ᠪᠥᠬᠦ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ |
ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠭᠠᠵᠠᠷ ᠲᠤ ᠨᠢ ᠪᠠᠶᠢᠴᠠᠭᠠᠯᠲᠠ ᠬᠢᠬᠦ ᠱᠠᠲᠤᠨ ᠤ ᠠᠵᠢᠯ ᠤᠨ ᠠᠬᠢᠴᠠ ᠶᠢᠨ |
ᠪᠠᠶᠢᠳᠠᠯ ᠢ ᠴᠠᠭ ᠲᠤᠬᠠᠢ ᠳᠤ ᠨᠢ ᠡᠵᠡᠮᠰᠢᠵᠦ᠂ ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ ᠪᠠᠶᠢᠴᠠᠭᠠᠬᠤ ᠨᠣᠷᠮ᠎ᠠ |
ᠪᠠ ᠪᠠᠶᠢᠴᠠᠭᠠᠯᠲᠠ ᠶᠢᠨ ᠪᠦᠷᠬᠦᠴᠡ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠦᠨ᠂ ᠡᠯ᠎ᠡ ᠵᠦᠢᠯ ᠤᠨ ᠠᠵᠢᠯ ᠢ |
ᠤᠷᠤᠭᠰᠢᠲᠠᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ |
ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ |
ᠠᠯᠪᠠᠨ ᠭᠡᠷ 10 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ ᠲᠧᠩ ᠰᠢᠶᠦ᠋ᠨ ᠸᠢᠳᠢᠤ᠋ |
ᠬᠤᠷᠠᠯ ᠤᠨ ᠬᠡᠯᠪᠡᠷᠢ ᠪᠠᠷ ᠪᠥᠬᠦ ᠣᠷᠣᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ |
ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ |
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠪᠥᠬᠦ |
ᠣᠷᠣᠨ ᠤ ︽ᠳᠥᠷᠪᠡᠳᠦᠭᠡᠷ ᠤᠳᠠᠭᠠᠨ ᠤ ᠨᠡᠶᠢᠳᠡᠮ ᠪᠠᠶᠢᠴᠠᠭᠠᠯᠲᠠ︾ ᠶᠢᠨ ᠵᠠᠷᠤᠳᠠᠯ ᠢ ᠨᠠᠶᠢᠳᠠᠪᠤᠷᠢᠵᠢᠭᠤᠯᠤᠭᠰᠠᠨ |
ᠪᠠᠶᠢᠳᠠᠯ᠂ ᠲᠤᠬᠠᠢ ᠶᠢᠨ ᠭᠠᠵᠠᠷ ᠲᠤ ᠬᠢ ᠠᠵᠢᠯ ᠤᠨ ᠠᠬᠢᠴᠠ ᠶᠢᠨ ᠪᠠᠶᠢᠳᠠᠯ᠂ ᠤᠬᠠᠭᠤᠯᠭ᠎ᠠ ᠮᠡᠳᠡᠭᠡᠯᠡᠯ ᠵᠢᠴᠢ |
ᠲᠣᠪᠴᠢ ᠮᠡᠳᠡᠭᠡ ᠶᠢ ᠳᠠᠷᠤᠮᠠᠯᠯᠠᠨ ᠲᠠᠷᠬᠠᠭᠠᠭᠰᠠᠨ ᠪᠠᠶᠢᠳᠠᠯ ᠢ ᠮᠡᠳᠡᠭᠳᠡᠵᠦ᠂ ᠣᠳᠣᠬᠠᠨ ᠳᠤ ᠣᠷᠣᠰᠢᠵᠤ ᠪᠠᠶᠢᠭ᠎ᠠ |
ᠠᠰᠠᠭᠤᠳᠠᠯ ᠢ ᠳᠤᠷᠠᠳᠤᠨ ᠭᠠᠷᠭᠠᠵᠤ᠂ ᠳᠥᠷᠪᠡᠳᠦᠭᠡᠷ ᠤᠯᠠᠷᠢᠯ ᠤᠨ ᠬᠠᠷᠠᠯᠲᠠ ᠡᠭᠦᠷᠭᠡ ᠪᠠ ᠲᠠᠷᠠᠭᠠᠴᠢ ᠶᠢᠨ |
ᠠᠯᠬᠤᠮ ᠤᠨ ᠠᠵᠢᠯ ᠤᠨ ᠲᠥᠯᠥᠪᠯᠡᠭᠡ ᠶᠢ ᠲᠣᠳᠣᠷᠬᠠᠢ ᠲᠣᠭᠲᠠᠭᠠᠪᠠ᠃ |
ᠬᠤᠷᠠᠯ ᠳᠡᠭᠡᠷ᠎ᠡ ᠡᠯ᠎ᠡ ᠠᠶᠢᠮᠠᠭ ᠬᠤᠳᠠ ᠶᠢᠨ ︽ᠳᠥᠷᠪᠡᠳᠦᠭᠡᠷ ᠤᠳᠠᠭᠠᠨ ᠤ ᠨᠡᠶᠢᠳᠡᠮ ᠪᠠᠶᠢᠴᠠᠭᠠᠯᠲᠠ ︾ |
ᠶᠢᠨ ᠠᠬᠢᠴᠠ ︵ᠤᠷᠳᠤ ᠴᠠᠭᠠᠨ ᠬᠡᠷᠡᠮ ᠤᠨ ᠨᠡᠶᠢᠳᠡᠮ ᠤᠨ ᠪᠠᠶᠢᠴᠠᠭᠠᠯᠲᠠ ᠪᠠᠭᠲᠠᠨ᠎ᠠ︶ ᠶᠢᠨ ᠪᠠᠶᠢᠳᠠᠯ᠂ |
ᠭᠤᠷᠪᠠᠳᠤᠭᠠᠷ ᠪᠦᠯᠦᠭ ᠤᠨ ᠰᠢᠯᠵᠢᠭᠦᠯᠵᠦ ᠪᠣᠯᠣᠰᠢ ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ |
ᠨᠡᠷᠡᠰ ᠤᠨ ᠵᠢᠭᠰᠠᠭᠠᠯᠲᠠ ᠶᠢ ᠵᠠᠷᠯᠠᠨ ᠮᠡᠳᠡᠭᠦᠯᠦᠭᠰᠡᠨ ᠪᠠᠶᠢᠳᠠᠯ᠂ ᠲᠡᠦᠬᠡ ᠶᠢᠨ ᠳᠤᠷᠠᠰᠬᠠᠯᠲᠤ ᠵᠦᠢᠯ ᠤᠨ |
ᠬᠠᠮᠠᠭᠠᠯᠠᠯᠲᠠ ᠶᠢᠨ ᠨᠢᠭᠡᠴᠢ ᠶᠢᠨ ︽ᠬᠤᠶᠠᠷ ᠱᠤᠭᠤᠮ︾ ᠢ ᠵᠠᠭᠠᠭᠯᠠᠨ ᠲᠣᠭᠲᠠᠭᠠᠭᠰᠠᠨ ᠵᠢᠴᠢ ᠡᠯ᠎ᠡ ᠱᠠᠲᠤᠨ ᠤ |
ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠵᠢᠯᠴᠠᠬᠤ ᠲᠣᠭᠲᠠᠴᠠ ᠪᠠᠶᠢᠭᠤᠯᠤᠭᠰᠠᠨ ᠪᠠᠶᠢᠳᠠᠯ ᠢ |
ᠰᠣᠨᠣᠰᠴᠠᠢ᠃ |
ᠬᠤᠷᠠᠯ ᠳᠡᠭᠡᠷ᠎ᠡ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠰᠠᠯᠠᠭ᠎ᠠ ᠮᠥᠴᠢᠷ ᠤᠨ ᠬᠢᠨ |
ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠶᠢᠨ ᠲᠡᠦᠬᠡ ᠶᠢᠨ ᠳᠤᠷᠠᠰᠬᠠᠯᠲᠤ |
ᠵᠦᠢᠯ ᠢ ᠬᠠᠮᠠᠭᠠᠯᠠᠬᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠤᠯᠤᠰ ᠪᠠ |
ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ |
ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠲᠡᠦᠬᠡ ᠶᠢᠨ |
ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠬᠢᠭᠡᠳ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ |
ᠤᠶᠠᠯᠳᠤᠭᠤᠯᠵᠤ᠂ ᠨᠢᠭᠡ ᠲᠠᠯ᠎ᠠ ᠪᠠᠷ ᠨᠡᠶᠢᠳᠡᠮ ᠪᠠᠶᠢᠴᠠᠭᠠᠵᠤ᠂ ᠨᠢᠭᠡ ᠲᠠᠯ᠎ᠠ ᠪᠠᠷ ᠠᠰᠠᠭᠤᠳᠠᠯ ᠢ ᠢᠯᠡᠷᠡᠭᠦᠯᠵᠦ᠂ ᠨᠢᠭᠡ |
ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠨᠢᠭᠡ ᠲᠠᠯ᠎ᠠ ᠪᠠᠷ ᠲᠣᠭᠲᠠᠴᠠ ᠶᠢ ᠲᠡᠭᠦᠯᠳᠡᠷᠵᠢᠭᠦᠯᠦᠨ᠂ ᠬᠤᠪᠣᠷ ᠨᠠᠨᠳᠢᠨ |
ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ ᠭᠡᠵᠦ |
ᠴᠢᠬᠤᠯᠠᠴᠢᠯᠠᠪᠠ᠃ |
ᠬᠤᠷᠠᠯ ᠳᠡᠭᠡᠷ᠎ᠡ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠯᠤᠰ ᠪᠣᠯᠣᠨ |
ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ |
ᠵᠦᠢᠯ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠲᠣᠬᠢᠷᠠᠭᠤᠯᠤᠯᠲᠠ ᠶᠢ ᠦᠨᠳᠦᠰᠦᠯᠡᠵᠦ᠂ ᠲᠤᠬᠠᠢ ᠶᠢᠨ ᠭᠠᠵᠠᠷ |
ᠲᠤ ᠨᠢ ᠪᠠᠶᠢᠴᠠᠭᠠᠯᠲᠠ ᠬᠢᠬᠦ ᠱᠠᠲᠤᠨ ᠤ ᠡᠯ᠎ᠡ ᠵᠦᠢᠯ ᠤᠨ ᠡᠭᠦᠷᠭᠡ ᠶᠢ ᠲᠣᠭᠲᠠᠭᠠᠵᠤ᠂ ᠠᠵᠢᠯ ᠤᠨ ᠭᠤᠣᠯᠳᠠᠯᠭ᠎ᠠ |
ᠪᠣᠯᠣᠨ ᠴᠠᠭ ᠤᠨ ᠠᠶᠢᠵᠠᠮ ᠢ ᠡᠵᠡᠮᠳᠡᠵᠦ᠂ ︽ᠨᠡᠶᠢᠳᠡᠮ ᠪᠠᠶᠢᠴᠠᠭᠠᠬᠤ ᠴᠢᠬᠤᠯᠠ ᠲᠠᠢ ᠪᠦᠬᠦᠨ ᠢ ᠨᠡᠶᠢᠳᠡᠮ |
ᠪᠠᠶᠢᠴᠠᠭᠠᠬᠤ᠂ ᠬᠠᠮᠠᠭᠠᠯᠠᠬᠤ ᠴᠢᠬᠤᠯᠠ ᠲᠠᠢ ᠪᠦᠬᠦᠨ ᠢ ᠬᠠᠮᠠᠭᠠᠯᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ |
ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠵᠣᠬᠢᠴᠠᠯᠳᠤᠨ ᠬᠠᠮᠵᠢᠯᠴᠠᠵᠤ᠂ ᠨᠢᠭᠲᠠ ᠬᠠᠮᠵᠢᠯᠴᠠᠨ᠂ ᠪᠦᠲᠦᠮᠵᠢᠲᠡᠶ |
ᠠᠷᠭ᠎ᠠ ᠬᠡᠮᠵᠢᠶ᠎ᠡ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ 2024 ᠣᠨ ᠤ ᠵᠢᠯ ᠤᠨ |
ᠰᠡᠭᠦᠯᠴᠢ ᠠᠴᠠ ᠡᠮᠦᠨ᠎ᠡ ᠲᠤᠬᠠᠢ ᠶᠢᠨ ᠭᠠᠵᠠᠷ ᠲᠤ ᠨᠢ ᠪᠠᠶᠢᠴᠠᠭᠠᠯᠲᠠ ᠬᠢᠬᠦ ᠡᠭᠦᠷᠭᠡ ᠶᠢ 80% ᠠᠴᠠ |
ᠳᠡᠭᠡᠭᠰᠢᠬᠢ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠥᠬᠦᠴᠡᠯ ᠲᠠᠢ ᠠᠶᠢᠮᠠᠭ ᠬᠤᠲᠠ ᠨᠤᠭᠤᠳ ᠵᠢᠯ ᠤᠨ |
ᠡᠴᠦᠰ ᠠᠴᠠ ᠡᠮᠦᠨ᠎ᠡ ᠬᠡᠭᠡᠷ᠎ᠡ ᠶᠢᠨ ᠪᠠᠶᠢᠴᠠᠭᠠᠯᠲᠠ ᠶᠢᠨ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠵᠤ᠂ ᠳᠠᠷᠠᠭ᠎ᠠ ᠨᠢ |
ᠭᠡᠷ ᠳᠣᠲᠣᠷ᠎ᠠ ᠰᠢᠯᠵᠢᠭᠦᠯᠦᠨ ᠲᠤᠭ᠎ᠠ ᠪᠠᠷᠢᠮᠲᠠ ᠶᠢ ᠳᠠᠬᠢᠨ ᠬᠢᠨᠠᠵᠤ᠂ ᠢᠷᠡᠬᠦ ᠵᠢᠯ ᠴᠠᠭ ᠠᠭᠤᠷ ᠳᠤᠯᠠᠭᠠᠷᠠᠭᠰᠠᠨ ᠤ |
ᠳᠠᠷᠠᠭ᠎ᠠ ᠭᠠᠳᠠᠨ᠎ᠠ ᠭᠠᠷᠴᠤ ᠭᠤᠭᠤᠵᠢᠭᠰᠠᠨ ᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠨ᠎ᠡ᠃ ᠲᠤᠬᠠᠢ ᠶᠢᠨ ᠭᠠᠵᠠᠷ |
ᠲᠤ ᠨᠢ ᠪᠠᠶᠢᠴᠠᠭᠠᠯᠲᠠ ᠬᠢᠬᠦ ᠶᠠᠪᠤᠴᠠ ᠳᠤ ᠲᠡᠦᠬᠡ ᠶᠢᠨ ᠳᠤᠷᠠᠰᠬᠠᠯᠲᠤ ᠵᠦᠢᠯ ᠤᠨ ᠦᠭᠡᠢ ᠪᠤᠯᠤᠭᠰᠠᠨ᠂ ᠬᠦᠴᠦᠨ |
ᠦᠭᠡᠢ ᠪᠣᠯᠭᠠᠭᠰᠠᠨ᠂ ᠡᠪᠳᠡᠵᠦ ᠰᠦᠢᠳᠬᠡᠭᠰᠡᠨ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠡᠷᠭᠡ |
ᠠᠰᠠᠭᠤᠳᠠᠯ ᠢ ᠣᠯᠵᠤ ᠮᠡᠳᠡᠪᠡᠯ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ |
ᠲᠤᠬᠠᠢ ᠶᠢᠨ ᠭᠠᠵᠠᠷ ᠲᠤ ᠨᠢ ᠳᠠᠬᠢᠨ ᠬᠢᠨᠠᠬᠤ ᠪᠠ ᠴᠢᠩᠭ᠎ᠠ ᠬᠢᠨᠠᠨ ᠪᠠᠶᠢᠴᠠᠭᠠᠵᠤ᠂ ᠬᠠᠷᠢᠶ᠎ᠠ ᠭᠠᠵᠠᠷ ᠤᠨ |
ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ |
ᠮᠡᠳᠡᠭᠦᠯᠵᠦ ᠰᠢᠢᠳᠪᠦᠷᠢᠯᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠡᠶᠢᠳᠡᠮ ᠪᠠᠶᠢᠴᠠᠭᠠᠯᠲᠠ ᠶᠢᠨ ᠠᠯᠪᠠᠨ |
ᠭᠡᠷ ᠲᠤ ᠮᠡᠳᠡᠭᠦᠯᠬᠦ ᠬᠡᠷᠡᠭᠲᠡᠢ᠃ ᠤᠬᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠡᠶᠢᠳᠡᠮ |
ᠪᠠᠶᠢᠴᠠᠭᠠᠯᠲᠠ ᠶᠢᠨ ᠠᠵᠢᠯ ᠤᠨ ᠬᠠᠨᠳᠤᠰᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ |
ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ |
ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ |
ᠥᠪᠡᠷᠲᠡᠭᠡᠨ ᠵᠠᠰᠠᠬᠤ ᠣᠷᠣᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ᠂ ᠡᠯ᠎ᠡ ᠠᠶᠢᠮᠠᠭ ᠬᠤᠲᠠ ᠶᠢᠨ |
ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠪᠦᠷᠢᠯᠳᠦᠭᠦᠨ᠂ ᠡᠯ᠎ᠡ ᠠᠶᠢᠮᠠᠭ ᠬᠤᠲᠠ ᠶᠢᠨ ᠰᠣᠶᠣᠯ |
ᠵᠢᠭᠤᠯᠴᠢᠯᠠᠯ ᠤᠨ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶᠠᠨ ᠤ ᠲᠡᠦᠬᠡ ᠶᠢᠨ |
ᠳᠤᠷᠠᠰᠬᠠᠯᠲᠤ ᠵᠦᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠡᠶᠢᠲᠡ 145 ᠬᠥᠮᠥᠨ |
ᠬᠤᠷᠠᠯ ᠳᠤ ᠣᠷᠣᠯᠴᠠᠵᠠᠢ᠃ |
|
|
|
|
|
|
|
|