|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ﹇2024﹈ 175 ᠳ᠋ᠤᠭᠠᠷ ᠲᠣᠭᠠᠲᠤ |
︽ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ |
ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠤᠨ |
ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ |
ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ |
ᠲᠠᠨ ᠤ ᠬᠤᠲᠠ ᠶᠢᠨ ︽ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠵᠠᠷ ᠰᠢᠷᠣᠢ |
ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – |
2024 ᠣᠨ︶ ᠢ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠬᠦᠬᠡᠬᠤᠲᠠ ᠵᠠᠰᠠᠭ ᠲᠠᠷᠬᠠᠭᠠᠭᠰᠠᠨ ﹇2024﹈ |
203 ᠳ᠋ᠤᠭᠠᠷ ᠲᠣᠭᠠᠲᠤ︶ ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ |
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ |
ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠬᠦᠬᠡᠬᠤᠲᠠ ᠶᠢᠨ ᠬᠤᠲᠣᠩ ᠠᠷᠠᠳ ᠤᠨ |
ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ |
ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠨᠢ ︽ᠪᠦᠭᠦᠳᠡ ᠨᠠᠶᠢᠷᠠᠮᠳᠠᠬᠤ ᠳᠤᠮᠳᠠᠳᠤ |
ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ |
ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇2023﹈ 7 ᠳ᠋ᠤᠭᠠᠷ |
ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ |
ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ |
ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠬᠦ ᠪᠣᠯᠬᠤᠷ᠂ ︽ |
ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ |
ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠢ ᠵᠠᠷᠴᠢᠮ |
ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ |
2024 ᠣᠨ ᠤ 9 ᠳ᠋ᠦ᠋ᠭᠡᠷ ᠰᠠᠷ᠎ᠠ ᠶᠢᠨ 12 ᠤᠨ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
|
|
|
|
|
|
|
|
|
᠁ |