2024 ᠣᠨ ᠤ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠤᠯᠤᠰ ᠤᠨ ᠰᠣᠶᠣᠯ ᠪᠠ |
ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠳᠢᠭᠯᠢᠮ ᠲᠠᠢ ᠪᠣᠯᠪᠠ᠃ ᠰᠣᠶᠣᠯ ᠪᠠ |
ᠵᠢᠭᠤᠯᠴᠢᠯᠠᠯ ᠤᠨ ᠶᠠᠮᠤᠨ ᠤ ᠲᠤᠭ᠎ᠠ ᠪᠠᠷᠢᠮᠲᠠ ᠶᠢᠨ ᠲᠥᠪ ᠤᠨ ᠲᠥᠰᠥᠭᠡᠯᠡᠨ ᠪᠤᠳᠤᠭᠰᠠᠨ ᠢᠶᠠᠷ ᠰᠢᠨ᠎ᠡ ᠵᠢᠯ ᠤᠨ |
ᠠᠮᠠᠷᠠᠯᠲᠠ ᠶᠢᠨ ᠬᠤᠭᠤᠴᠠᠭᠠᠨ ᠤ 3 ᠡᠳᠦᠷ ᠲᠤ ᠪᠥᠬᠦ ᠤᠯᠤᠰ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠯ 1. |
35 ᠳ᠋ᠦᠩᠰᠢᠭᠤᠷ ᠬᠥᠮᠥᠨ ᠤᠳᠠᠭ᠎ᠠ ᠬᠦᠷᠴᠦ᠂ ᠠᠳᠠᠯᠢ ᠬᠤᠭᠤᠴᠠᠭᠠᠨ ᠤ ᠬᠢ ᠠᠴᠠ 155.3% ᠪᠠᠷ ᠨᠡᠮᠡᠭᠳᠡᠨ᠂ |
ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 2019 ᠣᠨ ᠤ ᠠᠳᠠᠯᠢ ᠬᠤᠭᠤᠴᠠᠭᠠᠨ ᠤ ᠬᠢ ᠠᠴᠠ 9.4% ᠪᠠᠷ |
ᠨᠡᠮᠡᠭᠳᠡᠪᠡ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 797.3 ᠳ᠋ᠦᠩᠰᠢᠭᠤᠷ ᠲᠥᠭᠦᠷᠢᠭ |
ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 200.7% ᠪᠠᠷ ᠨᠡᠮᠡᠭᠳᠡᠨ᠂ 2019 ᠣᠨ ᠤ ᠠᠳᠠᠯᠢ |
ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ |
ᠰᠢᠨ᠎ᠡ ᠵᠢᠯ ᠤᠨ ᠰᠢᠨ᠎ᠡ ᠶᠢᠨ ᠨᠢᠭᠡᠨ ᠤ ᠬᠤᠭᠤᠴᠠᠭᠠᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ |
ᠭᠠᠳᠠᠭᠰᠢ ᠭᠠᠷᠴᠤ ᠵᠢᠭᠤᠯᠴᠢᠯᠠᠬᠤ ᠬᠦᠰᠡᠯ ᠴᠢᠩᠭ᠎ᠠ ᠪᠣᠯᠵᠤ᠂ ᠰᠣᠶᠣᠯ ᠤᠨ ᠲᠠᠯ᠎ᠠ ᠪᠠᠷ ᠣᠷᠣᠯᠴᠠᠬᠤ ᠠᠭᠤᠷ |
ᠠᠮᠢᠰᠬᠤᠯ ᠭᠦᠨ ᠵᠤᠵᠠᠭᠠᠨ ᠪᠣᠯᠵᠤ᠂ ᠳᠠᠭᠤᠤ ᠬᠥᠭᠵᠢᠮ ᠤᠨ ᠨᠠᠶᠢᠷ᠂ ᠲᠣᠭᠯᠠᠯᠲᠠ ᠶᠢᠨ ᠴᠤᠭᠯᠠᠭᠠᠨ᠂ ᠭᠡᠷ ᠪᠦᠯᠢ |
ᠶᠢᠨ ᠬᠢᠨ ᠪᠠ ᠲᠥᠷᠥᠯ ᠰᠠᠳᠤᠨ ᠨᠠᠶᠢᠵᠠ ᠨᠥᠬᠦᠳ ᠤᠨ ᠬᠠᠮᠲᠤ ᠪᠠᠷ ᠭᠠᠳᠠᠭᠰᠢ ᠭᠠᠷᠴᠤ ᠵᠢᠭᠤᠯᠴᠢᠯᠠᠬᠤ ᠶᠠᠪᠤᠳᠠᠯ |
ᠨᠡᠮᠡᠭᠳᠡᠬᠦ ᠬᠠᠨᠳᠤᠰᠢ ᠲᠠᠢ ᠪᠠᠶᠢᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠲᠤ ︽ᠮᠥᠰᠥ ᠴᠠᠰᠤᠨ ᠤ ᠰᠡᠯᠡᠭᠦᠴᠡᠯ᠂ |
ᠰᠣᠶᠣᠯ ᠤᠨ ᠣᠷᠣᠯᠴᠠᠭ᠎ᠠ᠂ ᠲᠤᠬᠠᠢ ᠶᠢᠨ ᠭᠠᠵᠠᠷ ᠤᠨ ᠵᠢᠭᠤᠯᠴᠢᠯᠠᠯ᠂ ᠬᠤᠪᠢ ᠶᠢᠨ ᠬᠡᠷᠡᠭᠯᠡᠭᠡ᠂ ᠬᠤᠸᠠᠷ ᠫᠤᠤᠵᠢᠩ᠂ |
ᠪᠠᠶᠠᠷ ᠪᠠᠶᠠᠰᠬᠤᠯᠠᠩᠲᠠᠢ ᠥᠯᠵᠡᠢ ᠪᠡᠯᠭᠡ ᠲᠠᠢ︾ ᠪᠠᠶᠢᠬᠤ ᠶᠡᠷᠦᠩᠬᠡᠢ ᠣᠨᠴᠠᠯᠢᠭ ᠢᠯᠡᠷᠡᠭᠰᠡᠨ ᠪᠠᠶᠢᠨ᠎ᠠ᠃ |
ᠮᠥᠰᠥ ᠴᠠᠰᠤᠨ ᠤ ᠵᠢᠭᠤᠯᠴᠢᠯᠠᠯ ᠤᠨ ᠬᠠᠯᠠᠮᠰᠢᠯ ᠦᠷᠭᠦᠯᠵᠢᠯᠡᠨ ᠳᠡᠭᠡᠭᠰᠢᠯᠡᠪᠡ᠃ |
ᠵᠢᠭᠤᠯᠴᠢᠯᠠᠯ ᠰᠡᠯᠡᠭᠦᠴᠡᠯ ᠨᠢ ᠤᠯᠠᠮᠵᠢᠯᠠᠯᠲᠤ ᠦᠵᠡᠮᠵᠢ ᠶᠢᠨ ᠣᠷᠣᠨ ᠠᠴᠠ ᠬᠤᠲᠠ ᠶᠢᠨ ᠴᠡᠴᠡᠷᠯᠢᠭ ᠪᠠ |
ᠭᠤᠣᠯ ᠰᠡᠳᠦᠪᠲᠦ ᠴᠡᠩᠭᠡᠯ ᠤᠨ ᠣᠷᠣᠨ ᠵᠦᠭ ᠰᠢᠯᠵᠢᠪᠡ᠃ |
︽ᠶᠡᠷᠡᠭᠡᠳ ᠣᠨ ᠳᠤ ᠲᠥᠷᠥᠭᠰᠡᠨ︾ ︽ᠬᠤᠶᠠᠷ ᠮᠢᠩᠭᠠᠨ ᠤᠨ ᠠᠴᠠ ᠬᠤᠶᠢᠰᠢ ᠲᠦᠷᠦᠭᠰᠡᠳ︾ ᠨᠢ |
ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠬᠡᠷᠡᠭᠯᠡᠭᠡ ᠶᠢ ᠨᠠᠩ ᠴᠠᠭ ᠤᠨ ᠥᠩᠭᠡ ᠶᠢ ᠳᠠᠭᠠᠭᠰᠠᠨ ᠪᠣᠯᠭᠠᠵᠠᠢ |
᠃ |
ᠢᠳᠡᠷ ᠦᠲᠡᠯᠡᠭᠡ ᠨᠠᠰᠤᠨ ᠤ ᠬᠥᠮᠥᠰ᠂ ᠬᠥᠳᠡᠭᠡ ᠲᠣᠰᠬᠤᠨ ᠤ ᠰᠠᠭᠤᠭᠠᠯᠢ ᠠᠷᠠᠳ᠂ ᠳᠤᠮᠳᠠ ᠪᠠᠭ᠎ᠠ |
ᠬᠤᠳᠠ ᠶᠢᠨ ᠰᠠᠭᠤᠭᠠᠯᠢ ᠠᠷᠠᠳ ᠤᠨ ᠭᠠᠳᠠᠭᠰᠢ ᠭᠠᠷᠴᠤ ᠵᠢᠭᠤᠯᠴᠢᠯᠠᠬᠤ ᠬᠦᠰᠡᠯ ᠡᠷᠡᠮᠡᠯᠵᠡᠯ ᠳᠡᠭᠡᠭᠰᠢᠯᠡᠪᠡ᠃ |