| 
                   ︽ᠨᠡᠭᠦᠷᠡᠰᠦᠲᠥ᠋ᠷᠥᠭᠴᠢ ᠶᠢᠨ ᠤᠯᠠ ᠮᠥᠷ︾ | 
                   ᠨᠡᠭᠦᠷᠡᠰᠦᠲᠥ᠋ᠷᠥᠭᠴᠢ ᠶᠢᠨ ᠤᠯᠠ ᠮᠥᠷ ᠭᠡᠳᠡᠭ ᠨᠢ ᠣᠨᠴᠠ ᠲᠣᠭᠲᠠᠭᠰᠠᠨ ᠡᠲᠡᠭᠡᠳ ᠤᠨ ᠵᠣᠬᠢᠬᠤ ᠴᠠᠭ | 
                   ᠬᠤᠭᠤᠴᠠᠭᠠᠨ ᠳᠤ ᠰᠢᠭᠤᠳ ᠪᠤᠶᠤ ᠳᠠᠮ ᠢᠶᠠᠷ ᠬᠦᠯᠡᠮᠵᠢ ᠶᠢᠨ ᠬᠡᠢ ᠪᠡᠶᠡᠲᠦ ᠶᠢ ᠭᠠᠳᠠᠭᠰᠢᠯᠠᠭᠤᠯᠤᠭᠰᠠᠨ ᠬᠡᠮᠵᠢᠶᠡ ᠪᠠ | 
                   ᠠᠷᠢᠯᠭᠠᠭᠰᠠᠨ ᠬᠡᠮᠵᠢᠶᠡᠨ ᠤ ᠨᠡᠶᠢᠯᠡᠪᠦᠷᠢ ᠶᠢ ᠵᠢᠭᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | 
                   ᠲᠡᠩᠴᠡᠯ ᠢᠶᠠᠷ ᠢᠯᠡᠳᠬᠡᠨᠡ᠃ ᠣᠨᠴᠠ ᠲᠣᠭᠲᠠᠭᠰᠠᠨ ᠡᠲᠡᠭᠡᠳ ᠨᠢ ᠬᠤᠪᠢ ᠬᠥᠮᠥᠨ᠂ ᠵᠣᠬᠢᠶᠠᠨ ᠪᠠᠶᠢᠭᠤᠯᠤᠯᠲᠠ᠂ | 
                   ᠤᠯᠤᠰ᠂ ᠦᠢᠯᠡᠳᠬᠦᠨ ᠵᠡᠷᠭᠡ ᠪᠠᠶᠢᠵᠤ ᠪᠣᠯᠣᠨᠠ᠃ ᠨᠡᠭᠦᠷᠡᠰᠦᠲᠥ᠋ᠷᠥᠭᠴᠢ ᠶᠢᠨ ᠤᠯᠠ ᠮᠥᠷ ᠨᠢ ᠬᠥᠮᠦᠨ | 
                   ᠲᠥᠷᠥᠯᠬᠢᠲᠡᠨ ᠤ ᠠᠵᠢᠯᠯᠠᠭᠠ ᠶᠢᠨ ᠣᠷᠴᠢᠨ ᠲᠣᠭᠤᠷᠢᠨ ᠳᠤ ᠦᠵᠡᠭᠦᠯᠦᠭᠰᠡᠨ ᠨᠥᠯᠥᠭᠡ ᠶᠢ ᠲᠤᠰᠬᠠᠵᠤ᠂ | 
                   ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠯᠠᠪᠯᠠᠯᠲᠠ ᠬᠠᠩᠭᠠᠵᠤ ᠪᠣᠯᠤᠨᠠ᠃ | 
                   ᠣᠶᠢᠷᠠ ᠶᠢᠨ ᠵᠢᠯ ᠤᠳ ᠲᠤ᠂ ᠵᠠᠷᠢᠮ ᠤᠯᠤᠰ ᠤᠨ ᠵᠠᠰᠠᠭ ᠤᠨ ᠣᠷᠳᠣᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ | 
                   ᠬᠠᠮᠢᠶᠠᠷᠤᠯᠲᠠ ᠶᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠷᠥ ᠶᠢᠨ ᠪᠣᠳᠣᠯᠭᠠ ᠶᠢᠨ ᠪᠠᠭᠠᠵᠢ | 
                   ᠪᠣᠯᠭᠠᠵᠤ ᠪᠣᠢ᠂ ᠡᠭᠦᠨ ᠳᠤ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠡᠷᠡᠭᠯᠡᠯᠲᠡ ᠬᠠᠮᠤᠭ ᠤᠨ | 
                   ᠥᠷᠭᠡᠨ ᠬᠡᠪᠴᠢᠶᠡ ᠲᠠᠢ ᠪᠣᠯᠵᠠᠢ᠃ ᠮᠠᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ | 
                   ᠬᠠᠮᠢᠶᠠᠷᠤᠯᠲᠠ ᠶᠢᠨ ᠲᠣᠭᠲᠠᠯᠴᠠᠭᠠ ᠶᠢ ᠲᠦᠷᠭᠡᠳᠭᠡᠨ ᠪᠠᠶᠢᠭᠤᠯᠬᠤ ᠨᠢ ᠪᠣᠬᠢᠷᠲᠤᠯ ᠦᠭᠡᠢ ᠳᠣᠣᠷᠠ | 
                   ᠨᠡᠭᠦᠷᠡᠰᠦᠲᠥ᠋ᠷᠥᠭᠴᠢᠲᠦ ᠬᠠᠩᠭᠠᠯᠭᠠ ᠶᠢᠨ ᠬᠡᠯᠬᠢᠶᠡ ᠪᠣᠯᠤᠨ ᠦᠢᠯᠡᠳᠪᠦᠷᠢᠯᠡᠯ ᠠᠮᠢᠳᠤᠷᠠᠯ ᠤᠨ ᠠᠷᠭᠠ ᠬᠡᠯᠪᠡᠷᠢ ᠶᠢᠨ | 
                   ᠪᠦᠷᠢᠯᠳᠦᠬᠦ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠠᠵᠢᠯ ᠤᠨ ᠤᠯᠠᠨ ᠤᠯᠤᠰ ᠤᠨ | 
                   ᠰᠣᠯᠢᠯᠴᠠᠭᠠ ᠢᠲᠡᠭᠡᠯᠴᠡᠭᠡ ᠶᠢ ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ | 
                   ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠬᠠᠷᠠᠯᠲᠠ ᠶᠢ | 
                   ᠪᠡᠶᠡᠯᠡᠭᠦᠯᠬᠦ ᠳᠤ ᠠᠰᠢᠭᠲᠠᠢ ᠪᠣᠯᠣᠨᠠ᠃ | 
                   ︽ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠬᠠᠷᠢᠭᠤ ᠣᠯᠭᠤᠮᠵᠢ︾ | 
                   ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡ ᠪᠣᠯ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡ | 
                   ᠬᠢᠬᠦ ᠨᠢᠭᠡᠴᠢ ᠨᠢ ᠬᠡᠷᠡᠭᠯᠡᠭᠴᠢ ᠯᠦᠭᠡ ᠬᠠᠮᠵᠢᠯᠴᠠᠭᠠᠳ ᠬᠡᠷᠡᠭᠴᠡᠭᠡᠨ ᠤ ᠨᠤᠲᠠᠯᠠᠯᠲᠠ ᠬᠢᠬᠦ᠂ ᠵᠠᠩᠭᠢᠯᠠᠭᠠ ᠶᠢᠨ | 
                   ᠮᠡᠷᠭᠡᠵᠢᠯ ᠢ ᠨᠡᠭᠡᠭᠡᠨ ᠬᠥᠭᠵᠢᠭᠦᠯᠬᠦ ᠬᠢᠭᠡᠳ ᠰᠢᠯᠭᠠᠨ ᠨᠤᠲᠠᠯᠠᠬᠤ᠂ ᠬᠡᠯᠪᠡᠷᠢ ᠮᠠᠶ᠋ᠢᠭ ᠤᠨ ᠵᠢᠷᠤᠭ ᠲᠥᠯᠥᠪᠯᠡᠭᠡ ᠬᠢᠬᠦ | 
                   ᠪᠠ ᠦᠢᠯᠡᠳᠪᠦᠷᠢᠯᠡᠯ ᠢ ᠳᠠᠭᠠᠵᠤ ᠦᠢᠯᠡᠴᠢᠯᠡᠭᠡ ᠬᠢᠬᠦ ᠵᠡᠷᠭᠡ ᠠᠵᠢᠯᠯᠠᠭᠠ ᠶᠢᠨ ᠶᠡᠷᠦᠩᠬᠡᠶ ᠨᠡᠷᠡᠶᠢᠳᠦᠯ ᠪᠣᠯᠤᠨᠠ᠃ | 
                   ᠴᠡᠷᠢᠭ ᠤᠨ ᠬᠡᠷᠡᠭᠰᠡᠯ ᠤᠨ ᠵᠢᠷᠤᠭ ᠲᠥᠯᠦᠪᠯᠡᠭᠡᠨ ᠤ ᠬᠠᠷᠢᠭᠤ ᠣᠯᠭᠤᠮᠵᠢ ᠪᠣᠯ ᠴᠡᠷᠢᠭ ᠤᠨ ᠬᠡᠷᠡᠭᠰᠡᠯ ᠤᠨ ᠵᠢᠷᠤᠭ | 
                   ᠲᠥᠯᠥᠪᠯᠡᠭᠡ᠂ ᠦᠢᠯᠡᠳᠪᠦᠷᠢᠯᠡᠬᠦ ᠨᠢᠭᠡᠴᠢ ᠨᠦᠭᠦᠳ ᠤᠨ ᠬᠤᠭᠤᠷᠣᠨᠳᠣᠬᠢ ᠠᠰᠢᠭ ᠣᠯᠵᠠᠪᠤᠷᠢ ᠶᠢᠨ ᠬᠤᠪᠢᠶᠠᠷᠢᠯᠠᠯ ᠳᠤ | 
                   ᠬᠢᠭᠰᠡᠨ ᠨᠢᠭᠡ ᠵᠦᠢᠯ ᠤᠨ ᠲᠣᠬᠢᠷᠠᠭᠤᠯᠭᠠ ᠡᠵᠡᠮᠳᠡᠯ ᠤᠨ ᠠᠷᠭᠠ ᠬᠡᠯᠪᠡᠷᠢ ᠮᠥᠨ᠃ ᠣᠳᠣᠬᠠᠨ ᠳᠤ᠂ ᠴᠡᠷᠢᠭ ᠤᠨ | 
                   ᠬᠡᠷᠡᠭᠰᠡᠯ ᠤᠨ ᠵᠢᠷᠤᠭ ᠲᠥᠯᠥᠪᠯᠡᠭᠡ᠂ ᠦᠢᠯᠡᠳᠪᠦᠷᠢᠯᠡᠬᠦ ᠨᠢᠭᠡᠴᠢ ᠶᠢᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ | 
                   ᠲᠡᠩᠴᠡᠭᠦᠷᠢ ᠦᠭᠡᠢ ᠪᠠᠶᠢᠵᠤ᠂ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠨᠢᠭᠡᠴᠢ ᠶᠢᠨ ᠰᠢᠨᠵᠢᠯᠡᠬᠦ | 
                   ᠤᠬᠠᠭᠠᠨ ᠤ ᠰᠤᠳᠤᠯᠭᠠᠨ ᠤ ᠤᠶᠤᠨ ᠤ ᠣᠷᠣᠭᠤᠯᠤᠯᠲᠠ᠂ ᠮᠡᠳᠡᠯᠭᠡ ᠶᠢᠨ ᠥᠮᠴᠢᠯᠡᠬᠦ ᠡᠷᠬᠡ ᠶᠢᠨ ᠠᠰᠢᠭ ᠣᠷᠣᠯᠭᠠ | 
                   ᠵᠡᠷᠭᠡ ᠲᠠᠯᠠ ᠪᠠᠷ ᠭᠦᠢᠴᠡᠳ ᠪᠠᠲᠤᠯᠠᠭᠠ ᠣᠯᠬᠤ ᠳᠤ ᠬᠦᠴᠢᠷᠳᠡᠵᠦ᠂ ᠵᠢᠷᠤᠭ ᠲᠥᠯᠥᠪᠯᠡᠭᠡᠨ ᠤ ᠨᠢᠭᠡᠴᠢ ᠶᠢᠨ | 
                   ᠰᠢᠨᠡ ᠶᠢ ᠡᠭᠦᠳᠬᠦ ᠳᠣᠲᠣᠭᠠᠳᠤ ᠬᠥᠳᠡᠯᠭᠡᠬᠦ ᠬᠦᠴᠦᠨ ᠢ ᠨᠢ ᠨᠥᠯᠥᠭᠡᠯᠡᠵᠦ ᠪᠠᠶᠢᠨᠠ᠃ ᠴᠡᠷᠢᠭ ᠤᠨ ᠬᠡᠷᠡᠭᠰᠡᠯ ᠤᠨ | 
                   ᠵᠢᠷᠤᠭ ᠲᠥᠯᠥᠪᠯᠡᠭᠡᠨ ᠤ ᠬᠠᠷᠢᠭᠤ ᠣᠯᠭᠤᠮᠵᠢ ᠶᠢᠨ ᠲᠣᠭᠲᠠᠴᠠ ᠶᠢ ᠪᠠᠶᠢᠭᠤᠯᠬᠤ ᠳᠤ᠂ ᠭᠤᠣᠯᠳᠠᠭᠤ ᠠᠳᠠᠯᠢ ᠪᠤᠰᠤ | 
                   ᠲᠦᠷᠦᠯ ᠤᠨ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠬᠠᠷᠢᠶᠠᠯᠠᠯ ᠢ | 
                   ᠲᠣᠳᠣᠷᠬᠠᠶᠢᠯᠠᠬᠤ ᠪᠠᠷ ᠳᠠᠮᠵᠢᠭᠤᠯᠵᠤ᠂ ᠮᠡᠳᠡᠯᠭᠡ ᠶᠢᠨ ᠥᠮᠴᠢᠯᠡᠬᠦ ᠡᠷᠬᠡ ᠶᠢ ᠬᠡᠷᠡᠭᠯᠡᠬᠦ ᠵᠠᠷᠤᠳᠠᠯ᠂ ᠦᠢᠯᠡᠳᠪᠦᠷᠢᠯᠡᠯ ᠢ | 
                   ᠳᠠᠭᠠᠵᠤ ᠮᠡᠷᠭᠡᠵᠢᠯ ᠤᠨ ᠦᠢᠯᠡᠴᠢᠯᠡᠭᠡ ᠬᠢᠬᠦ ᠵᠠᠷᠤᠳᠠᠯ ᠤᠨ ᠰᠦᠢᠳᠬᠡᠯ ᠠᠪᠬᠤ ᠬᠠᠷᠢᠴᠠᠯ ᠢ ᠲᠤᠬᠢᠷᠠᠭᠤᠯᠵᠤ᠂ | 
                   ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠬᠢᠬᠦ ᠵᠠᠷᠤᠳᠠᠯ ᠤᠨ ᠪᠠᠲᠤᠯᠠᠭᠠ ᠶᠢᠨ ᠬᠡᠪ ᠵᠠᠭᠪᠤᠷ ᠵᠡᠷᠭᠡ ᠠᠷᠭᠠ | 
                   ᠬᠡᠮᠵᠢᠶᠡ ᠶᠢ ᠲᠡᠭᠦᠯᠳᠡᠷᠵᠢᠭᠦᠯᠵᠦ᠂ ᠴᠡᠷᠢᠭ ᠤᠨ ᠬᠡᠷᠡᠭᠰᠡᠯ ᠤᠨ ᠦᠨᠡ ᠲᠣᠭᠲᠠᠭᠠᠬᠤ ᠲᠣᠭᠲᠠᠴᠠ ᠶᠢ ᠤᠯᠠᠮ ᠨᠢᠭᠡ | 
                   ᠠᠯᠬᠤᠮ ᠰᠢᠯᠢᠳᠡᠭᠵᠢᠭᠦᠯᠵᠦ᠂ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠨᠢᠭᠡᠴᠢ ᠶᠢᠨ ᠥᠪᠡᠷ ᠤᠨ | 
                   ᠦᠷᠳᠡᠭ ᠲᠤ ᠨᠢ ᠵᠣᠬᠢᠬᠤ ᠨᠥᠬᠦᠪᠥᠷᠢ ᠣᠯᠭᠤᠵᠤ᠂ ᠲᠡᠳᠡᠭᠡᠷ ᠤᠨ ᠴᠢᠨᠠᠷ ᠰᠠᠶᠢᠲᠠᠢ᠂ ᠦᠷᠭᠦᠯᠵᠢᠯᠡᠬᠦ᠋ᠢᠴᠡ | 
                   ᠬᠥᠭᠵᠢᠯᠲᠡ ᠶᠢᠨ ᠲᠦᠪᠰᠢᠨ ᠢ ᠨᠢ ᠳᠡᠭᠡᠭᠰᠢᠯᠡᠭᠦᠯᠦᠨᠡ᠃ | 
                   ︽ᠦᠨᠳᠦᠰᠦᠨ ᠪᠣᠯᠪᠠᠰᠤᠷᠠᠯ︾ | 
                   ᠦᠨᠳᠦᠰᠦᠨ ᠪᠣᠯᠪᠠᠰᠤᠷᠠᠯ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠳᠤᠮᠳᠠᠬᠢ ᠰᠠᠭᠤᠷᠢ ᠴᠢᠨᠠᠷᠲᠠᠶ᠂ | 
                   ᠭᠤᠤᠯ ᠴᠣᠭᠴᠠᠲᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠪᠣᠯᠪᠠᠰᠤᠷᠠᠯ ᠤᠨ ᠡᠭᠦᠷᠭᠡ ᠶᠢ ᠵᠢᠭᠠᠵᠤ᠂ | 
                   ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠢᠯᠠᠩᠭᠤᠶᠠ ᠨᠠᠮ ᠤᠨ ᠰᠤᠷᠭᠠᠭᠤᠯᠢ ᠶᠢᠨ ᠬᠠᠮᠤᠭ ᠤᠨ ᠴᠢᠬᠤᠯᠠ᠂ | 
                   ᠡᠷᠬᠡᠪᠰᠢ ᠪᠡᠶᠡᠯᠡᠭᠦᠯᠬᠦ ᠪᠣᠯᠪᠠᠰᠤᠷᠠᠯ ᠤᠨ ᠡᠭᠦᠷᠭᠡ ᠪᠣᠯᠣᠨᠠ᠂ ᠶᠡᠷᠦᠩᠬᠡᠶ ᠱᠦᠵᠢ ᠰᠢ ᠶᠢᠨ ᠫᠢᠩ ᠤᠨ ᠺᠠᠳ᠋ᠷ ᠤᠨ | 
                   ᠬᠥᠮᠦᠵᠢᠯ ᠪᠣᠯᠪᠠᠰᠤᠷᠠᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠺᠠᠳ᠋ᠷ ᠤᠨ ᠬᠥᠮᠦᠵᠢᠯ | 
                   ᠪᠣᠯᠪᠠᠰᠤᠷᠠᠯ ᠤᠨ ᠲᠤᠬᠠᠶ ᠰᠢᠢᠳᠪᠦᠷᠢᠲᠦ ᠪᠣᠳᠣᠯᠭᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | 
                   ᠨᠠᠶᠢᠳᠠᠪᠤᠷᠢᠵᠢᠭᠤᠯᠬᠤ ᠴᠢᠬᠤᠯᠠ ᠠᠷᠭᠠ ᠬᠡᠮᠵᠢᠶᠡ᠂ ᠪᠥᠬᠦ ᠠᠵᠢᠯᠲᠠᠳ ᠢ ᠪᠣᠯᠪᠠᠰᠤᠷᠠᠭᠤᠯᠬᠤ᠂ ᠪᠥᠬᠦ ᠲᠠᠯᠠ ᠶᠢ | 
                   ᠬᠠᠮᠤᠷᠬᠤ᠂ ᠪᠥᠬᠦ ᠦᠶᠡᠯᠡᠯ ᠲᠠᠢ ᠬᠡᠷᠡᠭᠵᠢᠭᠦᠯᠬᠦ ᠶᠢ ᠪᠡᠶᠡᠯᠡᠭᠦᠯᠬᠦ ᠵᠠᠩᠭᠢᠯᠠᠭᠠ ᠶᠢᠨ ᠠᠷᠭᠠ ᠬᠡᠮᠵᠢᠶᠡ ᠮᠥᠨ᠃ | 
                   ᠦᠨᠳᠦᠰᠦᠨ ᠪᠣᠯᠪᠠᠰᠤᠷᠠᠯ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠠᠶᠢᠵᠤ᠂ ᠬᠦᠴᠦᠯᠡᠬᠦ ᠴᠡᠭ ᠨᠢ | 
                   ᠪᠣᠯᠪᠠᠰᠤᠷᠠᠯ ᠬᠦᠷᠲᠡᠭᠴᠢ᠂ ᠪᠣᠯᠪᠠᠰᠤᠷᠠᠯ ᠤᠨ ᠠᠭᠤᠯᠭᠠ᠂ ᠪᠣᠯᠪᠠᠰᠤᠷᠠᠯ ᠤᠨ ᠠᠷᠭᠠ ᠮᠠᠶ᠋ᠢᠭ᠂ ᠪᠣᠯᠪᠠᠰᠤᠷᠠᠯ ᠤᠨ | 
                   ᠰᠤᠷᠤᠯᠭᠠ ᠶᠢᠨ ᠳᠦᠷᠢᠮ᠂ ᠪᠣᠯᠪᠠᠰᠤᠷᠠᠯ ᠤᠨ ᠦᠶᠡᠯᠡᠯ ᠵᠡᠷᠭᠡ ᠵᠠᠩᠭᠢᠯᠠᠭᠠ ᠪᠣᠯᠬᠤ ᠬᠦᠴᠦᠨ ᠵᠦᠢᠯ ᠳᠤ ᠪᠠᠶᠢᠵᠤ᠂ | 
                   ᠣᠯᠠᠨ ᠬᠦᠴᠦᠨ ᠵᠦᠢᠯ ᠢ ᠠᠭᠤᠰᠤᠯᠴᠠᠭᠤᠯᠤᠭᠰᠠᠨ᠂ ᠣᠯᠠᠨ ᠭᠤᠭᠴᠤᠭᠠ ᠶᠢ ᠬᠡᠯᠬᠢᠭᠰᠡᠨ᠂ ᠣᠯᠠᠨ ᠭᠤᠣᠯ ᠴᠣᠭᠴᠠ | 
                   ᠬᠠᠮᠵᠢᠯᠴᠠᠭᠰᠠᠨ ᠪᠣᠯᠪᠠᠰᠤᠷᠠᠯ ᠤᠨ ᠰᠢᠨᠡ ᠲᠥᠯᠥᠪ ᠪᠠᠶᠢᠳᠠᠯ ᠲᠠᠢ ᠪᠣᠯᠭᠠᠬᠤ ᠶᠢ ᠠᠬᠢᠭᠤᠯᠤᠨ᠂ ᠺᠠᠳ᠋ᠷ ᠤᠨ ᠬᠥᠮᠦᠵᠢᠯ | 
                   ᠪᠣᠯᠪᠠᠰᠤᠷᠠᠯ ᠤᠨ ᠬᠤᠷᠸᠠ ᠪᠠ ᠬᠤᠮᠠᠬᠢ ᠲᠠᠯᠠ ᠶᠢᠨ ᠶᠠᠰᠤ ᠴᠢᠨᠠᠷ ᠢ ᠬᠠᠷᠢᠯᠴᠠᠨ ᠨᠢᠭᠡᠳᠬᠡᠬᠦ᠂ ᠬᠠᠮᠲᠤ ᠪᠠᠷ | 
                   ᠳᠡᠭᠡᠭᠰᠢᠯᠡᠭᠦᠯᠬᠦ ᠶᠢ ᠪᠡᠶᠡᠯᠡᠭᠦᠯᠦᠨᠡ᠃ ᠦᠨᠳᠦᠰᠦᠨ ᠪᠣᠯᠪᠠᠰᠤᠷᠠᠯ ᠬᠦᠷᠲᠡᠭᠴᠢ ᠨᠢ ᠡᠯᠡ ᠱᠠᠲᠤᠨ ᠤ ᠨᠠᠮ ᠵᠠᠰᠠᠭ ᠤᠨ | 
                   ᠤᠳᠤᠷᠢᠳᠬᠤ ᠺᠠᠳ᠋ᠷ᠂ ᠠᠯᠪᠠᠲᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠬᠥᠮᠦᠰ᠂ | 
                   ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠬᠥᠮᠦᠰ᠂ ᠵᠠᠯᠠᠭᠤ ᠺᠠᠳ᠋ᠷ᠂ ᠣᠨᠣᠯ ᠤᠬᠠᠭᠤᠯᠬᠤ ᠭᠤᠤᠯᠯᠠᠭᠴᠢ᠂ | 
                   ᠳᠡᠭᠡᠳᠦ ᠳᠡᠰ ᠳᠠᠪᠬᠤᠷᠭᠠ ᠶᠢᠨ ᠴᠢᠳᠠᠪᠤᠷᠢᠲᠠᠨ᠂ ᠦᠨᠳᠦᠰᠦᠨ ᠱᠠᠲᠤᠨ ᠤ ᠺᠠᠳ᠋ᠷ᠂ ᠨᠠᠮ ᠤᠨ ᠭᠡᠰᠢᠭᠦᠨ ᠵᠡᠷᠭᠡ | 
                   ᠪᠣᠯᠤᠨᠠ᠃ ᠦᠨᠳᠦᠰᠦᠨ ᠪᠣᠯᠪᠠᠰᠤᠷᠠᠯ ᠤᠨ ᠠᠭᠤᠯᠭᠠ ᠨᠢ ᠰᠢ ᠶᠢᠨ ᠫᠢᠩ ᠤᠨ ᠰᠢᠨᠡ ᠴᠠᠭ ᠦᠶᠡ ᠶᠢᠨ ᠳᠤᠮᠳᠠᠳᠤ | 
                   ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠ ᠶᠢ ᠭᠦᠨᠵᠡᠭᠡᠢ ᠰᠤᠷᠤᠯᠴᠠᠨ | 
                   ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠵᠤ᠂ ᠨᠠᠮ ᠤᠨ ᠤᠨᠤᠯ ᠤᠨ ᠬᠥᠮᠦᠵᠢᠯ᠂ ᠨᠠᠮᠴᠢ ᠴᠢᠨᠠᠷ ᠤᠨ | 
                   ᠬᠥᠮᠦᠵᠢᠯ ᠪᠣᠯᠤᠨ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢᠶᠠᠷ ᠭᠤᠣᠯᠳᠠᠯᠭᠠ ᠪᠣᠯᠭᠠᠵᠤ᠂ | 
                   ᠮᠡᠳᠡᠯᠭᠡ ᠶᠢᠨ ᠪᠣᠯᠪᠠᠰᠤᠷᠠᠯ ᠢ ᠴᠢᠬᠤᠯᠠᠴᠢᠯᠠᠬᠤ ᠪᠣᠯᠣᠨᠠ᠃ ᠦᠨᠳᠦᠰᠦᠨ ᠪᠣᠯᠪᠠᠰᠤᠷᠠᠯ ᠤᠨ ᠠᠷᠭᠠ ᠮᠠᠶ᠋ᠢᠭ ᠨᠢ | 
                   ᠲᠥᠪᠯᠡᠷᠡᠭᠦᠯᠦᠨ ᠰᠤᠷᠤᠯᠴᠠᠬᠤ ᠶᠢ ᠪᠠᠷᠢᠮᠲᠠᠯᠠᠵᠤ᠂ ᠨᠥᠬᠦᠴᠡᠯ ᠲᠠᠢ ᠪᠣᠯ ᠲᠥᠪᠯᠡᠷᠡᠭᠦᠯᠦᠨ ᠪᠠᠶᠢᠷᠢ ᠳᠤ ᠰᠠᠭᠤᠯᠭᠠᠨ | 
                   ᠪᠣᠯᠪᠠᠰᠤᠷᠠᠯ ᠬᠦᠷᠲᠡᠭᠡᠵᠦ᠂ ᠰᠤᠷᠤᠭᠴᠢᠳ ᠤᠨ ᠬᠠᠮᠢᠶᠠᠷᠤᠯᠲᠠ ᠶᠢ ᠴᠢᠩᠳᠠᠯᠠᠨᠠ︔ ᠤᠳᠤ ᠦᠶᠡ ᠶᠢᠨ ᠮᠡᠳᠡᠭᠡ | 
                   ᠵᠠᠩᠭᠢ ᠶᠢᠨ ᠮᠡᠷᠭᠡᠵᠢᠯ ᠢ ᠰᠠᠶᠢᠲᠤᠷ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ | 
                   ᠠᠭᠤᠰᠤᠯᠴᠠᠭᠤᠯᠬᠤ᠂ ᠰᠢᠭᠤᠳ ᠨᠡᠪᠲᠡᠷᠡᠭᠦᠯᠬᠦ ᠪᠠ ᠰᠢᠩᠭᠡᠭᠡᠨ ᠨᠡᠪᠲᠡᠷᠡᠭᠦᠯᠬᠦ ᠶᠢ ᠤᠶᠠᠯᠳᠤᠭᠤᠯᠬᠤ ᠠᠷᠭᠠ ᠮᠠᠶ᠋ᠢᠭ ᠢ | 
                   ᠬᠡᠷᠡᠭᠯᠡᠨ᠂ ᠠᠭᠤᠯᠭᠠ ᠨᠢ ᠰᠠᠶᠢᠲᠠᠢ ᠬᠢᠴᠢᠶᠡᠯ᠂ ᠰᠠᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠲᠡᠯᠡ | 
                   ᠬᠠᠮᠤᠷᠤᠭᠤᠯᠬᠤ ᠶᠢ ᠠᠬᠢᠭᠤᠯᠤᠨᠠ᠃ ᠦᠨᠳᠦᠰᠦᠨ ᠪᠣᠯᠪᠠᠰᠤᠷᠠᠯ ᠤᠨ ᠰᠤᠷᠤᠯᠭᠠ ᠶᠢᠨ ᠳᠦᠷᠢᠮ ᠨᠢ ᠺᠠᠳ᠋ᠷ ᠤᠨ | 
                   ᠬᠥᠮᠦᠵᠢᠯ ᠪᠣᠯᠪᠠᠰᠤᠷᠠᠯ ᠤᠨ ᠬᠠᠷᠠᠯᠲᠠ ᠪᠠ ᠪᠣᠯᠪᠠᠰᠤᠷᠠᠯ ᠬᠦᠷᠲᠡᠭᠴᠢ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ | 
                   ᠪᠣᠯᠪᠠᠰᠤᠷᠠᠯ ᠤᠨ ᠠᠩᠭᠢ ᠶᠢᠨ ᠬᠢᠴᠢᠶᠡᠯᠯᠡᠬᠦ ᠴᠠᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠠᠪᠤᠳᠠᠯ ᠪᠣᠯᠤᠨᠠ᠃ | 
                   ᠦᠨᠳᠦᠰᠦᠨ ᠪᠣᠯᠪᠠᠰᠤᠷᠠᠯ ᠤᠨ ᠦᠶᠡᠯᠡᠯ ᠨᠢ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ | 
                   ᠦᠨᠳᠦᠰᠦᠯᠡᠨ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠦᠶᠡᠯᠡᠯ ᠤᠨ ᠬᠤᠭᠤᠴᠠᠭᠠ | 
                   ᠶᠣᠰᠣᠭᠠᠷ᠂ ᠡᠩ ᠤᠨ ᠪᠠᠶᠢᠳᠠᠯ ᠳᠤ ᠲᠠᠪᠤᠨ ᠵᠢᠯ ᠳᠤ ᠨᠢᠭᠡ ᠡᠭᠡᠯᠵᠢ ᠶᠢᠨ ᠪᠥᠬᠦ ᠤᠯᠤᠰ ᠤᠨ ᠺᠠᠳ᠋ᠷ ᠤᠨ ᠬᠥᠮᠦᠵᠢᠯ | 
                   ᠪᠣᠯᠪᠠᠰᠤᠷᠠᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨᠡ᠃ ᠡᠭᠦᠨ ᠤ ᠬᠠᠮᠲᠤ᠂ ᠴᠠᠭ ᠤᠨ ᠪᠠᠶᠢᠳᠠᠯ | 
                   ᠡᠭᠦᠷᠭᠡ ᠶᠢᠨ ᠬᠡᠷᠡᠭᠴᠡᠭᠡ ᠪᠣᠯᠤᠨ ᠪᠣᠳᠠᠲᠠᠶ ᠪᠠᠶᠢᠳᠠᠯ ᠢ ᠦᠨᠳᠦᠰᠦᠯᠡᠨ ᠬᠠᠷᠢᠮᠠᠬᠠᠶ ᠲᠣᠬᠢᠷᠠᠭᠤᠯᠤᠯᠲᠠ ᠬᠢᠵᠦ᠂ | 
                   ᠺᠠᠳ᠋ᠷ ᠤᠨ ᠰᠤᠷᠤᠯᠴᠠᠯᠭᠠ ᠶᠢᠨ ᠪᠦᠬᠦᠯᠢ ᠴᠣᠭᠴᠠᠲᠤ ᠴᠢᠨᠠᠷ᠂ ᠠᠪᠴᠠᠯᠳᠤᠬᠤ ᠴᠢᠨᠠᠷ ᠪᠣᠯᠤᠨ ᠪᠦᠲᠦᠮᠵᠢᠲᠦ ᠴᠢᠨᠠᠷ ᠢ | 
                   ᠦᠨᠡᠨ ᠬᠦ ᠪᠠᠲᠤᠯᠠᠨᠠ᠃ ᠦᠨᠳᠦᠰᠦᠨ ᠪᠣᠯᠪᠠᠰᠤᠷᠠᠯ ᠤᠨ ᠱᠠᠭᠠᠷᠳᠠᠯᠭᠠ ᠶᠢ ᠭᠤᠤᠯᠳᠠᠭᠤ ᠡᠯᠡ ᠱᠠᠲᠤᠨ ᠤ ᠨᠠᠮ ᠤᠨ | 
                   ᠰᠤᠷᠭᠠᠭᠤᠯᠢ ᠳᠤ ᠲᠣᠬᠢᠷᠠᠭᠤᠯᠤᠨ ᠬᠡᠷᠡᠭᠯᠡᠨᠡ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠤᠰᠤᠳ ᠪᠠᠶᠢᠭᠤᠯᠤᠮᠵᠢ | 
                   ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨᠠ᠃ | 
                    | 
                    |