| 11 ᠳ᠋ᠣᠭᠡᠷ ᠰᠠᠷ᠎ᠠ ᠶᠢᠨ 10 ᠤ ᠡᠳᠦᠷ᠂ ᠠᠷᠪᠠᠨ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠮᠤᠵᠢ᠂ |
ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠲᠣᠮᠣ ᠰᠢᠭ᠋ ᠬᠤᠲᠠ ᠶᠢᠨ ᠨᠣᠮ ᠤᠨ ᠰᠠᠩ ᠤᠨ |
ᠳᠠᠷᠤᠭ᠎ᠠ ᠨᠠᠷ ᠤᠨ ᠬᠠᠮᠲᠤᠷᠠᠭᠰᠠᠨ ᠬᠤᠷᠠᠯ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ |
ᠣᠷᠣᠨ ᠤ ᠯᠢᠦ ᠵᠸᠦ ᠬᠤᠲᠠ ᠳᠤ ᠬᠤᠷᠠᠯᠳᠤᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ |
ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠷᠣᠣ ᠴᠢᠤᠸᠠᠨ ᠬᠤᠷᠠᠯ ᠳᠤ ᠣᠷᠣᠯᠴᠠᠵᠤ ᠪᠠᠶᠠᠷ ᠤᠨ ᠦᠭᠡ |
ᠬᠡᠯᠡᠪᠡ᠃ |
ᠲᠤᠰ ᠤᠳᠠᠭᠠᠨ ᠤ ᠬᠤᠷᠠᠯ ᠤᠨ ᠭᠤᠣᠯ ᠰᠡᠳᠦᠪ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ |
ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ |
ᠶᠡᠷᠦᠩᠬᠡᠢ ᠱᠦᠵᠢ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠬᠠᠮᠠᠳ ᠲᠤᠰᠬᠠᠢ ᠮᠡᠷᠭᠡᠵᠢᠯᠲᠡᠳ ᠲᠤ |
ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠰᠢ ᠶᠢᠨ ᠫᠢᠩ ᠤᠨ |
ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ |
ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ |
ᠪᠣᠯᠣᠨ ᠶᠡᠷᠦᠩᠬᠡᠢ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ |
ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠤᠨ ᠰᠢᠨ᠎ᠡ ᠡᠭᠦᠷᠭᠡ ᠶᠢ |
ᠨᠡᠩ ᠰᠠᠶᠢᠲᠤᠷ ᠡᠭᠦᠷᠭᠡᠯᠡᠵᠦ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠭᠡᠭᠡᠯᠲᠡᠲᠡᠢ ᠪᠠᠭᠲᠠᠭᠠᠮᠵᠢᠲᠠᠢ |
ᠪᠠᠶᠢᠬᠤ ᠶᠢ ᠪᠠᠷᠢᠮᠲᠠᠯᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠣᠮ ᠤᠨ ᠰᠠᠩ ᠢ |
ᠤᠶᠤᠨᠵᠢᠭᠤᠯᠤᠨ ᠬᠡᠯᠪᠡᠷᠢ ᠪᠠᠨ ᠬᠤᠪᠢᠷᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ |
ᠬᠥᠭᠵᠢᠭᠦᠯᠬᠦ᠂ ᠪᠦᠬᠦ ᠠᠷᠠᠳ ᠢᠶᠠᠷ ᠢᠶᠠᠨ ᠨᠣᠮ ᠤᠩᠰᠢᠬᠤ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ |
ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ ᠰᠢᠨ᠎ᠡ ᠴᠠᠭ |
ᠦᠶ᠎ᠡ ᠶᠢᠨ ᠨᠣᠮ ᠤᠨ ᠰᠠᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠳᠠᠯ ᠪᠤᠯᠤᠨ᠎ᠠ᠃ |
ᠬᠤᠷᠠᠯ ᠳᠡᠭᠡᠷ᠎ᠡ᠂ ᠤᠯᠤᠰ ᠤᠨ ᠨᠣᠮ ᠤᠨ ᠰᠠᠩ ᠤᠨ ᠬᠠᠷᠢᠭᠤᠴᠠᠯᠭᠠᠲᠠᠨ ᠨᠥᠬᠦᠳ ︽ᠰᠢᠨ᠎ᠡ ᠪᠠᠶᠢᠳᠠᠯ |
ᠰᠢᠨ᠎ᠡ ᠡᠭᠦᠷᠭᠡ ᠶᠢ ᠡᠵᠡᠮᠳᠡᠵᠦ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ |
ᠰᠢᠨ᠎ᠡ ᠴᠠᠭ ᠦᠶ᠎ᠡ ᠶᠢᠨ ᠨᠣᠮ ᠤᠨ ᠰᠠᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ |
ᠠᠬᠢᠭᠤᠯᠬᠤ︾ ᠲᠣᠭᠤᠷᠢᠨ ᠳᠤ ᠭᠤᠣᠯ ᠵᠤᠷᠢᠯᠳᠠᠳᠤ ᠮᠡᠳᠡᠭᠦᠯᠦᠯᠲᠡ ᠬᠢᠵᠡᠢ᠃ ᠱᠠᠩᠬᠠᠢ ᠶᠢᠨ ᠨᠣᠮ ᠤᠨ ᠰᠠᠩ᠂ |
ᠨᠠᠨᠵᠢᠩ ᠤᠨ ᠨᠣᠮ ᠤᠨ ᠰᠠᠩ᠂ ᠵᠢᠶᠠᠩᠰᠢ ᠮᠤᠵᠢ ᠶᠢᠨ ᠨᠣᠮ ᠤᠨ ᠰᠠᠩ᠂ ᠭᠤᠸᠠᠩᠰᠢ ᠶᠢᠨ ᠵᠤᠸᠠᠩ |
ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ᠂ ᠱᠠᠨᠰᠢ ᠮᠤᠵᠢ ᠶᠢᠨ ᠨᠣᠮ ᠤᠨ ᠰᠠᠩ ᠵᠡᠷᠭᠡ |
ᠪᠠᠶᠢᠭᠤᠯᠭ᠎ᠠ ᠶᠢᠨ ᠬᠠᠷᠢᠭᠤᠴᠠᠯᠭᠠᠲᠠᠨ ᠨᠥᠬᠦᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ |
ᠬᠢ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ᠂ ᠲᠤᠷᠰᠢᠯᠭ᠎ᠠ ᠪᠣᠯᠣᠨ ᠣᠶᠢᠯᠠᠭᠠᠯᠲᠠ ᠲᠠᠢ ᠪᠠᠨ ᠤᠶᠠᠯᠳᠤᠭᠤᠯᠤᠨ |
ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ︵ᠯᠦ ᠰᠢᠦᠢ︶ |