1 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠦᠸᠧᠽᠢ |
ᠰᠢᠶᠠᠨ ᠳᠤ ᠡᠪᠦᠯ ᠤᠨ ᠤᠯᠠᠷᠢᠯ ᠤᠨ ᠵᠤᠭᠠᠴᠠᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ |
ᠯᠢᠨ ᠬᠤ᠋ ᠶᠢᠨ ᠡᠷᠳᠡᠨ ᠤ ᠴᠠᠶᠢᠵᠠ ᠳᠤ᠂ ᠰᠦᠢ ᠸᠧᠢ ᠵᠢᠶᠦ᠋ᠨ ᠤᠯᠠᠭᠠᠨᠴᠠᠪ ᠤᠨ ︽ᠮᠥᠰᠥ ᠴᠠᠰᠤᠨ ᠤ |
ᠬᠠᠶᠢᠷ᠎ᠠ︾ ᠲᠠᠮᠢᠷ ᠤᠨ ᠬᠥᠳᠡᠯᠭᠡᠭᠡᠨ ᠤ ᠤᠯᠠᠷᠢᠯ — ᠯᠢᠨ ᠬᠤ᠋ ᠶᠢᠨ ᠡᠷᠳᠡᠨ ᠤ ᠴᠠᠶᠢᠵᠠ ᠶᠢᠨ ᠮᠥᠰᠥ ᠴᠠᠰᠤᠨ ᠤ |
ᠵᠠᠩ ᠦᠢᠯᠡ ᠶᠢᠨ ᠪᠠᠶᠠᠷ ᠤᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ |
ᠪᠠᠶᠢᠴᠠᠭᠠᠨ ᠦᠵᠡᠭᠰᠡᠨ ᠪᠥᠭᠡᠳ ᠵᠤᠭᠠᠴᠠᠭᠰᠠᠳ ᠲᠠᠢ ᠳᠣᠲᠣᠨᠣᠰᠤᠭ ᠢᠶᠠᠷ ᠶᠠᠷᠢᠯᠴᠠᠵᠤ᠂ ᠵᠤᠭᠠᠴᠠᠯ ᠤᠨ |
ᠥᠩᠭᠡᠷᠡᠯᠲᠡ ᠶᠢᠨ ᠲᠥᠷᠥᠭᠳᠡᠯ ᠢ ᠨᠠᠷᠢᠨ ᠨᠢᠭᠲᠠ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠡᠭᠦᠳᠡᠨ ᠪᠢᠯᠧᠲ ᠢ |
ᠵᠢᠷᠤᠵᠤ ᠲᠥᠯᠥᠪᠯᠡᠬᠦ ᠲᠠᠯ᠎ᠠ ᠪᠠᠷ ᠬᠦᠴᠦ ᠲᠠᠯᠪᠢᠵᠤ᠂ ᠵᠤᠭᠠᠴᠠᠯ ᠤᠨ ᠲᠥᠷᠥᠯ ᠵᠦᠢᠯ ᠢ ᠪᠠᠭᠲᠠᠭᠠᠬᠤ ᠪᠠᠷ ᠪᠠᠷᠠᠬᠤ |
ᠦᠭᠡᠢ ᠪᠠᠰᠠ ᠠᠮᠤᠷ ᠲᠦᠪᠰᠢᠨ ᠤ ᠰᠠᠨᠠᠭᠤᠯᠤᠮᠵᠢ ᠲᠠᠢ ᠪᠠᠶᠢᠵᠤ᠂ ᠡᠭᠦᠳᠡᠨ ᠪᠢᠯᠧᠲ ᠢ ᠬᠥᠲᠥᠯᠥᠨ ᠵᠢᠯᠤᠭᠤᠳᠬᠤ |
ᠦᠢᠯᠡᠳᠦᠯ ᠭᠠᠷᠭᠠᠬᠤ ᠶᠢᠨ ᠵᠡᠷᠭᠡ ᠳᠤ ᠪᠠᠰᠠ ᠳᠤᠷᠠᠰᠬᠠᠬᠤ ᠦᠨ᠎ᠡ ᠥᠷᠲᠡᠭ ᠲᠠᠢ ᠪᠣᠯᠭᠠᠬᠤ ᠬᠡᠷᠡᠭᠲᠡᠢ ᠭᠡᠵᠡᠢ᠃ |
ᠤᠬᠠᠭᠤᠯᠭ᠎ᠠ ᠶᠢᠨ ᠪᠣᠷᠤᠯᠠᠭᠤᠯᠭ᠎ᠠ ᠶᠢ ᠴᠢᠩᠭᠠᠳᠬᠠᠵᠤ᠂ ᠴᠠᠰᠤ ᠪᠠᠷ ᠲᠣᠭᠯᠠᠬᠤ᠂ ᠴᠠᠰᠤᠨ ᠳᠤ ᠭᠤᠯᠭᠤᠬᠤ |
ᠤᠬᠠᠭᠤᠯᠭ᠎ᠠ ᠶᠢᠨ ᠵᠢᠷᠤᠭ ᠳᠦᠷᠰᠦ ᠶᠢ ᠨᠠᠷᠢᠨ ᠨᠢᠮᠪᠠᠢ ᠲᠥᠯᠥᠪᠯᠡᠵᠦ᠂ ᠡᠯ᠎ᠡ ᠲᠦᠷᠦᠯ ᠤᠨ ᠵᠠᠭᠤᠴᠢᠯᠠᠭᠤᠷ ᠤᠨ |
ᠲᠠᠪᠴᠠᠩ ᠢ ᠭᠦᠢᠴᠡᠳ ᠠᠰᠢᠭᠯᠠᠵᠤ᠂ ᠰᠣᠶᠣᠯ ᠵᠤᠭᠠᠴᠠᠯ ᠤᠨ ᠮᠡᠳᠡᠭᠡ ᠵᠠᠩᠭᠢ ᠶᠢ ᠦᠷᠭᠦᠯᠵᠢᠯᠡᠨ ᠨᠡᠶᠢᠲᠡᠯᠡᠵᠦ᠂ |
ᠤᠬᠠᠭᠤᠯᠭ᠎ᠠ ᠶᠢᠨ ᠪᠣᠷᠤᠯᠠᠭᠤᠯᠭ᠎ᠠ ᠶᠢᠨ ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ |
ᠵᠤᠭᠠᠴᠠᠭᠰᠠᠳ ᠤᠨ ᠵᠤᠭᠠᠴᠠᠨ ᠲᠣᠭᠤᠷᠢᠬᠤ ᠶᠢ ᠲᠠᠲᠠᠬᠤ ᠬᠡᠷᠡᠭᠲᠡᠢ᠃ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ |
ᠴᠢᠩᠭᠠᠳᠬᠠᠵᠤ᠂ ᠦᠵᠡᠮᠵᠢ ᠶᠢᠨ ᠣᠷᠣᠨ ᠤ ᠬᠥᠭᠵᠢᠯᠲᠡ ᠶᠢᠨ ᠬᠤᠳᠠᠯᠳᠤᠭᠠᠨ ᠤ ᠴᠡᠭ ᠢ ᠣᠨᠣᠪᠴᠢᠲᠠᠶ ᠡᠷᠢᠨ |
ᠣᠯᠵᠤ᠂ ᠡᠯ᠎ᠡ ᠲᠥᠷᠥᠯ ᠤᠨ ᠬᠤᠳᠠᠯᠳᠤᠭᠠᠨ ᠤ ᠡᠷᠦᠬᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ |
ᠦᠵᠡᠮᠵᠢ ᠶᠢᠨ ᠣᠷᠣᠨ ᠤ ᠬᠥᠭᠵᠢᠯᠲᠡ ᠳᠤ ᠬᠥᠮᠥᠰ ᠤᠨ ᠠᠩᠬᠠᠷᠤᠯ ᠢ ᠲᠥᠪᠯᠡᠷᠡᠭᠦᠯᠵᠦ᠂ ᠬᠤᠳᠠᠯᠳᠤᠭᠠᠨ ᠤ |
ᠬᠦᠴᠦᠨ ᠢ ᠬᠤᠷᠠᠮᠳᠤᠭᠤᠯᠬᠤ ᠬᠡᠷᠡᠭᠲᠡᠢ᠃ ᠤᠯᠠᠨ ᠲᠦᠮᠡᠨ ᠤ ᠵᠤᠭ᠎ᠠ ᠴᠡᠩᠭᠡᠯ ᠤᠨ ᠲᠦᠷᠦᠯ ᠵᠦᠢᠯ ᠢ ᠨᠡᠮᠡᠭᠳᠡᠭᠦᠯᠵᠦ᠂ |
ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠪᠣᠯᠣᠨ ᠣᠷᠣᠯᠴᠠᠬᠤ ᠬᠡᠮᠵᠢᠶ᠎ᠡ ᠶᠢ ᠦᠨᠡᠨᠬᠦ |
ᠳᠡᠭᠡᠭᠰᠢᠯᠡᠭᠦᠯᠵᠦ᠂ ᠵᠤᠭᠠᠴᠠᠭᠰᠠᠳ ᠢ ᠢᠷᠡᠪᠡᠯ ᠶᠠᠪᠤᠬᠤ ᠳᠤᠷ᠎ᠠ ᠦᠭᠡᠢ᠂ ᠶᠠᠪᠤᠴᠢᠬᠠᠭᠠᠳ ᠳᠠᠬᠢᠨ ᠢᠷᠡᠶ᠎ᠡ ᠭᠡᠵᠦ |
ᠪᠤᠳᠤᠭᠳᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠥᠨ ᠢ |
ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠲᠤᠬᠠᠢ ᠵᠢᠭᠠᠪᠤᠷᠢ ᠶᠢᠨ |
ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠦᠵᠡᠮᠵᠢᠲᠦ ᠣᠷᠣᠨ ᠪᠣᠯᠣᠨ ᠰᠤᠷᠭᠠᠭᠤᠯᠢ ᠶᠢᠨ |
ᠬᠠᠮᠵᠢᠯᠴᠠᠭ᠎ᠠ ᠶᠢ ᠠᠬᠢᠭᠤᠯᠵᠤ᠂ ᠨᠡᠩ ᠤᠯᠠᠨ ᠬᠡᠦᠬᠡᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ |
ᠣᠷᠣᠯᠴᠠᠬᠤ ᠤᠷᠮ᠎ᠠ ᠶᠢ ᠨᠢ ᠬᠦᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
ᠹᠠᠩ ᠽᠧ ᠣᠷᠣᠯᠴᠠᠪᠠ᠃ |
|
|
|
|
|
|
|
|
|
|
|
᠁ |