1 ᠳ᠋ᠤᠭᠡᠷ ᠰᠠᠷ᠎ᠠ ᠶᠢᠨ 5 ᠤ ᠡᠳᠦᠷ᠂ 2023 ᠣᠨ ᠤ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ |
ᠲᠢᠩᠬᠢᠮ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠬᠤᠷᠠᠯᠳᠤᠪᠠ᠃ ᠬᠤᠷᠠᠯ ᠬᠤᠷᠠᠯᠳᠤᠬᠤ ᠲᠠᠰᠢᠷᠠᠮ ᠢᠶᠠᠷ᠂ |
ᠳᠤᠮᠳᠠᠳᠤ ᠤᠯᠤᠰ ᠤᠨ ᠰᠣᠶᠣᠯ ᠤᠨ ᠰᠣᠨᠢᠨ ᠤ 5 ᠠᠴᠠ 8 ᠳ᠋ᠤᠭᠠᠷ ᠨᠢᠭᠤᠷ ᠲᠤ ︽2023 ᠣᠨ ᠤ ᠪᠦᠬᠦ |
ᠤᠯᠤᠰ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠲᠤᠪᠴᠢᠶ᠎ᠠ ᠶᠢᠨ ᠳᠠᠷᠤᠭ᠎ᠠ ᠨᠠᠷ ᠤᠨ ᠰᠢᠨ᠎ᠡ ᠤᠨ ᠤ |
ᠢᠯᠡᠭᠡᠯᠲᠡ︾ ᠭᠡᠬᠦ ᠣᠨᠴᠠ ᠬᠡᠪᠯᠡᠯ ᠢ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ |
ᠳᠠᠷᠤᠭ᠎ᠠ ᠴᠢᠨ ᠶᠠᠨ ᠤᠷᠢᠯᠭ᠎ᠠ ᠪᠠᠷ 2022 ᠣᠨ ᠤ ᠰᠣᠶᠣᠯ᠂ ᠵᠢᠭᠤᠯᠴᠢᠯᠠᠯ ᠤᠨ ᠠᠵᠢᠯ ᠤᠨ ᠬᠢᠯᠠᠰ ᠴᠡᠭ ᠢ |
ᠲᠠᠨᠢᠯᠴᠠᠭᠤᠯᠵᠤ᠂ 2023 ᠣᠨ ᠤ ᠰᠢᠨ᠎ᠡ ᠬᠥᠭᠵᠢᠯᠲᠡ᠂ ᠰᠢᠨ᠎ᠡ ᠬᠦᠰᠡᠯ ᠡᠷᠡᠮᠡᠯᠵᠡᠯ ᠢ ᠪᠠᠷᠠᠯᠠᠵᠠᠢ᠃ ᠳᠣᠣᠷᠠᠬᠢ |
ᠪᠣᠯ ᠢᠯᠡᠭᠡᠯᠲᠡ ᠶᠢᠨ ᠪᠦᠬᠦ ᠠᠭᠤᠯᠭ᠎ᠠ ᠪᠣᠯᠣᠨ᠎ᠠ᠄ |
|
|
|
2022 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠬᠢᠨ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ |
ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠡᠷᠴᠢ ᠵᠣᠷᠢᠭ ᠢᠶᠠᠨ ᠬᠥᠪᠴᠢᠯᠡᠵᠦ᠂ |
ᠴᠥᠬᠦᠷᠡᠰᠢ ᠦᠭᠡᠢ ᠵᠢᠳᠬᠦᠵᠦ᠂ ᠰᠣᠶᠣᠯ ᠪᠠ ᠵᠢᠭᠤᠯᠴᠢᠯᠠᠯ ᠤᠨ ᠠᠵᠢᠯ ᠳᠤ ᠰᠡᠷᠭᠦᠭᠡᠬᠦ ᠶᠢᠨ ᠵᠡᠷᠭᠡ ᠳᠤ |
ᠲᠣᠭᠲᠠᠭᠤᠨ ᠢ ᠪᠠᠲᠤᠳᠬᠠᠬᠤ᠂ ᠲᠣᠭᠲᠠᠭᠤᠨ ᠤ ᠵᠡᠷᠭᠡ ᠳᠤ ᠤᠷᠤᠭᠰᠢᠯᠠᠭᠰᠠᠨ ᠰᠠᠶᠢᠨ ᠰᠠᠶᠢᠬᠠᠨ ᠪᠠᠶᠢᠳᠠᠯ ᠢᠯᠡᠷᠡᠵᠡᠢ |
᠃ ᠪᠥᠵᠢᠭᠲᠦ ᠵᠦᠴᠦᠭᠡ ︽ᠮᠣᠷᠢᠲᠤ ᠴᠡᠷᠢᠭ︾ ᠨᠢ ᠪᠦᠬᠦ ᠤᠯᠤᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ |
ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ᠂ ᠸᠧᠨ ᠬᠤᠸᠠ ᠶᠡᠭᠡ ᠱᠠᠩᠨᠠᠯ ᠢ ᠭᠥᠷᠳᠡᠪᠡ᠃ |
ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠬᠦ · ᠲᠣᠭᠯᠠᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ |
ᠲᠣᠭᠯᠠᠯᠲᠠ᠂ ᠤᠬᠠᠭᠤᠯᠭ᠎ᠠ᠂ ᠦᠢᠯᠡᠴᠢᠯᠡᠭᠡ ᠵᠡᠷᠭᠡ ᠠᠵᠢᠯᠯᠠᠭ᠎ᠠ ᠶᠢ 7000 ᠭᠠᠷᠤᠢ ᠲᠠᠯᠠᠪᠤᠷ ᠥᠷᠨᠢᠭᠦᠯᠵᠦ᠂ |
ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ |
ᠤᠷᠠᠯᠢᠭ ᠤᠨ ᠨᠠᠶᠢᠷ ᠢ ᠤᠯᠤᠰ ᠤᠨ ᠭᠤᠣᠯ ᠤᠷᠤᠰᠬᠠᠯ ᠤᠨ ᠵᠠᠭᠤᠴᠢᠯᠠᠭᠤᠷ ᠤᠳ ᠬᠤᠯᠪᠤᠭᠠᠯᠠᠨ ᠨᠡᠪᠲᠡᠷᠡᠭᠦᠯᠪᠡ᠃ |
ᠤᠯᠠᠨ ᠨᠡᠶᠢᠲᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠵᠦ᠂ ᠲᠠᠯᠠᠪᠠᠢ ᠶᠢᠨ |
ᠪᠥᠵᠢᠭ ᠤᠨ ᠲᠦᠷᠦᠯ ᠤᠨ ᠪᠦᠲᠦᠭᠡᠯ ︽ᠤᠢ ᠰᠢᠭᠤᠢ ᠳᠤ ᠬᠢ ᠺᠤᠤ ᠺᠤᠤ ᠶᠤᠸᠠᠢ︾ ᠤᠳᠤᠳ ᠤᠨ ᠱᠠᠩᠨᠠᠯ ᠢ |
ᠬᠦᠷᠲᠡᠵᠦ᠂ ᠣᠷᠳᠣᠰ ᠬᠤᠳᠠ᠂ ᠪᠤᠭᠤᠲᠤ ᠬᠤᠳᠠ ᠤᠯᠤᠰ ᠤᠨ ᠤᠯᠠᠨ ᠨᠡᠶᠢᠲᠡ ᠶᠢᠨ ᠰᠣᠶᠣᠯ ᠤᠨ |
ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠠᠬᠢᠨ |
ᠬᠢᠨᠠᠯᠲᠠ ᠶᠢ ᠤᠷᠤᠭᠰᠢᠲᠠᠢ ᠥᠩᠭᠡᠷᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠦᠷᠢᠮ︾ ᠢ ᠨᠡᠶᠢᠲᠡᠯᠡᠵᠦ᠂ ᠪᠣᠳᠠᠰ ᠤᠨ |
ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ |
ᠪᠠᠭ ᠤᠨ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠳᠤ ᠣᠷᠣᠭᠤᠯᠪᠠ᠃ |
2023 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ |
ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ |
ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ |
ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ |
ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠢᠶᠠᠷ ᠣᠷᠣᠨ ᠢᠶᠠᠨ |
ᠬᠦᠴᠦᠷᠬᠡᠭᠵᠢᠭᠦᠯᠬᠦ᠂ ᠬᠠᠮᠤᠭ ᠤᠨ ᠲᠠᠲᠠᠬᠤ ᠬᠦᠴᠦᠨ ᠲᠠᠢ ᠵᠢᠭᠤᠯᠴᠢᠯᠠᠯ ᠤᠨ ᠬᠠᠷᠠᠯᠲᠠ ᠶᠢᠨ ᠣᠷᠣᠨ ᠢ ᠪᠠᠶᠢᠭᠤᠯᠬᠤ |
ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠵᠤ᠂ ᠵᠢᠭᠤᠯᠴᠢᠯᠠᠯ ᠤᠨ ᠡᠬᠢ ᠪᠠᠶᠠᠯᠢᠭ ᠢ |
ᠨᠡᠶᠢᠳᠬᠡᠬᠦ ᠪᠠ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠶᠠᠰᠤ ᠴᠢᠨᠠᠷ ᠢ |
ᠳᠡᠭᠡᠭᠰᠢᠯᠡᠭᠦᠯᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ ᠲᠦᠷᠦᠯ ᠲᠡᠮᠳᠡᠭ ᠢ ᠡᠭᠦᠳᠬᠦ᠂ |
ᠠᠵᠤ ᠦᠢᠯᠡᠰ ᠢ ᠲᠥᠪᠯᠡᠷᠡᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠤᠣᠯᠳᠠᠯᠭ᠎ᠠ ᠲᠠᠢ ᠰᠠᠶᠢᠲᠤᠷ |
ᠠᠳᠬᠤᠵᠤ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠵᠢᠯ ᠦᠢᠯᠡᠰ ᠤᠨ ᠤᠴᠢᠷ ᠶᠠᠪᠤᠳᠠᠯ ᠢ ᠰᠠᠶᠢᠲᠤᠷ |
ᠪᠦᠲᠦᠭᠡᠨ᠎ᠡ︔ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ |
ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠤᠷᠳᠤ ᠴᠠᠭᠠᠨ ᠬᠡᠷᠡᠮ ᠢ ᠬᠠᠮᠠᠭᠠᠯᠠᠨ ᠠᠰᠢᠭᠯᠠᠬᠤ |
ᠴᠢᠬᠤᠯᠠ ᠶᠡᠭᠡ ᠢᠨᠵᠧᠨᠧᠷᠢᠩ᠂ ᠬᠤᠪᠢᠰᠬᠠᠯ ᠤᠨ ᠰᠣᠶᠣᠯ ᠢ ᠤᠯᠠᠮᠵᠢᠯᠠᠨ ᠪᠠᠳᠠᠷᠠᠭᠤᠯᠬᠤ ᠢᠨᠵᠧᠨᠧᠷᠢᠩ᠂ |
ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠶᠢᠨ ᠲᠡᠮᠳᠡᠭᠯᠡᠯ ᠵᠡᠷᠭᠡ |
ᠢᠨᠵᠧᠨᠧᠷᠢᠩ ᠢ ᠬᠡᠷᠡᠭᠵᠢᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠥᠵᠢᠭ ᠤᠨ |
ᠦᠵᠡᠭᠦᠯᠭᠡ ᠶᠢᠨ ᠲᠣᠭᠯᠠᠯᠲᠠ᠂ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ |
ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ |
ᠬᠤᠷᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ ᠥᠪᠥᠷ ᠮᠣᠩᠭᠤᠯ ᠤᠨ ᠳᠦᠷᠢ ᠲᠥᠷᠬᠦ ᠶᠢ ᠪᠣᠶ |
ᠪᠣᠯᠭᠠᠬᠤ ᠳᠤᠮᠳᠠ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠵᠤ᠂ ᠰᠣᠶᠣᠯ ᠪᠠ |
ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠥᠬᠦᠷᠡᠰᠢ ᠦᠭᠡᠢ ᠲᠦᠯᠬᠢᠨ ᠠᠬᠢᠭᠤᠯᠤᠨ᠎ᠠ᠃ |
|