ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ |
ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ |
ᠲᠡᠦᠬᠡ ᠶᠢᠨ ᠳᠤᠷᠠᠰᠬᠠᠯᠲᠤ ᠵᠦᠢᠯ ᠡᠪᠳᠡᠭᠳᠡᠭᠰᠡᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠪᠥᠬᠦ ᠣᠷᠣᠨ ᠤ |
ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ |
ᠪᠠᠲᠤᠳᠬᠠᠨ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠤᠯᠢ ᠠᠴᠠ ᠵᠥᠷᠢᠴᠡᠭᠰᠡᠨ ᠬᠡᠷᠡᠭ ᠡᠭᠦᠰᠬᠦ ᠶᠢ ᠡᠷᠡᠰ |
ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ ᠡᠬᠢ ᠪᠠᠷ᠂ ᠥᠪᠡᠷᠲᠡᠭᠡᠨ ᠵᠠᠰᠠᠬᠤ ᠣᠷᠣᠨ ᠤ |
ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ 2024 ᠣᠨ ᠤ ᠪᠥᠬᠦ ᠣᠷᠣᠨ ᠤ ᠲᠡᠦᠬᠡ ᠶᠢᠨ ᠳᠤᠷᠠᠰᠬᠠᠯᠲᠤ |
ᠵᠦᠢᠯ ᠤᠨ ᠠᠮᠤᠷ ᠲᠦᠪᠰᠢᠨ ᠢ ᠰᠤᠯᠪᠢᠴᠠᠭᠤᠯᠤᠨ ᠪᠠᠶᠢᠴᠠᠭᠠᠬᠤ ᠠᠵᠢᠯ ᠢ ᠡᠬᠢᠯᠡᠭᠦᠯᠪᠡ᠃ |
|
ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠶᠠᠷ ᠲᠤ᠂ |
ᠨᠠᠷᠢᠨ ᠬᠢᠨᠠᠮᠠᠭᠠᠢ ᠲᠥᠯᠥᠪᠵᠢᠭᠦᠯᠵᠦ ᠨᠠᠷᠢᠨ ᠨᠢᠮᠪᠠᠢ ᠵᠣᠬᠢᠶᠠᠨ ᠪᠠᠶᠢᠭᠤᠯᠪᠠ᠃ ᠭᠤᠷᠪᠠ ᠳᠤ ᠂ ᠬᠠᠤᠯᠢ ᠲᠣᠭᠲᠠᠭᠠᠯ |
ᠶᠣᠰᠣᠭᠠᠷ ᠴᠢᠩᠭ᠎ᠠ ᠪᠠᠶᠢᠴᠠᠭᠠᠪᠠ᠃ |
|
ᠲᠤᠰ ᠤᠳᠠᠭᠠᠨ ᠤ ᠰᠤᠯᠪᠢᠴᠠᠭᠤᠯᠤᠨ ᠬᠠᠷᠢᠯᠴᠠᠨ ᠪᠠᠶᠢᠴᠠᠭᠠᠬᠤ ᠠᠵᠢᠯ ᠨᠢ ᠬᠠᠷᠢᠶ᠎ᠠ ᠭᠠᠵᠠᠷ ᠤᠨ ᠥᠪᠡᠷ ᠤᠨ |
ᠪᠠᠶᠢᠴᠠᠭᠠᠯᠲᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠣᠷᠣᠨ ᠤ ᠠᠰᠠᠭᠤᠳᠠᠯ ᠢ ᠦᠨᠡᠨ ᠬᠦ |
ᠰᠢᠢᠳᠪᠦᠷᠢᠯᠡᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠭᠤᠣᠯ ᠴᠣᠭᠴᠠ ᠶᠢᠨ |
ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ᠂ ᠰᠢᠭᠤᠳ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠵᠤ |
᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ |
ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ |
ᠪᠦᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠤ ᠳᠤᠮᠳᠠ |
ᠰᠠᠶᠢᠵᠢᠷᠠᠬᠤ ᠶᠢ ᠠᠬᠢᠭᠤᠯᠵᠠᠢ᠃ |
|
ᠬᠠᠷᠢᠯᠴᠠᠨ ᠪᠠᠶᠢᠴᠠᠭᠠᠬᠤ ᠳᠤᠭᠤᠶᠢᠯᠠᠩ ᠬᠥᠬᠡᠬᠤᠲᠠ᠂ ᠪᠤᠭᠤᠲᠤ ᠬᠤᠲᠠ ᠵᠡᠷᠭᠡ ᠶᠢᠰᠦᠨ ᠠᠶᠢᠮᠠᠭ ᠬᠤᠲᠠ ᠶᠢᠨ |
ᠪᠠᠶᠢᠴᠠᠭᠠᠯᠲᠠ ᠶᠢ ᠳᠠᠭᠤᠰᠬᠠᠭᠠᠳ ᠳᠠᠷᠠᠭᠠᠴᠢ ᠶᠢᠨ ᠠᠵᠢᠯ ᠢᠶᠠᠨ ᠦᠷᠬᠦᠯᠵᠢᠯᠡᠬᠦᠯᠵᠦ ᠪᠠᠶᠢᠨ᠎ᠠ᠃ |
|