ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ |
ᠮᠠᠨ ᠤ ᠣᠷᠣᠨ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠭᠡᠵᠦ᠂ ᠣᠷᠣᠨ ᠤ ᠳᠣᠲᠣᠭᠠᠳᠤ ᠭᠠᠳᠠᠭᠠᠳᠤ ᠶᠢᠨ |
ᠨᠡᠩ ᠤᠯᠠᠨ ᠵᠢᠭᠤᠯᠴᠢᠯᠠᠬᠰᠠᠳ ᠢ ᠲᠠᠲᠠᠬᠤ ᠶᠢᠨ ᠲᠥᠯᠥᠭᠡ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ |
ᠪᠣᠳᠣᠯᠭ᠎ᠠ ᠶᠢ ᠨᠡᠶᠢᠲᠡᠯᠡᠪᠡ᠃ ᠲᠤᠰ ᠲᠦᠷᠦ ᠶᠢᠨ ᠪᠣᠳᠣᠯᠭ᠎ᠠ ᠶᠢ 2023 ᠣᠨ ᠤ 11 ᠰᠠᠷ᠎ᠠ ᠶᠢᠨ 15 ᠤ ᠡᠳᠦᠷ |
ᠠᠴᠠ 2024 ᠣᠨ ᠤ 4 ᠰᠠᠷ᠎ᠠ ᠶᠢᠨ 30 ᠤ ᠡᠳᠦᠷ ᠪᠤᠯᠲᠠᠯ᠎ᠠ ᠬᠡᠷᠡᠭᠵᠢᠭᠦᠯᠬᠦ ᠪᠣᠯᠣᠨ᠎ᠠ᠃ ᠮᠠᠨ ᠤ ᠣᠷᠣᠨ ᠤ |
ᠨᠡᠶᠢᠲᠡᠯᠡᠭᠰᠡᠨ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠦᠨᠳᠦᠰᠦᠯᠡᠪᠡᠯ᠂ |
ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢᠰᠬᠡᠯ ᠬᠥᠯᠥᠰᠦᠯᠡᠨ ᠨᠢᠭᠡ ᠯᠡ ᠤᠳᠠᠭ᠎ᠠ ᠳᠤ 100 ᠬᠥᠮᠥᠨ ︵ |
100 ᠬᠥᠮᠥᠨ ᠢ ᠪᠠᠭᠲᠠᠭᠠᠨ᠎ᠠ︶ ᠠᠴᠠ ᠳᠡᠭᠡᠭᠰᠢᠬᠢ ᠭᠠᠳᠠᠭᠠᠳᠤ ᠶᠢᠨ ᠬᠥᠮᠥᠨ ᠵᠢᠴᠢ ᠰᠢᠶᠠᠩᠭᠠᠩ᠂ ᠣᠣᠮᠧᠨ ᠪᠠ |
ᠲᠠᠶᠢᠸᠠᠨ ᠤ ᠵᠢᠭᠤᠯᠴᠢᠯᠠᠬᠰᠠᠳ ᠢ ᠵᠣᠬᠢᠶᠠᠨ ᠪᠠᠶᠢᠭᠤᠯᠵᠤ ᠮᠠᠨ ᠤ ᠣᠷᠣᠨ ᠳᠤ ᠵᠢᠭᠤᠯᠴᠢᠯᠠᠭᠤᠯᠪᠠᠯ᠂ ᠡᠭᠡᠯᠵᠢ |
ᠪᠦᠷᠢ ᠳᠤ 5 ᠲᠦᠮᠡᠨ ᠲᠥᠭᠦᠷᠢᠭ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠨᠥᠬᠦᠪᠦᠷᠢ |
ᠣᠯᠭᠤᠨ᠎ᠠ᠃ ᠤᠯᠤᠰ ᠤᠨ ᠳᠣᠲᠣᠭᠠᠳᠤ ᠶᠢᠨ ᠠᠶᠠᠯᠠᠯ ᠤᠨ ᠱᠤᠭᠤᠮ ᠳᠤ ᠡᠭᠡᠯᠵᠢ ᠪᠦᠷᠢ ᠳᠤ 3 ᠲᠦᠮᠡᠨ ᠲᠥᠭᠦᠷᠢᠭ |
᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ 300 ᠬᠥᠮᠥᠨ ᠠᠴᠠ |
ᠳᠡᠭᠡᠭᠰᠢᠬᠢ ᠤᠯᠤᠰ ᠤᠨ ᠳᠣᠲᠣᠭᠠᠳᠤ ᠶᠢᠨ ᠲᠤᠰᠬᠠᠢ ᠭᠠᠯᠲᠤ ᠲᠡᠷᠭᠡ ᠬᠥᠯᠥᠰᠦᠯᠡᠨ ᠵᠢᠭᠤᠯᠴᠢᠯᠠᠯ ᠥᠷᠨᠢᠭᠦᠯᠪᠡᠯ 4 |
ᠲᠦᠮᠡᠨ ᠲᠥᠭᠦᠷᠢᠭ ᠤᠨ ᠱᠠᠩᠨᠠᠯ ᠬᠦᠷᠲᠡᠭᠡᠨ᠎ᠡ᠃ ᠵᠢᠭᠤᠯᠴᠢᠯᠠᠯ ᠤᠨ ᠭᠠᠵᠠᠷ ᠨᠢ ᠬᠡᠷᠪᠡ 500 ᠬᠥᠮᠥᠨ ᠠᠴᠠ |
ᠳᠡᠭᠡᠭᠰᠢᠬᠢ ᠬᠤᠨᠤᠭ ᠥᠩᠭᠡᠷᠡᠬᠦ ᠵᠢᠭᠤᠯᠴᠢᠯᠠᠬᠰᠠᠳ ᠢ ᠭᠥᠯᠢᠶᠡᠨ ᠠᠪᠤᠭᠰᠠᠨ ᠪᠣᠯ ᠬᠥᠮᠥᠨ ᠪᠦᠷᠢ ᠳᠤ 30 |
ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠳᠥᠷᠪᠡᠨ ᠣᠳᠣᠨ ᠲᠠᠰ ᠠᠴᠠ ᠳᠡᠭᠡᠭᠰᠢᠬᠢ ᠵᠢᠭᠤᠯᠴᠢᠯᠠᠯ ᠤᠨ |
ᠪᠠᠭᠤᠳᠠᠯ ᠳᠤ 1 ᠣᠷᠣᠢ ᠬᠤᠨᠣᠭᠤᠯᠵᠤ᠂ 4A ᠲᠠᠰ ᠤᠨ ᠰᠦᠢᠳᠬᠡᠯ ᠬᠤᠷᠢᠶᠠᠬᠤ ᠦᠵᠡᠮᠵᠢ ᠶᠢᠨ ᠣᠷᠣᠨ ᠢᠶᠠᠷ |
ᠵᠢᠭᠤᠯᠴᠢᠯᠠᠭᠤᠯᠤᠭᠰᠠᠨ ᠪᠣᠯ ᠬᠥᠮᠥᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ |
ᠦᠵᠡᠮᠵᠢ ᠶᠢᠨ ᠣᠷᠣᠨ ᠳᠠᠬᠢ ᠰᠦᠢᠳᠬᠡᠯ ᠬᠤᠷᠢᠶᠠᠬᠤ ᠲᠣᠬᠯᠠᠯᠲᠠ ᠶᠢᠨ ᠲᠥᠷᠥᠯ ᠵᠦᠢᠯ ᠢ ᠰᠣᠨᠢᠷᠬᠠᠭᠤᠯᠤᠭᠰᠠᠨ ᠪᠣᠯ |
ᠬᠥᠮᠥᠨ ᠪᠦᠷᠢ ᠳᠤ 20 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠬᠤ ᠪᠣᠯᠣᠨ᠎ᠠ᠃ |
|
|
|
|
|
|
|
|
|
|
|
᠁ |