ᠨᠠᠮ ᠤᠨ ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ |
ᠬᠤᠶᠠᠳᠤᠭᠠᠷ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ |
ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠵᠤ ᠤᠬᠠᠭᠤᠯᠤᠨ |
ᠲᠠᠶᠢᠯᠪᠤᠷᠢᠯᠠᠬᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 10 |
ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ |
ᠨᠢᠭᠡᠳᠦᠮᠡᠯ ᠹᠷᠣᠨᠲ ᠤᠨ ᠬᠡᠯᠲᠡᠰ ᠵᠢᠴᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ |
ᠬᠠᠮᠲᠤᠷᠠᠨ ᠵᠤᠬᠢᠶᠠᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠮᠣᠩᠭᠤᠯ ᠵᠦᠴᠦᠭᠡ ᠶᠢᠨ |
ᠤᠷᠠᠯᠢᠭ ᠤᠨ ᠪᠦᠯᠬᠦᠮ ᠤᠨ ᠥᠭᠡᠷᠡᠴᠢᠯᠡᠨ ᠨᠠᠶᠢᠷᠠᠭᠤᠯᠵᠤ ᠵᠣᠬᠢᠶᠠᠨ ᠪᠦᠲᠦᠭᠡᠭᠰᠡᠨ ᠬᠡᠦᠬᠡᠳ ᠤᠨ ᠵᠦᠴᠦᠭᠡ ︽ |
ᠤᠯᠤᠰ ᠤᠨ ᠬᠡᠦᠬᠡᠳ︾ ᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ |
ᠬᠥᠭᠵᠢᠮ ᠤᠨ ᠲᠢᠩᠬᠢᠮ ᠳᠤ ᠬᠢᠨᠠᠨ ᠪᠠᠶᠢᠴᠠᠭᠠᠭᠰᠠᠨ ᠪᠥᠭᠡᠳ ᠲᠤᠭᠯᠠᠪᠠ᠃ ᠥᠪᠡᠷᠲᠡᠭᠡᠨ ᠵᠠᠰᠠᠬᠤ ᠣᠷᠣᠨ ᠤ |
ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ ᠲᠤᠰ ᠤᠳᠠᠭᠠᠨ ᠤ ᠠᠩᠬᠠᠨ ᠤ |
ᠲᠣᠭᠯᠠᠯᠲᠠ ᠶᠢᠨ ᠬᠢᠨᠠᠨ ᠪᠠᠶᠢᠴᠠᠭᠠᠯᠲᠠ ᠳᠤ ᠤᠷᠤᠯᠴᠠᠪᠠ᠃ ᠡᠭᠦᠨ ᠤ ᠬᠠᠮᠲᠤ ᠲᠤᠰ ᠤᠳᠠᠭᠠᠨ ᠤ ᠠᠩᠬᠠᠨ ᠤ |
ᠲᠣᠭᠯᠠᠯᠲᠠ ᠨᠢ ᠮᠥᠨ ᠴᠦ ᠥᠪᠥᠷ ᠮᠣᠩᠭᠤᠯ ᠤᠨ ᠪᠢᠴᠢᠬᠠᠨ ᠮᠥᠷᠥᠪᠴᠢ ᠰᠠᠶᠢᠨ ᠳᠤᠷ᠎ᠠ ᠶᠢᠨ ᠦᠢᠯᠡᠴᠢᠯᠡᠭᠡᠨ ᠤ |
ᠪᠦᠯᠬᠦᠮ᠂ ᠬᠥᠬᠡᠬᠤᠲᠠ ᠶᠢᠨ ᠲᠦᠮᠡᠳ ᠰᠤᠷᠭᠠᠭᠤᠯᠢ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ |
ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠵᠠᠮ ᠤᠨ ᠵᠡᠭᠡᠯᠢ |
ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮᠡᠭᠲᠡᠶᠢᠴᠦᠳ ᠬᠡᠦᠬᠡᠳ ᠤᠨ ᠲᠥᠪ ᠵᠡᠷᠭᠡ 4 |
ᠨᠢᠭᠡᠴᠢ ᠶᠢᠨ ᠬᠠᠮᠲᠤᠷᠠᠨ ᠡᠷᠬᠢᠯᠡᠭᠰᠡᠨ 500 ᠭᠠᠷᠤᠢ ᠬᠥᠮᠥᠨ ᠣᠷᠣᠯᠴᠠᠭᠰᠠᠨ ᠨᠢᠭᠡ ᠤᠳᠠᠭᠠᠨ ᠤ ᠭᠤᠣᠯ |
ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯᠣᠨ᠎ᠠ᠃ ᠨᠡᠩ ᠴᠤ ︽ᠨᠠᠮ ᠤᠨ ᠠᠴᠢ ᠳᠤ ᠲᠠᠯᠠᠷᠬᠠᠵᠤ᠂ |
ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠭᠰᠠᠨ ᠣᠯᠠᠨ ᠲᠦᠮᠡᠨ ᠤ |
ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠤᠯᠤᠨ᠎ᠠ᠃ |
|
ᠲᠤᠰ ᠵᠦᠴᠦᠭᠡ ᠨᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ ᠨᠢ︾ |
ᠭᠡᠬᠦ ᠡᠨᠡ ᠬᠦ ᠪᠥᠬᠦᠳᠡ ᠨᠠᠶᠢᠷᠠᠮᠳᠠᠬᠤ ᠤᠯᠤᠰ ᠤᠨ ᠲᠡᠦᠬᠡᠨ ᠬᠡᠷᠡᠭ ᠶᠠᠪᠤᠳᠠᠯ ᠢᠶᠠᠷ ᠰᠡᠳᠦᠪᠯᠡᠵᠦ᠂ ︽ᠠᠷᠠᠳ ᠤᠨ |
ᠦᠯᠢᠭᠡᠷ ᠳᠠᠭᠤᠷᠢᠶᠠᠯ︾ ᠤᠨ ᠢᠷᠠᠭᠤ ᠠᠯᠳᠠᠷ ᠤᠨ ᠴᠣᠯᠠ ᠶᠢ ᠬᠦᠷᠲᠡᠭᠴᠢ᠂ ᠲᠠᠯ᠎ᠠ ᠨᠤᠲᠤᠭ ᠤᠨ ᠡᠬᠡ |
ᠲᠦᠬᠦᠶᠢᠮ᠎ᠡ ᠶᠢᠨ ᠲᠦᠷᠦᠭᠦᠦ ᠵᠠᠭᠤᠨ ᠤ ᠵᠢᠷᠠᠭᠠᠳ ᠣᠨ ᠤ ᠦᠶ᠎ᠡ ᠳᠤ ᠲᠦᠮᠡᠨ ᠪᠡᠷᠬᠡᠰᠢᠶᠡᠯ ᠢ ᠢᠯᠠᠨ ᠳᠠᠪᠠᠵᠤ |
28 ᠥᠨᠥᠴᠢᠨ ᠬᠡᠦᠬᠡᠳ ᠢ ᠬᠥᠮᠥᠵᠢᠭᠦᠯᠦᠭᠰᠡᠨ ᠦᠨᠡᠨ ᠪᠣᠳᠠᠲᠤ ᠦᠯᠢᠭᠡᠷ ᠢᠶᠠᠷ ᠤᠭ ᠳᠦᠷᠢ ᠪᠣᠯᠭᠠᠵᠤ᠂ ᠰᠢᠨ᠎ᠡ |
ᠳᠤᠮᠳᠠᠳᠤ ᠤᠯᠤᠰ ᠤᠨ ᠬᠠᠮᠤᠭ ᠤᠨ ᠬᠦᠴᠢᠷ ᠪᠡᠷᠬᠡᠰᠢᠶᠡᠯ ᠲᠠᠢ ᠴᠠᠭ ᠦᠶ᠎ᠡ ᠳᠤ ᠥᠪᠥᠷ ᠮᠣᠩᠭᠤᠯ ᠤᠨ ᠠᠷᠠᠳ |
ᠲᠦᠮᠡᠨ ᠥᠪᠡᠷ ᠤᠨ ᠬᠦᠴᠢᠷ ᠪᠡᠷᠬᠡᠰᠢᠶᠡᠯ ᠢᠶᠠᠨ ᠢᠯᠠᠨ ᠳᠠᠪᠠᠵᠤ᠂ ᠠᠭᠤᠤ ᠶᠡᠭᠡ ᠦᠨᠳᠦᠰᠦᠲᠡᠨ ᠤ ᠪᠦᠯᠬᠦᠮᠳᠡᠯ ᠤᠨ |
ᠵᠣᠷᠢᠭ ᠰᠠᠨᠠᠭ᠎ᠠ᠂ ᠠᠭᠤᠤ ᠶᠡᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭ᠎ᠠ ᠪᠠᠷ ᠭᠤᠷᠪᠠᠨ ᠮᠢᠩᠭᠠᠨ ᠬᠢᠲᠠᠳ |
ᠦᠨᠳᠦᠰᠦᠲᠡᠨ ᠤ ᠥᠨᠥᠴᠢᠨ ᠬᠡᠦᠬᠡᠳ ᠢ ᠠᠪᠤᠷᠠᠭᠰᠠᠨ ᠦᠨᠡᠨ ᠪᠣᠳᠠᠲᠠᠢ ᠬᠡᠷᠡᠭ ᠶᠠᠪᠤᠳᠠᠯ ᠢ ᠶᠠᠷᠢᠵᠤ᠂ |
ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠭᠰᠡᠨ |
ᠪᠠᠶᠢᠨ᠎ᠠ᠃ |
ᠲᠤᠰ ᠵᠦᠴᠦᠭᠡ ᠶᠢ 2024 ᠣᠨ ᠤ 10 ᠳ᠋ᠤᠭᠠᠷ ᠰᠠᠷ᠎ᠠ ᠠᠴᠠ 11 ᠰᠠᠷ᠎ᠠ ᠶᠢᠨ ᠬᠤᠭᠤᠷᠣᠨᠳᠤ |
ᠬᠥᠬᠡᠬᠤᠲᠠ᠂ ᠪᠤᠭᠤᠲᠤ ᠬᠤᠳᠠ᠂ ᠣᠷᠳᠣᠰ ᠬᠤᠳᠠ ᠶᠢᠨ ᠬᠤᠰᠢᠭᠤ ᠰᠢᠶᠠᠨ᠂ ᠰᠤᠷᠭᠠᠭᠤᠯᠢ ᠶᠢᠨ ᠬᠦᠷᠢᠶ᠎ᠡ ᠵᠡᠷᠭᠡ |
ᠭᠠᠵᠠᠷ ᠢᠶᠠᠷ 20 ᠲᠠᠯᠠᠪᠠᠢ ᠲᠣᠭᠤᠷᠢᠨ ᠲᠣᠭᠯᠠᠬᠤ ᠪᠠᠷ ᠲᠥᠯᠥᠪᠯᠡᠵᠦ᠂ ᠬᠥᠮᠥᠰ ᠤᠨ ᠰᠡᠳᠬᠢᠯ ᠢ ᠬᠥᠳᠡᠯᠭᠡᠮ᠎ᠡ |
ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠲᠣᠭᠯᠠᠬᠤ ᠪᠠᠷ ᠳᠠᠮᠵᠢᠭᠤᠯᠵᠤ ᠵᠠᠯᠠᠭᠤᠴᠤᠳ ᠪᠠᠭᠠᠴᠤᠳ ᠢ ᠭᠤᠶᠠᠴᠢ |
ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠶᠢᠬᠤ ᠦᠷᠳᠡᠭ ᠤᠨ ᠬᠥᠭᠡᠭᠡᠴᠡᠯᠳᠦᠯ ᠲᠠᠢ ᠪᠣᠯᠭᠠᠬᠤ ᠪᠠᠷ ᠬᠦᠲᠦᠯᠦᠨ |
ᠵᠢᠯᠤᠭᠤᠳᠪᠠ᠃ |
|
|
|
|
|