ᠠᠯᠲᠠᠨ ᠨᠠᠮᠤᠷ ᠤᠨ ᠠᠷᠪᠠᠨ ᠰᠠᠷ᠎ᠠ ᠳᠤ᠂ ᠡᠵᠡᠨ᠎ᠡ ᠬᠤᠰᠢᠭᠤᠨ ᠤ ᠵᠢᠦᠢ ᠶᠠᠨ ᠤ ᠭᠡᠭᠡᠨ ᠰᠠᠷ᠎ᠠ ᠰᠥᠨᠢ ᠶᠢᠨ |
ᠰᠣᠶᠣᠯ ᠤᠨ ᠲᠣᠭᠤᠷᠢᠭ ᠲᠤ᠂ ᠠᠷᠠᠳ ᠤᠨ ᠵᠠᠩ ᠦᠢᠯᠡ ᠶᠢᠨ ᠥᠩᠭᠡᠲᠦ ᠳ᠋ᠧᠩ᠂ ᠮᠣᠩᠭᠤᠯ ᠭᠡᠷ ᠤᠨ ᠳᠦᠷᠰᠦ |
ᠪᠦᠲᠦᠭᠡᠯᠲᠡ ᠪᠦᠬᠦᠢ ᠵᠢᠦᠢ ᠶᠠᠨ ᠤ ᠵᠦᠴᠦᠭᠡ ᠶᠢᠨ ᠲᠠᠯᠠᠪᠠᠶ ᠳᠤ ᠬᠦᠷᠴᠦ ᠢᠷᠡᠬᠦ ᠳᠤ᠂ ᠥᠪᠥᠷ ᠮᠣᠩᠭᠤᠯ ᠤᠨ |
ᠥᠩᠭᠡ ᠢᠯᠭᠠᠷᠠᠭᠰᠠᠨ ᠰᠣᠶᠣᠯ ᠤᠨ ᠶᠢᠷᠲᠢᠨᠴᠦ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠤᠨ |
ᠰᠤᠨᠢᠷᠬᠠᠯ ᠢ ᠲᠠᠲᠠᠬᠤ ᠪᠠᠷ ᠪᠡᠯᠡᠬᠡᠨ ᠪᠤᠯᠤᠭᠠᠳ ᠪᠠᠶᠢᠯ᠎ᠠ᠃ 10 ᠳ᠋ᠤᠭᠠᠷ ᠰᠠᠷ᠎ᠠ ᠶᠢᠨ 1 ᠤ ᠡᠳᠦᠷ ᠠᠴᠠ 31 ᠤ |
ᠡᠳᠦᠷ ᠪᠣᠯᠲᠠᠯ᠎ᠠ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠪᠣᠯᠣᠨ ᠠᠯᠠᠱᠠ ᠶᠢᠨ ᠡᠵᠡᠨ᠎ᠡ |
ᠬᠤᠰᠢᠭᠤᠨ ᠤ ᠬᠠᠮᠲᠤᠷᠠᠨ ᠪᠦᠲᠦᠭᠡᠭᠰᠡᠨ ᠲᠣᠮᠣ ᠬᠡᠯᠪᠡᠷᠢ ᠶᠢᠨ ᠪᠡᠶᠡᠴᠢᠯᠡᠨ ᠣᠶᠢᠯᠠᠭᠠᠬᠤ ᠮᠠᠶ᠋ᠢᠭ ᠤᠨ |
ᠦᠨᠳᠦᠰᠦᠲᠡᠨ ᠤ ᠳᠠᠭᠤᠤ ᠪᠥᠵᠢᠭ ᠤᠨ ᠦᠵᠡᠭᠦᠯᠭᠡ ︽ᠡᠵᠡᠨ᠎ᠡ︾ ᠵᠢᠤᠢ ᠶᠠᠨ ᠵᠦᠴᠦᠭᠡ ᠶᠢᠨ ᠲᠢᠶᠠᠲᠷ ᠲᠤ |
ᠭᠤᠶᠢᠳᠠ ᠰᠠᠶᠢᠬᠠᠨ ᠲᠣᠭᠯᠠᠪᠠ᠃ |
ᠪᠦᠬᠦ ᠲᠠᠯᠠᠪᠠᠶ ᠶᠢᠨ ᠲᠣᠭᠯᠠᠯᠲᠠ ᠶᠢᠨ ᠳᠤᠮᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠠᠷᠪᠠᠨ ᠲᠠᠪᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ |
ᠢᠨᠵᠧᠨᠧᠷᠢᠩ︾ ᠤᠨ ᠱᠠᠩᠨᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠤᠷᠠᠯᠢᠭ ᠤᠨ ︽ᠰᠠᠷᠠᠨ᠎ᠠ︾ ᠱᠠᠩᠨᠠᠯ ᠤᠨ ᠪᠥᠵᠢᠭ ᠤᠨ ᠪᠦᠲᠦᠭᠡᠯ ᠤᠨ ᠱᠠᠩᠨᠠᠯ ᠵᠡᠷᠭᠡ ᠣᠯᠠᠨ |
ᠱᠠᠩᠨᠠᠯ ᠢ ᠭᠥᠷᠳᠡᠭᠰᠡᠨ ᠦᠵᠡᠭᠳᠡᠯᠲᠦ ᠪᠥᠵᠢᠭ ︽ᠱᠠᠬ᠎ᠠ ᠱᠠᠬ᠎ᠠ︾ ᠪᠠᠶᠢᠬᠤ ᠪᠠᠷ ᠪᠠᠷᠠᠬᠤ ᠦᠭᠡᠢ᠂ ᠪᠠᠰᠠ |
ᠳᠥᠷᠪᠡᠳᠦᠭᠡᠷ ᠬᠤᠭᠤᠴᠠᠭᠠᠨ ᠤ ᠮᠣᠰᠺᠸᠠ ᠶᠢᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠼᠢᠷᠺ ᠤᠨ |
ᠤᠷᠤᠯᠳᠤᠭᠠᠨ ᠤ ᠠᠯᠲᠠᠨ ᠱᠠᠩᠨᠠᠯ᠂ ᠹᠷᠠᠨᠼᠢ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ |
ᠤᠷᠠᠯᠢᠭ ᠤᠨ ᠪᠠᠶᠠᠷ ᠤᠨ ᠠᠯᠲᠠᠨ ᠱᠠᠩᠨᠠᠯ᠂ 42 ᠳ᠋ᠤᠭᠠᠷ ᠬᠤᠭᠤᠴᠠᠭᠠᠨ ᠤ ᠮᠤᠨᠲ᠋ᠧ ᠺᠠᠷᠯᠤ᠋ ᠶᠢᠨ ︽ ᠬᠦᠷᠡᠯ |
ᠬᠤᠳᠣᠭᠤᠴᠢᠨ︾ ᠱᠠᠩᠨᠠᠯ ᠵᠡᠷᠭᠡ ᠱᠠᠩᠨᠠᠯ ᠢ ᠭᠥᠷᠳᠡᠭᠰᠡᠨ ᠪᠥᠭᠡᠳ ᠭᠢᠨᠢᠰ ᠤᠨ ᠳᠡᠯᠡᠬᠡᠢ ᠶᠢᠨ ᠲᠡᠮᠳᠡᠭᠯᠡᠯ ᠢ |
ᠡᠭᠦᠳᠦᠭᠰᠡᠨ ᠥᠪᠥᠷ ᠮᠣᠩᠭᠤᠯ ᠤᠨ ᠤᠷᠠᠯᠢᠭ ᠵᠥᠴᠥᠭᠡ ᠶᠢᠨ ᠬᠦᠷᠢᠶᠡᠯᠡᠩ ᠤᠨ ᠼᠢᠷᠺ ᠤᠨ ᠪᠦᠯᠬᠦᠮ ᠤᠨ ᠰᠣᠳᠣᠨ |
ᠲᠣᠭᠯᠠᠯᠲᠠ ︽ᠥᠨᠳᠥᠷ ᠲᠡᠷᠭᠡ ᠠᠴᠠ ᠠᠶᠠᠭ᠎ᠠ ᠨᠢᠰᠭᠡᠬᠦ ᠨᠢ︾ ᠵᠡᠷᠭᠡ ᠪᠣᠶ᠃ |
ᠲᠣᠮᠣ ᠬᠡᠯᠪᠡᠷᠢ ᠶᠢᠨ ᠪᠡᠶᠡᠴᠢᠯᠡᠨ ᠣᠶᠢᠯᠠᠭᠠᠬᠤ ᠮᠠᠶ᠋ᠢᠭ ᠤᠨ ᠦᠨᠳᠦᠰᠦᠲᠡᠨ ᠤ ᠳᠠᠭᠤᠤ ᠪᠥᠵᠢᠭ ᠤᠨ |
ᠦᠵᠡᠭᠦᠯᠭᠡ ︽ᠡᠵᠡᠨ᠎ᠡ︾ ᠶᠢ ᠲᠣᠭᠯᠠᠵᠤ ᠡᠬᠢᠯᠡᠭᠰᠡᠨ ᠠᠴᠠ ᠨᠠᠭᠠᠰᠢ᠂ ᠰᠣᠩᠭᠤᠳᠠᠭ᠂ ᠤᠯᠠᠮᠵᠢᠯᠠᠯᠲᠤ᠂ ᠴᠤᠯ |
ᠤᠮᠠᠷᠠᠲᠤ ᠶᠢᠨ ᠰᠣᠶᠣᠯ ᠢᠶᠠᠷ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠳ᠋ᠧᠩ ᠭᠡᠷᠡᠯ᠂ ᠪᠥᠵᠢᠭ ᠵᠢᠷᠤᠭ ᠤᠨ |
ᠮᠡᠷᠭᠡᠵᠢᠯ ᠤᠨ ᠠᠷᠭ᠎ᠠ ᠪᠠᠷᠢᠯ ᠪᠣᠯᠣᠨ ᠣᠳᠣᠬᠢᠴᠢᠯᠠᠭᠰᠠᠨ ᠲᠠᠶᠢᠰᠠᠨ ᠤ ᠤᠷᠠᠯᠢᠭ ᠤᠨ ᠴᠠᠭ ᠤᠨ ᠥᠩᠭᠡ ᠶᠢᠨ |
ᠢᠯᠡᠳᠬᠡᠯ ᠲᠠᠢ ᠤᠶᠠᠯᠳᠤᠭᠤᠯᠤᠨ᠂ ᠣᠬᠤᠷᠬᠠᠨ 60 ᠮᠢᠨᠦ᠋ᠲ ᠤᠨ ᠲᠣᠭᠯᠠᠯᠲᠠ ᠶᠢᠨ ᠤᠷᠬᠢᠯ ᠥᠷᠨᠢᠯᠲᠡ ᠶᠢ |
ᠲᠠᠰᠤᠷᠠᠯᠲᠠ ᠦᠭᠡᠢ ᠨᠡᠮᠡᠭᠳᠡᠭᠦᠯᠵᠦ᠂ ᠣᠷᠣᠨ ᠨᠤᠲᠤᠭ ᠤᠨ ᠮᠡᠳᠡᠷᠡᠮᠵᠢ᠂ ᠴᠠᠭ ᠤᠨ ᠥᠩᠭᠡ ᠶᠢᠨ ᠮᠡᠳᠡᠷᠡᠮᠵᠢ᠂ |
ᠪᠡᠶᠡᠴᠢᠯᠡᠨ ᠣᠶᠢᠯᠠᠭᠠᠬᠤ ᠮᠡᠳᠡᠷᠡᠮᠵᠢ᠂ ᠰᠣᠭᠲᠣᠭᠤᠷᠠᠬᠤ ᠮᠡᠳᠡᠷᠡᠮᠵᠢ ᠶᠢ ᠪᠦᠷᠢᠳᠦᠬᠦᠯᠦᠭᠰᠡᠨ ᠬᠦᠷ ᠬᠥᠭᠵᠢᠶᠡᠨᠲᠦ |
ᠲᠣᠭᠯᠠᠯᠲᠠ ᠶᠢ ᠴᠤᠭᠴᠠᠯᠠᠵᠠᠢ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠣᠭᠯᠠᠭᠴᠢᠳ |
ᠤᠨ ︽ᠨᠢᠭᠡ ᠳᠤ ᠮᠡᠷᠭᠡᠰᠢᠵᠦ ᠤᠯᠠᠨ ᠳᠤ ᠴᠠᠭᠠᠷᠠᠬᠤ︾ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ |
ᠭᠤᠶᠢᠳᠠ ᠰᠠᠶᠢᠬᠠᠨ ᠲᠣᠭᠯᠠᠯᠲᠠ ᠪᠠᠷ ᠤᠯᠠᠨ ᠤ ᠮᠠᠭᠲᠠᠭᠠᠯ ᠰᠠᠶᠢᠰᠢᠶᠠᠯ ᠢ ᠤᠯᠵᠠᠢ᠃ ᠲᠣᠭᠯᠠᠯᠲᠠ ᠲᠠᠷᠬᠠᠭᠰᠠᠨ ᠤ |
ᠳᠠᠷᠠᠭ᠎ᠠ ᠦᠵᠡᠭᠴᠢᠳ ᠨᠡᠩ ᠴᠤ ᠰᠠᠯᠬᠤ ᠳᠤᠷ᠎ᠠ ᠦᠭᠡᠢ ᠪᠣᠯᠵᠤ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠢᠶᠠᠷ |
ᠳᠠᠬᠢᠨ ᠲᠣᠭᠯᠠᠬᠤ ᠶᠢ ᠬᠦᠰᠡᠨ ᠬᠦᠯᠢᠶᠡᠵᠦ ᠪᠠᠶᠢᠯ᠎ᠠ᠃ |