1ᠳ᠋ᠤᠭᠡᠷ ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ 2024 ᠣᠨ ᠤ ᠪᠥᠬᠦ ᠤᠯᠤᠰ ᠤᠨ |
ᠰᠣᠶᠣᠯ ᠪᠠ ᠵᠢᠭᠤᠯᠴᠢᠯᠠᠯ ᠤᠨ ᠲᠢᠩᠬᠢᠮ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠪᠡᠭᠡᠵᠢᠩ ᠳᠤ ᠬᠤᠷᠠᠯᠳᠤᠪᠠ᠃ |
ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ |
ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ |
ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ |
ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ |
ᠰᠣᠶᠣᠯ ᠤᠨ ᠠᠵᠢᠯ ᠤᠨ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠦᠬᠦ ᠤᠯᠤᠰ ᠤᠨ |
ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ 2023 ᠣᠨ |
ᠤ ᠠᠵᠢᠯ ᠢ ᠳ᠋ᠦᠩᠨᠡᠵᠦ᠂ 2024 ᠣᠨ ᠤ ᠡᠭᠦᠷᠭᠡ ᠶᠢ ᠪᠠᠶᠢᠷᠢᠯᠠᠭᠤᠯᠵᠠᠢ᠃ ᠰᠣᠶᠣᠯ ᠪᠠ ᠵᠢᠭᠤᠯᠴᠢᠯᠠᠯ ᠤᠨ |
ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠰᠦᠨ ᠶᠧ ᠯᠢ ᠬᠤᠷᠠᠯ ᠳᠤ |
ᠣᠷᠣᠯᠴᠠᠨ ᠶᠠᠷᠢᠶ᠎ᠠ ᠲᠠᠯᠪᠢᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠴᠢᠶᠦ᠋ᠨ᠂ |
ᠸᠠᠩ ᠰᠢᠦᠢ ᠳ᠋ᠦᠩ᠂ ᠯᠠ ᠢ ᠹᠠᠨ᠂ ᠯᠦ ᠶᠢᠩ ᠴᠤᠸᠠᠨ᠂ ᠳ᠋ᠦ᠋ ᠵᠢᠶᠠᠩ᠂ ᠷᠣᠣ ᠴᠢᠤᠸᠠᠨ ᠬᠤᠷᠠᠯ ᠳᠤ ᠣᠷᠣᠯᠴᠠᠪᠠ᠃ |
|
ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠪᠦᠷᠢᠯᠳᠦᠯ |
ᠪᠠ ᠳᠤᠷᠠᠳᠤᠭᠰᠠᠨ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠬᠥᠭᠵᠢᠯᠲᠡ ᠶᠢᠨ |
ᠲᠡᠦᠬᠡᠨ ᠳᠤ ᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠭᠦᠨᠵᠡᠭᠡᠢ |
ᠰᠤᠷᠤᠯᠴᠠᠨ ᠣᠶᠢᠯᠠᠭᠠᠭᠰᠠᠨ ᠰᠠᠭᠤᠷᠢᠨ ᠳᠡᠭᠡᠷ᠎ᠡ᠂ ᠡᠨᠡ ᠬᠦ ᠴᠢᠬᠤᠯᠠ ᠦᠵᠡᠯ ᠰᠠᠨᠠᠭ᠎ᠠ ᠶᠢ ᠰᠣᠶᠣᠯ ᠪᠠ |
ᠵᠢᠭᠤᠯᠴᠢᠯᠠᠯ ᠤᠨ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ |
ᠬᠡᠷᠡᠭᠲᠡᠢ᠃ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠰᠣᠶᠣᠯ ᠪᠠ |
ᠵᠢᠭᠤᠯᠴᠢᠯᠠᠯ ᠤᠨ ᠠᠵᠢᠯ ᠤᠨ ᠴᠢᠭᠯᠡᠯ ᠤᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ |
ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ |
ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ ᠳᠤᠮᠳᠠᠳᠤ ᠶᠢᠨ |
ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠬᠠᠮᠠᠭᠠᠯᠠᠨ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠶᠢᠨ |
ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠴᠢᠷᠮᠠᠶᠢᠨ ᠪᠠᠶᠢᠭᠤᠯᠬᠤ ᠬᠡᠷᠡᠭᠲᠡᠢ᠃ ᠰᠣᠶᠣᠯ ᠢᠶᠠᠷ ᠴᠢᠳᠠᠪᠤᠷᠢ |
ᠣᠯᠭᠤᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ |
ᠬᠡᠷᠡᠭᠲᠡᠢ᠃ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ |
ᠰᠣᠶᠣᠯ ᠤᠨ ᠳᠡᠯᠡᠬᠡᠢ ᠳ᠋ᠠᠬᠢᠨ ᠳᠤ ᠬᠠᠨᠳᠤᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠡᠢ᠃ |
ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ |
ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ |
ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠤᠨ |
ᠴᠡᠴᠡᠭᠯᠡᠯᠲᠡ ᠶᠢ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ |
ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠢ ᠪᠦᠲᠦᠭᠡᠨ ᠪᠠᠶᠢᠭᠤᠯᠬᠤ ᠡᠨᠡ ᠬᠦ ᠰᠢᠨ᠎ᠡ ᠴᠠᠭ ᠦᠶ᠎ᠡ ᠶᠢᠨ |
ᠰᠢᠨ᠎ᠡ ᠰᠣᠶᠣᠯ ᠤᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠲᠤᠭ ᠲᠡᠮᠳᠡᠭ ᠢᠶᠠᠨ ᠮᠠᠨᠳᠤᠭᠤᠯᠬᠤ᠂ |
ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ |
ᠲᠥᠷᠬᠦ ᠶᠢ ᠪᠠᠳᠠᠷᠠᠭᠤᠯᠬᠤ ᠶᠢᠨ ᠲᠣᠭᠤᠷᠢᠨ ᠳᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ |
ᠵᠢᠯᠣᠭᠤᠳᠤᠮᠵᠢ ᠪᠣᠯᠭᠠᠵᠤ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠷᠠᠳ ᠲᠦᠮᠡᠨ ᠤ |
ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠰᠣᠶᠣᠯ ᠪᠠ ᠵᠢᠭᠤᠯᠴᠢᠯᠠᠯ ᠤᠨ |
ᠭᠦᠨᠵᠡᠭᠡᠢ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ |
ᠬᠥᠭᠵᠢᠯᠲᠡ ᠶᠢ ᠠᠬᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ |
ᠰᠣᠶᠣᠯ ᠤᠨ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ |
ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ |
ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ |
ᠶᠡᠭᠡ ᠤᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠢ ᠬᠠᠩᠭᠠᠬᠤ ᠬᠡᠷᠡᠭᠲᠡᠢ᠃ ᠵᠣᠬᠢᠶᠠᠨ |
ᠪᠦᠲᠦᠭᠡᠬᠦ ᠶᠢ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠠᠷᠠᠳ ᠲᠦᠮᠡᠨ ᠤ ᠤᠶᠤᠨ ᠰᠠᠨᠠᠭᠠᠨ ᠤ |
ᠬᠦᠴᠦᠨ ᠢ ᠴᠢᠩᠭᠠᠷᠠᠭᠤᠯᠬᠤ ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠭᠠᠷᠭᠠᠬᠤ ᠬᠡᠷᠡᠭᠲᠡᠢ᠃ |
ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠠᠭᠤᠷᠢᠯᠠᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ |
ᠦᠢᠯᠡᠴᠢᠯᠡᠭᠡᠨ ᠤ ᠰᠢᠰᠲ᠋ᠧᠮ ᠢ ᠨᠢᠭᠡ ᠴᠣᠭᠴᠠᠵᠢᠭᠤᠯᠤᠨ ᠪᠠᠶᠢᠭᠤᠯᠬᠤ᠂ ᠥᠨᠳᠥᠷ ᠪᠦᠲᠦᠮᠵᠢᠲᠡᠢ ᠪᠠᠷ |
ᠠᠵᠢᠯᠯᠠᠭᠤᠯᠬᠤ ᠶᠢ ᠠᠬᠢᠭᠤᠯᠬᠤ ᠬᠡᠷᠡᠭᠲᠡᠢ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ |
ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠰᠤᠳᠤᠯᠭᠠᠨ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ |
ᠠᠰᠢᠭᠯᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠤᠯᠠᠮᠵᠢᠯᠠᠨ ᠵᠠᠯᠭᠠᠮᠵᠢᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ |
᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠶᠠᠰᠤ |
ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠦᠴᠦᠯᠡᠵᠦ᠂ ᠰᠢᠨ᠎ᠡ ᠶᠢ ᠡᠭᠦᠳᠬᠦ᠂ |
ᠠᠭᠤᠰᠤᠯᠴᠠᠭᠤᠯᠬᠤ ᠪᠠᠷ ᠳᠠᠮᠵᠢᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ |
ᠬᠦᠴᠦᠨ ᠢ ᠪᠣᠶᠢᠵᠢᠭᠤᠯᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠠᠰᠢᠭ ᠢ ᠪᠠᠳᠠᠷᠠᠭᠤᠯᠵᠤ᠂ ᠵᠢᠭᠤᠯᠴᠢᠯᠠᠯ ᠤᠨ |
ᠦᠢᠯᠡᠰ ᠤᠨ ᠰᠡᠷᠭᠦᠨ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ |
ᠦᠷᠭᠦᠯᠵᠢᠯᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠪᠣᠶᠢᠵᠢᠭᠤᠯᠵᠤ᠂ |
ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ᠂ ᠠᠮᠤᠷ ᠲᠦᠪᠰᠢᠨ ᠡᠮᠬᠢ ᠳᠢᠭᠯᠢᠮ ᠲᠠᠢ |
ᠪᠠᠶᠢᠬᠤ ᠶᠢ ᠠᠬᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ |
ᠰᠣᠶᠣᠯ ᠤᠨ ᠰᠣᠯᠢᠯᠴᠠᠭ᠎ᠠ ᠪᠣᠯᠣᠨ ᠵᠢᠭᠤᠯᠴᠢᠯᠠᠯ ᠤᠨ ᠳᠡᠯᠭᠡᠷᠡᠭᠦᠯᠦᠯᠲᠡ ᠶᠢᠨ ᠵᠡᠷᠭᠡ ᠪᠠᠷ ᠬᠦᠴᠦᠯᠡᠬᠦ ᠶᠢ ᠠᠬᠢᠭᠤᠯᠵᠤ |
᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠶᠡᠷᠦᠩᠬᠡᠶᠢᠯᠡᠭᠰᠡᠨ |
ᠴᠢᠨᠠᠷᠲᠠᠢ ᠰᠠᠭᠤᠷᠢ ᠴᠢᠨᠠᠷᠲᠠᠢ ᠪᠠᠲᠤᠯᠠᠭ᠎ᠠ ᠶᠢᠨ ᠴᠢᠨᠠᠷᠲᠠᠢ ᠠᠵᠢᠯ ᠤᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ |
ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ |
ᠪᠠᠶᠢᠬᠤ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠬᠤ |
ᠬᠡᠷᠡᠭᠲᠡᠢ ᠭᠡᠵᠡᠢ᠃ |
ᠬᠤᠷᠠᠯ ᠳᠡᠭᠡᠷ᠎ᠡ᠂ ᠬᠠᠷᠠᠮᠥ᠋ᠷᠡᠨ᠂ ᠵᠧᠵᠢᠶᠠᠩ᠂ ᠹᠦᠵᠢᠶᠠᠨ᠂ ᠬᠤᠪᠧᠢ᠂ ᠬᠤᠨᠠᠨ᠂ ᠭᠦᠢᠵᠧᠦ᠂ ᠱᠠᠨᠰᠢ ᠵᠡᠷᠭᠡ |
ᠲᠤᠯᠤᠭᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ |
ᠰᠠᠨᠠᠯ ᠢᠶᠠᠨ ᠰᠤᠯᠢᠯᠴᠠᠵᠤ ᠦᠭᠡ ᠬᠡᠯᠡᠪᠡ᠃ |
ᠡᠯ᠎ᠡ ᠮᠤᠵᠢ ᠣᠷᠣᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ︵ᠲᠣᠪᠴᠢᠶ᠎ᠠ︶᠂ |
ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ |
ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠰᠣᠶᠣᠯ ᠪᠠ ᠵᠢᠭᠤᠯᠴᠢᠯᠠᠯ ᠤᠨ ᠶᠠᠮᠤᠨ ᠤ |
ᠡᠯ᠎ᠡ ᠵᠤᠷᠭᠠᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ |
ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠣᠶᠣᠯ ᠪᠠ ᠵᠢᠭᠤᠯᠴᠢᠯᠠᠯ ᠤᠨ ᠶᠠᠮᠤᠨ ᠳᠤ ᠰᠠᠭᠤᠭ᠎ᠠ |
ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠬᠢᠨᠠᠨ ᠪᠤᠳᠤᠬᠤ |
ᠵᠠᠬᠢᠷᠭ᠎ᠠ ᠶᠢᠨ ᠤᠯᠠᠨ ᠲᠦᠮᠡᠨ ᠤ ᠪᠦᠯᠬᠦᠮ ᠤᠨ ᠰᠣᠶᠣᠯ ᠤᠨ ᠬᠢᠨᠠᠨ ᠪᠤᠳᠤᠬᠤ ᠲᠣᠪᠴᠢᠶ᠎ᠠ ᠶᠢᠨ ᠭᠤᠣᠯ |
ᠬᠠᠷᠢᠭᠤᠴᠠᠯᠭᠠᠲᠠᠨ᠂ ᠶᠠᠮᠤᠨ ᠤ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ᠂ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠡᠯ᠎ᠡ ᠵᠤᠷᠭᠠᠨ ᠲᠠᠰᠤᠭ ᠤᠨ ᠭᠤᠣᠯ |
ᠬᠠᠷᠢᠭᠤᠴᠠᠯᠭᠠᠲᠠᠨ᠂ ᠶᠠᠮᠤᠨ ᠤ ᠬᠠᠮᠲᠤ ᠪᠠᠷ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ᠂ |
ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠯᠥᠭᠡᠯᠡᠭᠴᠢ᠂ |
ᠪᠡᠭᠡᠵᠢᠩ ᠳᠤ ᠪᠠᠶᠢᠭ᠎ᠠ ᠬᠡᠰᠡᠭ ᠲᠥᠪ ᠤᠨ ᠰᠣᠨᠢᠨ ᠮᠡᠳᠡᠭᠡᠨ ᠤ ᠨᠢᠭᠡᠴᠢ ᠶᠢᠨ ᠲᠥᠯᠥᠭᠡᠯᠡᠭᠴᠢ ᠬᠤᠷᠠᠯ ᠳᠤ |
ᠣᠷᠣᠯᠴᠠᠪᠠ᠃ |
|
|
|
|