ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ︽ᠪᠣᠳᠠᠰ ᠤᠨ ᠪᠤᠰᠤ ᠰᠣᠶᠣᠯ ᠤᠨ ᠥᠪ ᠪᠠ |
ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠢ ᠮᠡᠳᠡᠭᠳᠡᠯ︾ ︵ |
ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠰᠣᠶᠣᠯ ᠪᠠ ᠵᠢᠭᠤᠯᠴᠢᠯᠠᠯ ᠤᠨ |
ᠶᠠᠮᠤᠨ ᠤ ᠪᠣᠳᠠᠰ ᠤᠨ ᠪᠤᠰᠤ ᠰᠣᠶᠣᠯ ᠤᠨ ᠥᠪ ᠤᠨ ᠵᠤᠷᠭᠠᠨ ᠤ ᠳᠠᠷᠤᠭ᠎ᠠ ᠸᠠᠩ ᠴᠧᠨ ᠶᠠᠩ ︽ᠮᠡᠳᠡᠭᠳᠡᠯ︾ ᠢ |
ᠨᠡᠶᠢᠲᠡᠯᠡᠭᠰᠡᠨ ᠠᠬᠤᠢ ᠪᠠᠶᠢᠳᠠᠯ᠂ ᠠᠴᠢ ᠬᠤᠯᠪᠣᠭᠳᠠᠯ᠂ ᠭᠤᠣᠯ ᠠᠭᠤᠯᠭ᠎ᠠ᠂ ᠣᠨᠴᠠᠯᠢᠭ ᠵᠢᠴᠢ ᠳᠠᠷᠠᠭᠠᠴᠢ ᠶᠢᠨ |
ᠠᠯᠬᠤᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠣᠳᠣᠯᠬᠢᠯᠠᠯ ᠵᠡᠷᠭᠡ ᠶᠢᠨ ᠲᠤᠬᠠᠢ ᠰᠤᠷᠪᠤᠯᠵᠢᠯᠠᠭᠴᠢ ᠶᠢᠨ |
ᠠᠰᠠᠭᠤᠯᠲᠠ ᠶᠢ ᠬᠠᠷᠢᠭᠤᠯᠪᠠ᠃ |
ᠠᠰᠠᠭᠤᠯᠲᠠ᠄ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠣᠶ︖ |
|
ᠬᠠᠷᠢᠭᠤᠯᠲᠠ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠣᠶᠣᠯ ᠢᠶᠠᠷ ᠵᠢᠭᠤᠯᠴᠢᠯᠠᠯ ᠢ |
ᠴᠤᠭᠴᠠᠯᠠᠬᠤ᠂ ᠵᠢᠭᠤᠯᠴᠢᠯᠠᠯ ᠢᠶᠠᠷ ᠰᠤᠶᠤᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ |
ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠪᠠ᠃ 2022 ᠣᠨ ᠤ 12 ᠳ᠋ᠤᠭᠠᠷ |
ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ |
ᠴᠢᠬᠤᠯᠠ ᠵᠢᠭᠠᠪᠤᠷᠢ ᠥᠭᠴᠦ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ |
ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ |
ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ |
ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ︔ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ |
ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ |
ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ |
ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠪᠣᠯᠪᠠᠰᠤᠨ ᠤ ᠰᠣᠯᠢᠯᠴᠠᠭ᠎ᠠ ᠲᠣᠯᠢᠯᠠᠯ ᠢ ᠭᠦᠨᠵᠡᠭᠡᠶᠢᠷᠡᠭᠦᠯᠵᠦ᠂ |
ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ |
ᠰᠣᠶᠣᠯ ᠤᠨ ᠨᠡᠩ ᠰᠠᠶᠢᠨ ᠢᠶᠠᠷ ᠳᠡᠯᠡᠬᠡᠢ ᠳᠤ ᠠᠯᠳᠠᠷᠰᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠨᠢ ᠤᠤᠯ |
ᠠᠴᠠ ᠪᠠᠨ ᠨᠡᠶᠢᠯᠡᠯᠲᠡ ᠶᠢᠨ ᠴᠡᠭ ᠲᠠᠢ ᠪᠠᠶᠢᠵᠤ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠬᠤ ᠳᠤ ᠪᠠᠶᠢᠪᠠᠰᠤ |
ᠵᠣᠬᠢᠬᠤ ᠠᠭᠤᠯᠭ᠎ᠠ ᠪᠠ ᠴᠢᠬᠤᠯᠠ ᠠᠭᠤᠯᠭ᠎ᠠ ᠪᠣᠯᠣᠨ᠎ᠠ᠃ ᠣᠳᠣᠬᠠᠨ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ |
ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠮᠠᠰᠢ ᠶᠡᠭᠡ ᠠᠩᠬᠠᠷᠴᠤ᠂ |
ᠡᠯ᠎ᠡ ᠭᠠᠵᠠᠷ ᠤᠨ ᠬᠢᠨ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ |
ᠬᠥᠭᠵᠢᠬᠦᠯᠬᠦ ᠠᠮᠢᠳᠤᠯᠢᠭ ᠦᠢᠯᠡᠳᠦᠯᠭᠡ ᠶᠢ ᠥᠷᠨᠢᠭᠦᠯᠵᠦ᠂ ᠨᠢᠬᠡ ᠬᠡᠮᠵᠢᠶᠡᠨ ᠤ ᠠᠵᠢᠯ ᠤᠨ ᠦᠷ᠎ᠡ ᠪᠦᠲᠦᠮᠵᠢ |
ᠣᠯᠵᠠᠢ᠃ ᠡᠭᠦᠨ ᠤ ᠬᠠᠮᠲᠤ᠂ ᠬᠡᠰᠡᠭ ᠭᠠᠵᠠᠷ ᠣᠷᠣᠨ ᠳᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ |
ᠠᠭᠤᠯᠤᠭᠳᠠᠬᠤᠨ ᠢ ᠭᠦᠢᠴᠡᠳ ᠠᠭᠤᠳᠠᠯᠤᠭᠰᠠᠨ ᠦᠭᠡᠢ᠂ ᠰᠣᠶᠣᠯ ᠢᠶᠠᠷ ᠵᠢᠭᠤᠯᠴᠢᠯᠠᠯ ᠢ ᠴᠤᠭᠴᠠᠯᠠᠬᠤ |
ᠦᠢᠯᠡᠳᠦᠯ ᠢ ᠭᠦᠢᠴᠡᠳ ᠪᠠᠳᠠᠷᠠᠭᠤᠯᠤᠭᠰᠠᠨ ᠦᠭᠡᠢ︔ ᠪᠤᠳᠠᠰ ᠤᠨ ᠪᠤᠰᠤ ᠰᠤᠶᠤᠯ ᠤᠨ ᠥᠪ ᠤᠨ ᠬᠡᠰᠡᠭ |
ᠵᠠᠯᠭᠠᠮᠵᠢᠯᠠᠭᠴᠢ ᠵᠢᠭᠤᠯᠴᠢᠯᠠᠯ ᠲᠠᠢ ᠠᠭᠤᠰᠤᠯᠴᠠᠬᠤ ᠶᠢ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠶᠢᠨ ᠰᠢᠨ᠎ᠡ |
ᠠᠷᠭ᠎ᠠ ᠮᠠᠶ᠋ᠢᠭ ᠪᠣᠯᠭᠠᠭᠠᠳᠤᠢ᠂ ᠵᠢᠭᠤᠯᠴᠢᠯᠠᠯ ᠢᠶᠠᠷ ᠰᠤᠶᠤᠯ ᠢ ᠳᠣᠪᠤᠶᠢᠯᠭᠠᠬᠤ ᠦᠷ᠎ᠡ ᠪᠦᠲᠦᠮᠵᠢ ᠪᠠᠷ ᠢᠯᠡᠷᠬᠡᠢ ᠪᠢᠰᠢ |
︔ ᠬᠤᠯᠪᠣᠭᠳᠠᠯ ᠪᠦᠬᠦᠢ ᠵᠢᠭᠤᠯᠴᠢᠯᠠᠯ ᠤᠨ ᠦᠢᠯᠡᠴᠢᠯᠡᠭᠡᠨ ᠤ ᠳᠣᠮᠳᠠ ᠪᠤᠳᠠᠰ ᠤᠨ ᠪᠤᠰᠤ ᠰᠤᠶᠤᠯ ᠤᠨ ᠥᠪ ᠤᠨ |
ᠵᠠᠯᠭᠠᠮᠵᠢᠯᠠᠭᠴᠢᠳ ᠤᠨ ᠣᠷᠤᠯᠴᠠᠯᠭ᠎ᠠ ᠶᠢᠨ ᠭᠦᠨᠴᠡ ᠬᠦᠷᠦᠯᠴᠡᠬᠦ ᠦᠭᠡᠢ᠂ ᠪᠠᠲᠤᠯᠠᠭ᠎ᠠ ᠶᠢᠨ ᠲᠣᠭᠲᠠᠴᠠ ᠲᠡᠭᠦᠯᠳᠡᠷ |
ᠪᠤᠰᠤ ᠵᠡᠷᠭᠡ ᠠᠰᠠᠭᠤᠳᠠᠯ ᠤᠷᠤᠰᠢᠵᠤ᠂ ᠨᠡᠶᠢᠭᠡᠮ ᠪᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ |
ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠬᠤ ᠴᠢᠬᠤᠯᠠᠲᠠᠢ ᠪᠠᠶᠢᠨ᠎ᠠ᠃ |
︽ᠮᠡᠳᠡᠭᠳᠡᠯ︾ ᠢ ᠨᠡᠶᠢᠲᠡᠯᠡᠭᠰᠡᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ |
ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ |
ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠣᠳᠠᠰ ᠤᠨ ᠪᠤᠰᠤ ᠰᠣᠶᠣᠯ ᠤᠨ ᠥᠪ ᠪᠠ |
ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠪᠠᠷ ᠳᠠᠮᠵᠢᠭᠤᠯᠤᠨ᠂ ᠰᠣᠶᠣᠯ ᠪᠠ |
ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠤᠯᠠᠮ ᠨᠢᠭᠡ |
ᠠᠯᠬᠤᠮ ᠲᠦᠯᠬᠢᠨ ᠠᠬᠢᠭᠤᠯᠬᠤ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠦᠯᠭᠡ ᠶᠢᠨ ᠠᠷᠭ᠎ᠠ |
ᠮᠠᠶ᠋ᠢᠭ ᠢ ᠥᠷᠭᠡᠳᠬᠡᠨ᠂ ᠪᠤᠳᠠᠰ ᠤᠨ ᠪᠤᠰᠤ ᠰᠤᠶᠤᠯ ᠤᠨ ᠥᠪ ᠤᠨ ᠦᠢᠯᠡᠳᠦᠯᠭᠡ ᠶᠢᠨ ᠠᠮᠢᠵᠢᠷᠠᠯ ᠤᠨ |
ᠬᠦᠴᠦᠨ ᠢ ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠢ |
ᠬᠠᠮᠠᠭᠠᠯᠠᠯᠲᠠ ᠶᠢ ᠲᠦᠯᠬᠢᠨ ᠠᠬᠢᠭᠤᠯᠵᠤ ᠴᠢᠳᠠᠬᠤ ᠮᠥᠷᠲᠡᠭᠡᠨ ᠪᠠᠰᠠ ᠵᠢᠭᠤᠯᠴᠢᠯᠠᠯ ᠤᠨ ᠪᠦᠲᠦᠭᠡᠭᠳᠡᠬᠦᠨ ᠢ |
ᠪᠠᠶᠠᠯᠢᠭᠵᠢᠭᠤᠯᠵᠤ᠂ ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ ᠵᠢᠭᠤᠯᠴᠢᠯᠠᠯ ᠤᠨ |
ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠴᠢᠳᠠᠨ᠎ᠠ᠃ |
ᠠᠰᠠᠭᠤᠯᠲᠠ᠄ ︽ᠮᠡᠳᠡᠭᠳᠡᠯ︾ ᠤᠨ ᠭᠤᠤᠯ ᠠᠭᠤᠯᠭ᠎ᠠ ᠪᠠ ᠤᠨᠴᠠᠯᠢᠭ ᠨᠢ ᠶᠠᠭᠤ ᠪᠤᠢ︖ |
ᠬᠠᠷᠢᠭᠤᠯᠲᠠ᠄ ︽ᠮᠡᠳᠡᠭᠳᠡᠯ︾ ᠳᠤ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ᠂ ᠵᠣᠬᠢᠶᠠᠨ |
ᠪᠠᠶᠢᠭᠤᠯᠵᠤ ᠬᠡᠷᠡᠭᠵᠢᠭᠦᠯᠬᠦ 3 ᠬᠡᠰᠡᠭ ᠬᠤᠪᠢᠶᠠᠵᠤ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ |
ᠭᠦᠨᠵᠡᠭᠡᠢ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠪᠡ᠃ ︽ |
ᠮᠡᠳᠡᠭᠳᠡᠯ︾ ᠳᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ |
ᠰᠣᠶᠣᠯ ᠢᠶᠠᠷ ᠵᠢᠭᠤᠯᠴᠢᠯᠠᠯ ᠶᠢ ᠴᠤᠭᠴᠠᠯᠠᠬᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠵᠤ᠂ |
ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠤᠯᠠᠮᠵᠢᠯᠠᠯ ᠪᠠ ᠵᠢᠭᠤᠯᠴᠢᠯᠠᠯ ᠤᠨ ᠬᠥᠭᠵᠢᠯᠲᠡ ᠶᠢᠨ |
ᠵᠢᠮ᠎ᠡ ᠶᠣᠰᠣ ᠣᠨᠴᠠᠯᠢᠭ ᠢ ᠪᠠᠲᠤ ᠡᠵᠡᠮᠰᠢᠵᠦ᠂ ᠪᠦᠲᠦᠮᠵᠢᠲᠡᠶ ᠬᠠᠮᠠᠭᠠᠯᠠᠭᠰᠠᠨ ᠤᠷᠢᠲᠠᠯ ᠳᠣᠣᠷ᠎ᠠ᠂ ᠪᠣᠳᠠᠰ ᠤᠨ |
ᠪᠤᠰᠤ ᠰᠣᠶᠣᠯ ᠤᠨ ᠥᠪ ᠪᠠ ᠵᠢᠭᠤᠯᠴᠢᠯᠠᠯ ᠢ ᠨᠠᠩ ᠥᠷᠭᠡᠨ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ᠂ ᠨᠠᠩ |
ᠥᠨᠳᠥᠷ ᠬᠢᠷᠢ ᠲᠦᠪᠰᠢᠨ ᠳᠡᠭᠡᠷ᠎ᠡ ᠠᠭᠤᠰᠤᠯᠴᠠᠭᠤᠯᠬᠤ ᠶᠢ ᠠᠬᠢᠭᠤᠯᠵᠤ᠂ ᠲᠥᠷᠥᠯ ᠵᠦᠢᠯ ᠢ ᠡᠮᠬᠢᠯᠡᠨ ᠳᠢᠭᠯᠡᠬᠦ ᠶᠢ |
ᠴᠢᠩᠭᠠᠳᠬᠠᠬᠤ᠂ ᠲᠥᠷᠥᠯ ᠵᠦᠢᠯ ᠤᠨ ᠣᠨᠴᠠᠯᠢᠭ ᠢ ᠳᠣᠪᠤᠶᠢᠯᠭᠠᠬᠤ᠂ ᠵᠢᠭᠤᠯᠴᠢᠯᠠᠯ ᠤᠨ ᠣᠷᠣᠨ ᠵᠠᠢ ᠳᠤ |
ᠠᠭᠤᠰᠤᠯᠴᠠᠭᠤᠯᠬᠤ᠂ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠬᠤ᠂ ᠪᠡᠶᠡᠴᠢᠯᠡᠨ ᠣᠶᠢᠯᠠᠭᠠᠬᠤ |
ᠰᠠᠭᠤᠷᠢᠨ ᠭᠠᠵᠠᠷ ᠢ ᠪᠠᠶᠢᠭᠤᠯᠬᠤ᠂ ᠰᠣᠶᠣᠯ ᠤᠨ ᠠᠮᠢ ᠠᠬᠤᠢ ᠶᠢ ᠬᠠᠮᠠᠭᠠᠯᠠᠬᠤ᠂ ᠣᠨᠴᠠᠯᠢᠭᠲᠤ ᠵᠠᠮ ᠱᠤᠭᠤᠮ ᠢ |
ᠪᠣᠶᠢᠵᠢᠭᠤᠯᠬᠤ᠂ ᠬᠤᠣᠰ ᠴᠢᠭᠯᠡᠯ ᠤᠨ ᠪᠤᠯᠪᠠᠰᠤᠷᠠᠯ ᠢ ᠥᠷᠨᠢᠭᠦᠯᠬᠦ ᠵᠡᠷᠭᠡ 8 ᠵᠦᠢᠯ ᠤᠨ ᠭᠤᠣᠯᠳᠠᠯᠭ᠎ᠠ ᠲᠠᠢ |
ᠡᠭᠦᠷᠭᠡ ᠶᠢ ᠲᠣᠳᠣᠷᠬᠠᠢ ᠲᠣᠭᠲᠠᠭᠠᠪᠠ᠃ ᠡᠭᠦᠨ ᠳᠤ ᠭᠤᠣᠯᠳᠠᠭᠤ ᠭᠤᠷᠪᠠᠨ ᠵᠦᠢᠯ ᠤᠨ ᠣᠨᠴᠠᠯᠢᠭ ᠲᠠᠢ᠄ |
ᠨᠢᠭᠡ ᠳᠤ᠂ ᠣᠶᠢᠯᠠᠭᠠᠭᠳᠠᠬᠤᠨ ᠢᠶᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠪᠠ᠃ ︽ᠮᠡᠳᠡᠭᠳᠡᠯ︾ ᠳᠤ |
ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠬᠠᠷᠢᠯᠴᠠᠨ ᠠᠬᠢᠭᠤᠯᠬᠤ᠂ ᠬᠠᠷᠢᠯᠴᠠᠨ |
ᠲᠤᠯᠭᠠᠭᠤᠷᠢᠯᠠᠬᠤ᠂ ᠬᠠᠮᠵᠢᠯᠴᠠᠨ ᠬᠥᠭᠵᠢᠬᠦ ᠶᠢᠨ ᠬᠠᠷᠢᠴᠠᠭ᠎ᠠ ᠶᠢ ᠲᠣᠳᠣᠷᠬᠠᠶᠢᠯᠠᠨ ᠥᠭᠦᠯᠡᠵᠦ᠂ ᠪᠣᠳᠠᠰ ᠤᠨ ᠪᠤᠰᠤ |
ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠳᠤᠮᠳᠠ ᠪᠠᠷᠢᠮᠲᠠᠯᠠᠬᠤ |
ᠶᠣᠰᠣᠲᠠᠢ ᠵᠠᠷᠴᠢᠮ᠂ ᠠᠩᠬᠠᠷᠬᠤ ᠴᠢᠬᠤᠯᠠᠲᠠᠢ ᠠᠰᠠᠭᠤᠳᠠᠯ ᠢ ᠵᠢᠭᠠᠵᠤ ᠭᠠᠷᠭᠠᠪᠠ᠃ ᠡᠯ᠎ᠡ ᠭᠠᠵᠠᠷ ᠤᠨ ᠰᠣᠶᠣᠯ ᠪᠠ |
ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠪᠤᠳᠠᠰ ᠤᠨ ᠪᠤᠰᠤ ᠰᠤᠶᠤᠯ ᠤᠨ ᠥᠪ ᠤᠨ |
ᠵᠠᠯᠭᠠᠮᠵᠢᠯᠠᠭᠴᠢ ᠶᠢᠨ ᠬᠠᠮᠲᠤ ᠨᠡᠶᠢᠲᠡ᠂ ᠵᠢᠭᠤᠯᠴᠢᠯᠠᠯ ᠤᠨ ᠠᠵᠢᠯ ᠡᠷᠬᠢᠯᠡᠭᠰᠡᠳ ᠵᠡᠷᠭᠡ ᠬᠠᠮᠢᠶ᠎ᠠ ᠪᠦᠬᠦᠢ ᠭᠤᠣᠯ |
ᠴᠣᠭᠴᠠ ᠶᠢᠨ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠨ |
ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠶᠢ ᠬᠥᠲᠥᠯᠥᠨ ᠵᠢᠯᠤᠭᠤᠳᠴᠤ᠂ |
ᠠᠭᠤᠰᠤᠯᠴᠠᠭᠤᠯᠤᠨ ᠬᠥᠭᠵᠢᠭᠦᠯᠬᠦ ᠶᠠᠪᠤᠴᠠ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ |
ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠶᠢ ᠬᠠᠮᠲᠤ ᠳᠤ ᠨᠢ ᠬᠠᠷᠠᠭᠠᠯᠵᠠᠨ᠎ᠠ᠃ |
ᠬᠤᠶᠠᠷ ᠲᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠎ᠠ᠃ ︽ᠮᠡᠳᠡᠭᠳᠡᠯ︾ ᠳᠤ |
ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠲᠠᠨᠢᠯᠴᠠᠭᠤᠯᠬᠤ |
ᠭᠠᠷᠴᠠᠭ ᠢ ᠪᠠᠶᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ |
ᠪᠠᠶᠢᠭᠤᠯᠬᠤ᠂ ᠵᠢᠭᠤᠯᠴᠢᠯᠠᠯ ᠤᠨ ᠵᠠᠮ ᠱᠤᠭᠤᠮ ᠢ ᠪᠣᠶᠢᠵᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ |
ᠣᠨᠴᠠᠯᠢᠭᠲᠤ ᠦᠵᠡᠮᠵᠢ ᠶᠢᠨ ᠣᠷᠣᠨ ᠢ ᠪᠠᠶᠢᠭᠤᠯᠬᠤ ᠵᠡᠷᠭᠡ ᠠᠵᠢᠯ ᠤᠨ ᠭᠠᠷᠳᠠᠴᠠ ᠶᠢ ᠳᠤᠷᠠᠳᠤᠨ ᠭᠠᠷᠭᠠᠵᠤ᠂ ᠡᠯ᠎ᠡ |
ᠭᠠᠵᠠᠷ ᠤᠨ ᠬᠢᠨ ᠤ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ |
ᠠᠵᠢᠯ ᠢ ᠭᠦᠨᠵᠡᠭᠡᠢ ᠠᠬᠢᠭᠤᠯᠬᠤ ᠳᠤ ᠪᠣᠳᠠᠲᠠᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ |
|
ᠭᠤᠷᠪᠠ ᠳᠤ᠂ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ︽ᠮᠡᠳᠡᠭᠳᠡᠯ︾ ᠳᠤ ᠪᠤᠳᠠᠰ ᠤᠨ ᠪᠤᠰᠤ |
ᠰᠤᠶᠤᠯ ᠤᠨ ᠥᠪ ᠤᠨ ᠵᠠᠯᠭᠠᠮᠵᠢᠯᠠᠭᠴᠢ ᠶᠢᠨ ᠵᠢᠭᠤᠯᠴᠢᠯᠠᠯ ᠤᠨ ᠬᠠᠮᠢᠶᠠᠷᠤᠯᠲᠠ ᠪᠠ ᠦᠢᠯᠡᠴᠢᠯᠡᠭᠡ ᠳᠤ |
ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠵᠢᠭᠤᠯᠴᠢᠯᠠᠯ ᠯᠤᠭ᠎ᠠ ᠭᠦᠨᠵᠡᠭᠡᠢ ᠠᠭᠤᠰᠤᠯᠴᠠᠬᠤ ᠪᠠᠷ |
ᠳᠠᠮᠵᠢᠭᠤᠯᠤᠨ᠂ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠬᠤ ᠦᠢᠯᠡᠳᠦᠯᠭᠡ ᠶᠢᠨ ᠬᠡᠯᠪᠡᠷᠢ ᠶᠢ |
ᠪᠠᠶᠠᠯᠢᠭᠵᠢᠭᠤᠯᠵᠤ᠂ ᠬᠠᠮᠢᠶ᠎ᠠ ᠪᠦᠬᠦᠢ ᠬᠠᠮᠲᠤ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠵᠢᠭᠤᠯᠴᠢᠯᠠᠯ ᠤᠨ |
ᠦᠢᠯᠡᠴᠢᠯᠡᠭᠡᠨ ᠤ ᠳᠤᠮᠳᠠ ᠪᠣᠳᠠᠰ ᠤᠨ ᠪᠤᠰᠤ ᠰᠣᠶᠣᠯ ᠤᠨ ᠥᠪ ᠤᠨ ᠠᠭᠤᠯᠤᠭᠳᠠᠬᠤᠨ ᠢ ᠭᠦᠢᠴᠡᠳ |
ᠲᠠᠶᠢᠯᠪᠤᠷᠢᠯᠠᠭᠤᠯᠵᠤ᠂ ᠨᠡᠶᠢᠭᠡᠮ ᠤᠨ ᠬᠦᠴᠦᠨ ᠤ ᠥᠷᠭᠡᠨ ᠢᠶᠠᠷ ᠣᠷᠣᠯᠴᠠᠬᠤ ᠶᠢ ᠳᠡᠮᠵᠢᠵᠦ᠂ ᠡᠯ᠎ᠡ ᠭᠤᠣᠯ |
ᠴᠣᠭᠴᠠ ᠶᠢᠨ ᠬᠠᠮᠲᠤ ᠪᠠᠷ ᠬᠦᠴᠦᠯᠡᠵᠦ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ |
ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ |
ᠠᠰᠠᠭᠤᠯᠲᠠ᠄ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠠᠷᠠᠭᠠᠴᠢ ᠶᠢᠨ ᠠᠯᠬᠤᠮ ᠳᠤ |
ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ |
ᠠᠬᠢᠭᠤᠯᠬᠤ ᠳᠤ ᠶᠠᠮᠠᠷ ᠪᠣᠳᠣᠯᠬᠢᠯᠠᠯ ᠲᠠᠢ ᠪᠣᠶ︖ |
ᠬᠠᠷᠢᠭᠤᠯᠲᠠ᠄ ᠳᠠᠷᠠᠭᠠᠴᠢ ᠶᠢᠨ ᠠᠯᠬᠤᠮ ᠳᠤ᠂ ᠪᠢᠳᠡ ︽ᠮᠡᠳᠡᠭᠳᠡᠯ︾ ᠤᠨ ᠶᠡᠷᠦᠩᠬᠡᠢ ᠪᠠᠶᠢᠷᠢᠯᠠᠭᠤᠯᠤᠯᠲᠠ |
ᠶᠣᠰᠣᠭᠠᠷ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠤᠯᠠᠮᠵᠢᠯᠠᠨ |
ᠵᠠᠯᠭᠠᠮᠵᠢᠯᠠᠬᠤ ᠬᠠᠮᠲᠤ ᠨᠡᠶᠢᠲᠡ᠂ ᠵᠢᠭᠤᠯᠴᠢᠯᠠᠯ ᠤᠨ ᠡᠵᠡᠩᠨᠡᠯᠲᠡ ᠶᠢᠨ ᠭᠤᠣᠯ ᠴᠣᠭᠴᠠ᠂ ᠰᠣᠨᠢᠨ ᠮᠡᠳᠡᠭᠡᠨ ᠤ |
ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠ ᠲᠣᠰ ᠪᠡᠶ᠎ᠡ ᠶᠢᠨ ᠣᠨᠴᠠᠯᠢᠭ ᠲᠠᠢ ᠪᠠᠨ |
ᠤᠶᠠᠯᠳᠤᠭᠤᠯᠤᠨ᠂ ᠠᠭᠤᠰᠤᠯᠴᠠᠨ ᠬᠥᠭᠵᠢᠬᠦ ᠶᠢᠨ ᠭᠠᠷᠳᠠᠬᠤ ᠴᠡᠭ ᠢ ᠣᠨᠣᠪᠴᠢᠲᠠᠶ ᠡᠷᠢᠵᠦ᠂ ᠢᠳᠡᠪᠬᠢᠲᠡᠢ |
ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ︽ |
ᠮᠡᠳᠡᠭᠳᠡᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠰ ᠤᠨ ᠪᠤᠰᠤ |
ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠦᠨᠡᠨ ᠬᠦ ᠠᠬᠢᠭᠤᠯᠤᠨ᠎ᠠ᠃ |
ᠨᠢᠭᠡ ᠳᠤ᠂ ᠡᠯ᠎ᠡ ᠭᠠᠵᠠᠷ ᠤᠨ ᠬᠢᠨ ᠤ ︽ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ ᠠᠵᠢᠯ ᠤᠨ |
ᠲᠥᠰᠥᠯ ᠢᠶᠠᠨ ᠨᠠᠷᠢᠯᠢᠭᠵᠢᠭᠤᠯᠬᠤ ᠶᠢ ᠵᠢᠯᠤᠭᠤᠳᠤᠨ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ |
ᠠᠭᠤᠰᠤᠯᠴᠠᠨ ᠬᠥᠭᠵᠢᠬᠦ ᠶᠢ ᠲᠠᠨᠢᠯᠴᠠᠭᠤᠯᠬᠤ ᠭᠠᠷᠴᠠᠭ ᠢ ᠪᠠᠶᠢᠭᠤᠯᠬᠤ ᠪᠠᠷ ᠰᠠᠭᠤᠷᠢ ᠪᠣᠯᠭᠠᠵᠤ᠂ ᠪᠣᠳᠠᠰ ᠤᠨ ᠪᠤᠰᠤ |
ᠰᠣᠶᠣᠯ ᠤᠨ ᠥᠪ ᠤᠨ ᠲᠥᠷᠥᠯ ᠵᠦᠢᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠭᠤᠣᠯ ᠴᠣᠭᠴᠠ ᠬᠢᠭᠡᠳ |
ᠵᠢᠭᠤᠯᠴᠢᠯᠠᠯ ᠤᠨ ᠡᠵᠡᠩᠨᠡᠯᠲᠡ ᠶᠢᠨ ᠭᠤᠣᠯ ᠴᠣᠭᠴᠠ ᠶᠢ ᠥᠷᠭᠡᠨ ᠢᠶᠠᠷ ᠵᠤᠯᠭᠠᠭᠤᠯᠬᠤ᠂ ᠭᠦᠨᠵᠡᠭᠡᠢ |
ᠬᠠᠮᠲᠤᠷᠠᠯᠴᠠᠬᠤ ᠶᠢ ᠳᠡᠮᠵᠢᠵᠦ᠂ ᠬᠤᠣᠰ ᠴᠢᠭᠯᠡᠯ ᠤᠨ ᠪᠤᠯᠪᠠᠰᠤᠷᠠᠯ ᠥᠷᠨᠢᠭᠦᠯᠬᠦ ᠪᠠᠷ ᠳᠠᠮᠵᠢᠭᠤᠯᠤᠨ᠂ ᠤᠯᠠᠮᠵᠢᠯᠠᠨ |
ᠵᠠᠯᠭᠠᠮᠵᠢᠯᠠᠭᠴᠢ ᠪᠠ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠠᠭᠤᠰᠤᠯᠴᠠᠨ ᠬᠥᠭᠵᠢᠬᠦ ᠴᠢᠳᠠᠪᠤᠷᠢ ᠶᠢ |
ᠳᠡᠭᠡᠭᠰᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠦᠵᠡᠮᠵᠢ ᠶᠢᠨ ᠣᠷᠣᠨ ᠢ |
ᠮᠠᠭᠠᠳᠯᠠᠨ ᠲᠣᠭᠲᠠᠭᠠᠬᠤ ᠪᠠ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠢᠭᠤᠯᠴᠢᠯᠠᠯ ᠤᠨ ᠵᠠᠮ |
ᠱᠤᠭᠤᠮ ᠢ ᠨᠡᠶᠢᠲᠡᠯᠡᠬᠦ ᠪᠠᠷ ᠳᠠᠮᠵᠢᠭᠤᠯᠤᠨ ᠭᠦᠨᠵᠡᠭᠡᠢ ᠠᠭᠤᠰᠤᠯᠴᠠᠭᠰᠠᠨ ᠦᠷ᠎ᠡ ᠪᠦᠲᠦᠭᠡᠯ ᠢ ᠳᠡᠯᠭᠡᠷᠡᠭᠦᠯᠦᠨ᠂ |
ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠳᠦᠯᠬᠢᠨ |
ᠠᠬᠢᠭᠤᠯᠤᠨ᠎ᠠ᠃ |
ᠬᠤᠶᠠᠷ ᠲᠤ᠂ ᠤᠯᠠᠮᠵᠢᠯᠠᠨ ᠵᠠᠯᠭᠠᠮᠵᠢᠯᠠᠭᠴᠢ ᠶᠢᠨ ᠤᠳᠤ ᠦᠶ᠎ᠡ ᠶᠢᠨ ᠵᠢᠭᠤᠯᠴᠢᠯᠠᠯ ᠤᠨ ᠬᠡᠷᠡᠭᠴᠡᠭᠡ ᠪᠠ |
ᠵᠢᠭᠤᠯᠴᠢᠯᠠᠯ ᠠᠴᠠ ᠪᠣᠯᠤᠭᠰᠠᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠷᠠᠯᠲᠠ ᠳᠤ |
ᠢᠳᠡᠪᠬᠢᠲᠡᠢ ᠪᠠᠷ ᠵᠤᠬᠢᠴᠠᠬᠤ ᠶᠢ ᠬᠥᠲᠥᠯᠥᠨ ᠵᠢᠯᠤᠭᠤᠳᠴᠤ᠂ ᠪᠤᠳᠠᠰ ᠤᠨ ᠪᠤᠰᠤ ᠰᠤᠶᠤᠯ ᠤᠨ ᠥᠪ ᠤᠨ |
ᠵᠠᠯᠭᠠᠮᠵᠢᠯᠠᠯ ᠳᠤ ᠨᠡᠩ ᠥᠷᠭᠡᠨ ᠠᠭᠤᠳᠠᠮ ᠣᠷᠣᠨ ᠵᠠᠢ ᠶᠢ ᠥᠷᠭᠡᠳᠬᠡᠵᠦ ᠥᠭᠭᠦᠨ᠎ᠡ᠃ ᠵᠢᠭᠤᠯᠴᠢᠯᠠᠭᠴᠢᠳ ᠲᠤ |
ᠬᠠᠨᠳᠤᠭᠤᠯᠤᠨ ᠲᠤᠬᠠᠢ ᠶᠢᠨ ᠭᠠᠵᠠᠷ ᠤᠨ ᠲᠤᠮᠤᠭ ᠶᠠᠷᠢᠶ᠎ᠠ ᠂ ᠳᠤᠮᠤᠭ ᠦᠯᠢᠭᠡᠷ ᠢ ᠰᠠᠶᠢᠲᠤᠷ ᠶᠠᠷᠢᠵᠤ᠂ ᠪᠣᠳᠠᠰ ᠤᠨ |
ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠯᠠᠯᠲᠠ ᠶᠢ ᠥᠷᠨᠢᠭᠦᠯᠵᠦ᠂ ᠤᠯᠠᠮᠵᠢᠯᠠᠯᠲᠤ ᠭᠠᠷ ᠤᠷᠠᠯᠠᠯ ᠤᠨ |
ᠪᠦᠲᠦᠭᠡᠭᠳᠡᠬᠦᠨ ᠵᠡᠷᠭᠡ ᠶᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠤᠨ ᠲᠣᠭᠤᠷᠢᠨ ᠦᠵᠡᠬᠦ᠂ ᠬᠠᠷᠢᠯᠴᠠᠨ |
ᠬᠥᠳᠡᠯᠦᠯᠴᠡᠬᠦ᠂ ᠪᠡᠶᠡᠴᠢᠯᠡᠨ ᠣᠶᠢᠯᠠᠭᠠᠬᠤ᠂ ᠰᠤᠷᠤᠯᠴᠠᠬᠤ ᠬᠡᠷᠡᠭᠴᠡᠭᠡ ᠶᠢ ᠬᠠᠩᠭᠠᠨ᠎ᠠ᠃ ᠵᠢᠭᠤᠯᠴᠢᠯᠠᠯ ᠤᠨ |
ᠦᠵᠡᠮᠵᠢ ᠶᠢᠨ ᠣᠷᠣᠨ ᠵᠡᠷᠭᠡ ᠵᠢᠭᠤᠯᠴᠢᠯᠠᠯ ᠤᠨ ᠣᠷᠣᠨ ᠵᠠᠢ ᠶᠢᠨ ᠵᠢᠭᠤᠯᠴᠢᠯᠠᠯ ᠥᠷᠨᠢᠭᠦᠯᠬᠦ ᠳᠤ ᠲᠣᠬᠢᠷᠠᠮᠵᠢᠲᠠᠢ |
ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠲᠠᠢ ᠢᠳᠡᠪᠬᠢᠲᠡᠢ ᠵᠣᠯᠭᠠᠬᠤ ᠶᠢ |
ᠵᠣᠷᠢᠭᠵᠢᠭᠤᠯᠵᠤ᠂ ᠲᠥᠷᠥᠯ ᠵᠦᠢᠯ ᠤᠨ ᠳᠡᠯᠭᠡᠨ ᠦᠵᠡᠭᠦᠯᠵᠦ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ |
ᠵᠢᠭᠤᠯᠴᠢᠯᠠᠯ ᠤᠨ ᠦᠢᠯᠡᠳᠬᠦᠨ ᠤ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠤᠨ᠂ ᠤᠯᠠᠮᠵᠢᠯᠠᠨ |
ᠵᠠᠯᠭᠠᠮᠵᠢᠯᠠᠭᠴᠢ ᠶᠢᠨ ᠵᠢᠭᠤᠯᠴᠢᠯᠠᠯ ᠤᠨ ᠣᠷᠣᠨ ᠵᠠᠢ ᠳᠤ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠪᠠ |
ᠵᠢᠭᠤᠯᠴᠢᠯᠠᠯ ᠤᠨ ᠦᠢᠯᠡᠴᠢᠯᠡᠭᠡ ᠥᠷᠨᠢᠭᠦᠯᠬᠦ ᠳᠤ ᠲᠥᠬᠦᠮ ᠨᠥᠬᠦᠴᠡᠯ ᠬᠠᠩᠭᠠᠵᠤ᠂ ᠤᠯᠠᠮᠵᠢᠯᠠᠨ ᠵᠠᠯᠭᠠᠮᠵᠢᠯᠠᠭᠴᠢ |
ᠶᠢᠨ ᠵᠢᠭᠤᠯᠴᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ ᠪᠠ ᠵᠢᠭᠤᠯᠴᠢᠯᠠᠯ ᠤᠨ ᠦᠢᠯᠡᠴᠢᠯᠡᠭᠡᠨ ᠤ |
ᠬᠠᠮᠢᠶᠠᠷᠤᠯᠲᠠ ᠳᠤ ᠤᠷᠤᠯᠴᠠᠬᠤ ᠶᠢ ᠳᠠᠲᠠᠵᠤ᠂ ᠤᠯᠠᠮᠵᠢᠯᠠᠨ ᠵᠠᠯᠭᠠᠮᠵᠢᠯᠠᠭᠴᠢ ᠶᠢᠨ ᠣᠷᠣᠯᠴᠠᠬᠤ ᠬᠡᠮᠵᠢᠶ᠎ᠡ ᠪᠠ |
ᠭᠥᠷᠳᠡᠬᠦ ᠲᠥᠷᠥᠭᠳᠡᠯ ᠢ ᠳᠡᠭᠡᠭᠰᠢᠯᠡᠭᠦᠯᠦᠨ᠎ᠡ᠃ |
ᠭᠤᠷᠪᠠ ᠳᠤ᠂ ᠰᠣᠨᠢᠨ ᠮᠡᠳᠡᠭᠡᠨ ᠤ ᠵᠠᠭᠤᠴᠢᠯᠠᠭᠤᠷ᠂ ᠡᠯ᠎ᠡ ᠲᠦᠷᠦᠯ ᠤᠨ ᠰᠢᠨ᠎ᠡ ᠵᠠᠭᠤᠴᠢᠯᠠᠭᠤᠷ ᠤᠨ |
ᠲᠠᠪᠴᠠᠩ ᠢ ᠲᠠᠶᠢᠴᠢᠯᠠᠨ ᠥᠷᠭᠡᠨ ᠢᠶᠠᠷ ᠤᠬᠠᠭᠤᠯᠵᠤ᠂ ᠥᠷᠭᠡᠨ ᠤᠯᠠᠨ ᠵᠢᠭᠤᠯᠴᠢᠯᠠᠭᠴᠢ ᠶᠢᠨ ᠵᠢᠭᠤᠯᠴᠢᠯᠠᠯ ᠤᠨ |
ᠳᠤᠮᠳᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ |
ᠲᠠᠨᠢᠬᠤ ᠶᠢ ᠵᠢᠯᠤᠭᠤᠳᠤᠨ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ᠂ ᠬᠦᠨᠳᠦᠳᠬᠡᠬᠦ ᠤᠬᠠᠮᠰᠠᠷ ᠢ ᠪᠤᠢ |
ᠪᠣᠯᠭᠠᠨ᠎ᠠ᠃ ᠡᠯ᠎ᠡ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ |
ᠬᠥᠭᠵᠢᠭᠦᠯᠦᠭᠰᠡᠨ ᠠᠰᠢᠭᠲᠠᠢ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠲᠠᠨᠢᠯᠴᠠᠭᠤᠯᠵᠤ᠂ ᠪᠦᠬᠦ ᠤᠯᠤᠰ ᠤᠨ |
ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ |
ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ |
ᠳᠥᠷᠪᠡ ᠳᠤ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ |
ᠠᠵᠢᠯ ᠤᠨ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠠᠵᠢᠯᠯᠠᠭ᠎ᠠ ᠶᠢ ᠡᠷᠬᠢᠯᠡᠵᠦ᠂ ᠪᠣᠳᠠᠰ ᠤᠨ ᠪᠤᠰᠤ |
ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠠᠭᠤᠳᠠᠯ ᠤᠨ ᠬᠤᠷᠠᠯ ᠢ |
ᠬᠤᠷᠠᠯᠳᠤᠭᠤᠯᠵᠤ᠂ ᠠᠭᠤᠰᠤᠯᠴᠠᠭᠤᠯᠤᠨ ᠬᠥᠭᠵᠢᠭᠦᠯᠬᠦ ᠬᠠᠮᠲᠤ ᠶᠢᠨ ᠲᠠᠨᠢᠯᠲᠠ ᠶᠢ ᠴᠢᠨᠠᠭᠰᠢᠳᠠ ᠨᠢᠭᠲᠠᠷᠠᠭᠤᠯᠤᠨ᠎ᠠ᠃ |
ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ |
ᠡᠯᠰᠡᠨ ᠴᠤᠭᠯᠠᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠲᠡᠯᠢᠭ ᠵᠢᠱᠢᠶ᠎ᠡ ᠪᠠᠷ |
ᠳᠠᠶᠢᠴᠢᠯᠠᠬᠤ ᠪᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠯᠤᠰ ᠤᠨ |
ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠮᠡᠳᠡᠭᠦᠯᠬᠦ ᠪᠠ |
ᠦᠨᠡᠯᠡᠨ ᠲᠤᠭᠲᠠᠭᠠᠬᠤ ᠠᠵᠢᠯ ᠢ ᠰᠤᠳᠤᠯᠤᠨ ᠡᠬᠢᠯᠡᠭᠦᠯᠵᠦ᠂ ᠨᠢᠭᠡ ᠪᠦᠯᠦᠭ ᠤᠯᠤᠰ ᠤᠨ ᠲᠠᠰ ᠤᠨ ᠪᠣᠳᠠᠰ ᠤᠨ |
ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠣᠷᠣᠨ ᠨᠤᠲᠤᠭ ᠤᠨ |
ᠬᠠᠶᠢᠨ ᠰᠦᠪᠡᠭᠴᠢᠯᠡᠭᠰᠡᠨ ᠰᠠᠭᠤᠷᠢᠨ ᠳᠡᠭᠡᠷ᠎ᠡ ᠨᠢᠭᠡ ᠪᠦᠯᠦᠭ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ |
ᠥᠪ ᠤᠨ ᠣᠨᠴᠠᠯᠢᠭᠲᠤ ᠦᠵᠡᠮᠵᠢ ᠶᠢᠨ ᠣᠷᠣᠨ ᠢ ᠪᠥᠲᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ |
|