9 ᠳ᠋ᠤᠭᠡᠷ ᠰᠠᠷ᠎ᠠ ᠶᠢᠨ 11 ᠤ ᠡᠳᠦᠷ᠂ ᠪᠥᠬᠦ ᠣᠷᠣᠨ ᠤ ︽ᠵᠢᠭᠤᠯᠴᠢᠯᠠᠯ ᠤᠨ ᠳᠥᠷᠪᠡᠨ ᠭᠠᠵᠠᠷ︾ ᠤᠨ |
ᠲᠤᠬᠠᠢ ᠶᠢᠨ ᠲᠠᠯᠠᠪᠤᠷ ᠲᠤ ᠰᠤᠷᠤᠯᠴᠠᠵᠤ ᠲᠣᠭᠤᠷᠢᠨ ᠦᠵᠡᠬᠦ ᠠᠵᠢᠯᠯᠠᠭ᠎ᠠ ᠬᠢᠩᠭᠠᠨ ᠠᠶᠢᠮᠠᠭ ᠤᠨ ᠷᠠᠰᠢᠶᠠᠨ |
ᠬᠤᠲᠠ ᠳᠤ ᠶᠠᠪᠤᠭᠳᠠᠪᠠ᠃ ᠬᠤᠷᠠᠯ ᠨᠢ ᠶᠠᠷᠢᠯᠴᠠᠬᠤ ᠬᠤᠷᠠᠯ + ᠲᠣᠭᠤᠷᠢᠨ ᠦᠵᠡᠬᠦ ᠬᠡᠯᠪᠡᠷᠢ ᠪᠠᠷ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠭᠤᠯᠴᠢᠯᠠᠯ ᠤᠨ ᠳᠥᠷᠪᠡᠨ ᠭᠠᠵᠠᠷ︾ ᠤᠨ ᠬᠥᠭᠵᠢᠯᠲᠡ ᠶᠢᠨ |
ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ |
ᠵᠠᠰᠠᠭ ᠤᠨ ᠣᠷᠳᠣᠨ ᠤ ︽ᠵᠢᠭᠤᠯᠴᠢᠯᠠᠯ ᠤᠨ ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ |
ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠤᠯᠠᠮ ᠨᠢᠭᠡ ᠠᠯᠬᠤᠮ |
ᠲᠦᠯᠬᠢᠨ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠪᠥᠬᠦ ᠲᠠᠯ᠎ᠠ ᠪᠠᠷ ᠲᠠᠰ ᠳᠡᠪᠰᠢᠬᠦ ᠶᠢ ᠲᠦᠯᠬᠢᠨ ᠠᠬᠢᠭᠤᠯᠵᠤ |
᠂ ᠥᠪᠥᠷ ᠮᠣᠩᠭᠤᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠪᠡ᠃ |
ᠶᠠᠷᠢᠯᠴᠠᠬᠤ ᠬᠤᠷᠠᠯ ᠳᠡᠭᠡᠷ᠎ᠡ᠂ ᠳᠥᠷᠪᠡᠳᠦᠭᠡᠷ ᠪᠦᠯᠦᠭ ᠤᠨ ᠪᠥᠬᠦ ᠤᠯᠤᠰ ᠤᠨ 5C᠂ 4C ᠲᠠᠰ ᠤᠨ |
ᠬᠤᠪᠢ ᠶᠢᠨ ᠮᠠᠰᠢᠨ ᠵᠢᠯᠤᠭᠤᠳᠴᠤ ᠵᠢᠭᠤᠯᠴᠢᠯᠠᠬᠤ ᠲᠡᠷᠭᠡᠨ ᠤ ᠪᠠᠭᠤᠴᠠ᠂ ᠵᠢᠭᠤᠯᠴᠢᠯᠠᠨ ᠨᠤᠲᠤᠭᠰᠢᠬᠤ |
ᠲᠡᠷᠭᠡᠨ ᠤ ᠪᠠᠭᠤᠴᠠ ᠪᠠ 2024 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ |
ᠰᠡᠯᠡᠭᠦᠴᠡᠯ ᠤᠨ ᠵᠡᠭᠡᠯᠢ ᠲᠣᠭᠤᠷᠢᠭ᠂ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ᠂ ᠡᠷᠡᠭᠦᠯᠵᠢᠯ |
ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠨᠢᠭᠡᠴᠢ ᠳᠤ ᠫᠠᠶᠢᠰᠠ ᠣᠯᠭᠤᠪᠠ᠃ |
ᠪᠥᠬᠦ ᠣᠷᠣᠨ ᠤ 6 ᠠᠶᠢᠮᠠᠭ ᠬᠤᠲᠠ ᠶᠢᠨ ᠲᠥᠯᠥᠭᠡᠯᠡᠭᠴᠢ ︽ᠵᠢᠭᠤᠯᠴᠢᠯᠠᠯ ᠤᠨ ᠳᠥᠷᠪᠡᠨ ᠭᠠᠵᠠᠷ︾ ᠤᠨ |
ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠥᠬᠦ |
ᠣᠷᠣᠨ ᠤ ᠰᠣᠶᠣᠯ ᠵᠢᠭᠤᠯᠴᠢᠯᠠᠯ ᠤᠨ ᠠᠵᠢᠯᠲᠠᠳ ᠲᠠᠢ ᠬᠡᠭᠡᠷ᠎ᠡ ᠪᠠᠭᠤᠳᠠᠯᠯᠠᠬᠤ ᠭᠠᠵᠠᠷ᠂ ᠴᠠᠨᠠᠯᠠᠬᠤ ᠠᠮᠠᠷᠠᠯᠲᠠ ᠶᠢᠨ |
ᠭᠠᠵᠠᠷ᠂ ᠬᠤᠪᠢ ᠶᠢᠨ ᠮᠠᠰᠢᠨ ᠵᠢᠯᠤᠭᠤᠳᠴᠤ ᠵᠢᠭᠤᠯᠴᠢᠯᠠᠬᠤ ᠲᠡᠷᠭᠡᠨ ᠤ ᠪᠠᠭᠤᠴᠠ᠂ ᠰᠡᠯᠡᠭᠦᠴᠡᠯ ᠤᠨ ᠵᠡᠭᠡᠯᠢ |
ᠲᠣᠭᠤᠷᠢᠭ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠠᠮᠠᠷᠠᠯᠲᠠ ᠶᠢᠨ ᠣᠷᠣᠨ ᠤ ᠪᠦᠲᠦᠭᠡᠨ |
ᠪᠠᠶᠢᠭᠤᠯᠤᠯᠲᠠ ᠶᠢᠨ ᠲᠤᠷᠰᠢᠯᠭ᠎ᠠ ᠪᠠ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠢ ᠬᠤᠪᠢᠶᠠᠯᠴᠠᠪᠠ᠃ |
ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠭᠤᠣᠯᠯᠠᠨ ᠡᠷᠭᠢᠯᠡᠵᠦ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ |
ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠪᠡ᠃ ᠰᠠᠭᠤᠳᠠᠯ ᠤᠨ ᠬᠤᠷᠠᠯ ᠤᠨ |
ᠲᠠᠷᠠᠭ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠯᠦ ᠵᠢᠶᠣᠣ ᠸᠠᠨ ᠤ ᠬᠠᠯᠠᠭᠤᠨ ᠷᠠᠰᠢᠶᠠᠨ ᠤ |
ᠠᠮᠠᠷᠠᠯᠲᠠ ᠶᠢᠨ ᠤᠷᠤᠨ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠠᠢ ᠳᠤ ᠲᠣᠭᠤᠷᠢᠨ ᠰᠤᠷᠤᠯᠴᠠᠪᠠ᠃ |
|
|
|
|
|
|
|
|