᠭᠤᠯᠤᠨ᠂ ᠦᠯᠡᠮᠵᠢ ᠤᠯᠠᠨ |
ᠦᠷ᠎ᠡ ᠪᠦᠲᠦᠭᠡᠯ ᠣᠯᠬᠤ ᠶᠢ ᠢᠲᠡᠭᠡᠵᠦ ᠪᠠᠶᠢᠨ᠎ᠠ ᠂ ᠪᠠᠶᠠᠷᠯᠠᠯ᠎ᠠ᠃ |
|
|