ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ |
ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ |
ᠬᠤᠭᠤᠷᠣᠨᠳᠣᠬᠢ ᠵᠥᠪᠯᠡᠯ ᠤᠨ 18 ᠳ᠋ᠤᠭᠠᠷ ᠬᠤᠭᠤᠴᠠᠭᠠᠨ ᠤ ᠪᠠᠶᠢᠩᠭᠤ ᠶᠢᠨ ᠬᠤᠷᠠᠯ 12 ᠳ᠋ᠤᠭᠠᠷ ᠰᠠᠷ᠎ᠠ ᠶᠢᠨ |
4 ᠤ ᠡᠳᠦᠷ ᠠᠴᠠ 8 ᠤ ᠡᠳᠦᠷ ᠪᠤᠼᠸᠠᠨᠠ ᠶᠢᠨ ᠺᠠᠰᠠᠨᠡᠢ ᠳᠤ ᠶᠠᠪᠤᠭᠳᠠᠪᠠ᠃ ᠮᠠᠨ ᠤ ᠤᠯᠤᠰ ᠤᠨ 2010 |
ᠣᠨ ᠳᠤ ᠪᠠᠴᠢᠮ ᠬᠠᠮᠠᠭᠠᠯᠠᠬᠤ ᠴᠢᠬᠤᠯᠠᠲᠠᠢ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ |
ᠤᠷᠤᠭᠤᠯᠤᠭᠰᠠᠨ ᠮᠠᠢ ᠱᠢ ᠷᠧ ᠫᠦ᠋᠂ ᠳᠤᠮᠳᠠᠳᠤ ᠤᠯᠤᠰ ᠤᠨ ᠥᠷᠥᠮᠡᠯ ᠪᠠᠷ ᠤᠨ ᠬᠡᠪᠯᠡᠯ ᠤᠨ ᠮᠡᠷᠭᠡᠵᠢᠯ᠂ ᠳᠤᠮᠳᠠᠳᠤ |
ᠤᠯᠤᠰ ᠤᠨ ᠤᠰᠤ ᠪᠢᠲᠡᠭᠦᠮᠵᠢᠯᠡᠬᠦ ᠰᠠᠩ ᠤᠨ ᠪᠤᠶᠠᠨ ᠤ ᠣᠩᠭᠤᠴᠠ ᠦᠢᠯᠡᠳᠬᠦ ᠮᠡᠷᠭᠡᠵᠢᠯ ᠵᠡᠷᠭᠡ ᠭᠤᠷᠪᠠᠨ ᠲᠥᠷᠥᠯ |
ᠵᠦᠢᠯ ᠤᠨ ᠭᠤᠷᠪᠠᠳᠤᠭᠠᠷ ᠤᠳᠠᠭᠠᠨ ᠤ ᠭᠡᠷ᠎ᠡ ᠪᠠᠨ ᠭᠦᠢᠴᠡᠳᠬᠡᠭᠰᠡᠨ ᠮᠡᠳᠡᠭᠦᠯᠦᠯᠲᠡ ᠵᠥᠪᠯᠡᠯ ᠤᠨ ᠬᠢᠨᠠᠨ |
ᠵᠥᠪᠯᠡᠯᠭᠡ ᠶᠢ ᠤᠷᠤᠭᠰᠢᠲᠠᠢ ᠥᠩᠭᠡᠷᠡᠭᠡᠪᠡ᠃ |
ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ ᠬᠤᠭᠤᠷᠣᠨᠳᠣᠬᠢ ᠵᠥᠪᠯᠡᠯ |
ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ |
ᠵᠣᠬᠢᠶᠠᠨ ᠪᠠᠶᠢᠭᠤᠯᠤᠯᠲᠠ ᠶᠢᠨ ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠶᠢᠲᠡ ᠶᠢᠨ ᠭᠡᠷ᠎ᠡ︾ ᠶᠢ |
ᠵᠠᠰᠠᠵᠤ ᠴᠡᠭᠴᠡᠯᠡᠬᠦ ᠪᠠᠶᠢᠭᠤᠯᠤᠮᠵᠢ ᠮᠥᠨ᠂ ᠵᠢᠯ ᠪᠦᠷᠢ ᠨᠢᠭᠡ ᠬᠤᠭᠤᠴᠠᠭᠠᠨ ᠤ ᠬᠤᠷᠠᠯ ᠡᠷᠬᠢᠯᠡᠳᠡᠭ᠃ ᠲᠣᠰ |
ᠬᠤᠭᠤᠴᠠᠭᠠᠨ ᠤ ᠪᠠᠶᠢᠩᠭᠤ ᠶᠢᠨ ᠬᠤᠷᠠᠯ ᠳᠤ ᠨᠡᠶᠢᠲᠡ 124 ᠤᠯᠤᠰ᠂ 84 ᠣᠯᠠᠨ ᠤᠯᠤᠰ ᠤᠨ ᠬᠤᠯᠪᠣᠭᠠᠲᠤ |
ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ |
ᠪᠠᠲᠤᠯᠠᠭᠠᠵᠢᠭᠤᠯᠤᠭᠰᠠᠨ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ᠂ 5 ᠬᠤᠶᠠᠳᠤᠭᠠᠷ ᠲᠥᠷᠥᠯ ᠤᠨ |
ᠲᠥᠪ ᠤᠨ 900 ᠭᠠᠷᠤᠢ ᠲᠥᠯᠥᠭᠡᠯᠡᠭᠴᠢ ᠣᠷᠣᠯᠴᠠᠵᠠᠢ᠃ |
ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠷᠣᠣ ᠴᠢᠤᠸᠠᠨ |
ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠬᠤᠷᠠᠯ ᠳᠤ ᠣᠷᠣᠯᠴᠠᠭᠰᠠᠨ ᠪᠥᠭᠡᠳ 12 ᠳ᠋ᠤᠭᠠᠷ ᠰᠠᠷ᠎ᠠ ᠶᠢᠨ |
10 ᠤ ᠡᠳᠦᠷ ᠠᠴᠠ 13 ᠤ ᠡᠳᠦᠷ ᠪᠣᠯᠲᠠᠯ᠎ᠠ ᠡᠸ᠋ᠽᠢᠤᠫᠢᠶ᠎ᠠ ᠳᠤ ᠠᠶᠢᠯᠴᠢᠯᠠᠵᠤ᠂ ᠲᠤᠬᠠᠢ ᠶᠢᠨ ᠭᠠᠵᠠᠷ ᠤᠨ |
ᠰᠣᠶᠣᠯ ᠪᠠ ᠵᠢᠭᠤᠯᠴᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠠᠶᠢᠭᠤᠯᠤᠮᠵᠢ ᠶᠢᠨ |
ᠬᠠᠷᠢᠭᠤᠴᠠᠯᠭᠠᠲᠠᠨ ᠲᠠᠢ ᠠᠭᠤᠯᠵᠠᠵᠤ᠂ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ |
ᠬᠠᠮᠲᠤᠷᠠᠯᠴᠠᠭ᠎ᠠ ᠶᠢᠨ ᠲᠤᠬᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠵᠠᠢ᠃ |
|
|