ᠵᠠᠷᠤᠳ ᠬᠤᠰᠢᠭᠤ ᠰᠢᠨ᠎ᠡ ᠶᠢ ᠡᠭᠦᠳᠴᠦ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠤᠯᠠᠮᠵᠢᠯᠠᠨ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/10/24
ᠣᠶᠢᠷ᠎ᠠ ᠶᠢᠨ ᠵᠢᠯ ᠠᠴᠠ ᠨᠠᠭᠠᠰᠢ᠂ ᠵᠠᠷᠤᠳ ᠬᠤᠰᠢᠭᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠭᠤᠯᠤᠭᠳᠠᠬᠤᠨ ᠪᠣᠯᠣᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠳᠠ ᠶᠢᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠤᠰᠢᠭᠤᠨ ᠤ ᠨᠠᠮ ᠤᠨᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠣᠯ ᠠᠵᠢᠯ ᠳᠠᠭᠠᠨ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠵᠤ᠂ᠲᠡᠦᠬᠡ ᠶᠢᠨ ᠳᠤᠷᠠᠰᠬᠠᠯᠲᠤ ᠵᠦᠢᠯ ᠪᠣᠯᠣᠨ ᠰᠣᠶᠣᠯ ᠤᠨ ᠥᠪ ᠢ ᠠᠭᠤᠳᠠᠯᠬᠤ᠂ ᠤᠯᠠᠮᠵᠢᠯᠠᠬᠤ᠂ ᠠᠭᠤᠰᠤᠯᠴᠠᠭᠤᠯᠬᠤ ᠲᠠᠯ᠎ᠠ ᠪᠠᠷ ᠬᠦᠴᠦ ᠣᠷᠣᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠲᠠᠰᠤᠷᠠᠯᠳᠡ ᠦᠭᠡᠢ ᠠᠬᠢᠭᠤᠯᠵᠠᠢ᠃ ᠭᠦᠨ ᠠᠭᠤᠳᠠᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ︽ᠭᠤᠶᠢᠳᠠ ᠰᠠᠶᠢᠬᠠᠨ ︾ ᠳᠡᠯᠭᠡᠨ ᠦᠵᠡᠭᠦᠯᠪᠡ᠃ ︽ᠬᠠᠮᠠᠭᠠᠯᠠᠬᠤ ᠪᠠᠷ ᠭᠤᠣᠯ ᠪᠤᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠢ ᠪᠠᠷ ᠠᠰᠢᠭᠯᠠᠬᠤ᠂ ᠤᠯᠠᠮᠵᠢᠯᠠᠨ ᠬᠥᠭᠵᠢᠭᠦᠯᠬᠦ︾ ᠠᠵᠢᠯ ᠤᠨ ᠴᠢᠭᠯᠡᠯᠲᠡ ᠶᠢ ᠪᠠᠷᠢᠮᠲᠠᠯᠠᠨ᠂ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ᠂ ᠰᠤᠳᠤᠯᠤᠨ ᠲᠠᠶᠢᠯᠪᠤᠷᠢᠯᠠᠬᠤ ᠵᠡᠷᠭᠡ ᠰᠠᠭᠤᠷᠢ ᠴᠢᠨᠠᠷᠲᠠᠢ ᠠᠵᠢᠯ ᠠᠴᠠ ᠭᠠᠷᠳᠠᠵᠤ᠂ ᠲᠡᠦᠬᠡ ᠶᠢᠨ ᠳᠤᠷᠠᠰᠬᠠᠯᠲᠤ ᠵᠦᠢᠯᠪᠠ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠠᠵᠢᠯ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠪᠡ᠃ ᠪᠦᠭᠦ ᠤᠯᠤᠰ ᠤᠨ ᠳᠥᠷᠪᠡᠳᠡᠬᠢ ᠲᠡᠦᠬᠡ ᠵᠢᠨᠲ᠋ᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠤᠨ ᠪᠠᠶᠢᠳᠠᠯ ᠢ ᠲᠣᠳᠣᠷᠬᠠᠢᠣᠶᠢᠯᠠᠭᠠᠬᠤ ᠶᠢᠨ ᠬᠠᠮᠲᠤ᠂ ᠲᠡᠦᠬᠡ ᠶᠢᠨ ᠳᠤᠷᠠᠰᠬᠠᠯᠲᠤ ᠵᠦᠢᠯ ᠢ ᠲᠠᠨᠢᠯᠴᠠᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ 40 ᠬᠡᠰᠡᠭ ᠲᠡᠦᠬᠡ ᠵᠢᠨᠲ᠋ᠤᠷᠠᠰᠬᠠᠯᠲᠤ ᠵᠦᠢᠯ ᠤᠨ ᠲᠡᠮᠳᠡᠭ ᠤᠨ ᠬᠥᠰᠢᠶ᠎ᠡ ᠪᠠ ᠲᠣᠳᠣᠷᠬᠠᠶᠢᠯᠠᠯᠲᠠ ᠶᠢᠨ ᠫᠠᠶᠢᠰᠠ ᠶᠢ ᠳᠠᠭᠢᠨ ᠪᠣᠰᠬᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷᠲ᠋ᠦ᠋ᠪᠰᠢᠨ ᠤ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠪᠠ ᠣᠯᠠᠨ ᠲᠦᠮᠡᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠦᠵᠡᠯ ᠤᠬᠠᠮᠰᠠᠷ ᠢᠤᠯᠠᠮ ᠨᠢᠭᠡ ᠠᠯᠬᠤᠮ ᠳᠡᠭᠡᠭᠰᠢᠯᠡᠭᠦᠯᠪᠡ᠃ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯ ᠪᠠ ᠪᠠᠭᠤᠷᠢ ᠶᠢ ᠰᠤᠳᠤᠯᠤᠨ ᠲᠠᠶᠢᠯᠪᠤᠷᠢᠯᠠᠬᠤ ᠠᠵᠢᠯ ᠢᠦᠷᠭᠦᠯᠵᠢᠯᠡᠨ ᠰᠠᠶᠢᠲᠤᠷ ᠬᠢᠵᠦ᠂ ᠡᠮᠦᠨ᠎ᠡ ᠪᠤᠯᠠᠬᠲᠤ ᠶᠢᠨ ᠲᠡᠦᠬᠡ ᠠᠴᠠ ᠡᠮᠦᠨᠡᠬᠢ ᠦᠯᠡᠳᠡᠭᠳᠡᠯ ᠪᠠᠭᠤᠷᠢ ᠪᠠᠷ ᠭᠤᠣᠯ ᠪᠤᠯᠭᠠᠵᠤ᠂ ᠬᠠᠷᠢᠶ᠎ᠠ ᠣᠷᠣᠨ ᠤ ᠵᠠᠭᠤ ᠭᠠᠷᠤᠢᠡᠷᠲᠡᠨ ᠤ ᠬᠤᠳᠠ ᠶᠢᠨ ᠪᠠᠭᠤᠷᠢ ᠶᠢᠨ ᠲᠣᠭᠤᠷᠢᠨ ᠳᠤ᠂ ᠬᠠᠭᠤᠴᠢ ᠰᠤᠳᠤᠯᠤᠯ ᠤᠨ ᠮᠠᠲ᠋ᠧᠷᠢᠶᠠᠯ ᠵᠢᠴᠢ ᠰᠤᠷᠪᠤᠯᠵᠢ ᠪᠢᠴᠢᠭ ᠤᠨ ᠲᠡᠮᠳᠡᠭᠯᠡᠯ ᠲᠠᠢ ᠤᠶᠠᠯᠳᠤᠭᠤᠯᠤᠨ ᠲᠡᠦᠬᠡ ᠶᠢᠨ ᠮᠡᠳᠡᠭᠡ ᠵᠠᠩᠭᠢ ᠶᠢ ᠨᠢ ᠲᠣᠳᠣᠷᠬᠠᠶᠢᠯᠠᠨ ᠲᠠᠶᠢᠯᠪᠤᠷᠢᠯᠠᠵᠤ᠂ ᠤᠨᠤᠯ ᠤᠨ ᠰᠤᠳᠤᠯᠭᠠᠨ ᠤ ᠦᠷ᠎ᠡ ᠪᠦᠲᠦᠭᠡᠯ ︽ᠵᠠᠷᠤᠳ ᠤᠨ ᠡᠷᠲᠡᠨ ᠤ ᠬᠤᠳᠠ ᠶᠢᠨ ᠪᠠᠭᠤᠷᠢ ᠶᠢᠨ ᠪᠠᠶᠢᠴᠠᠭᠠᠯᠲᠠ ᠪᠠ ᠰᠤᠳᠤᠯᠭᠠᠨ︾ ᠢ ᠪᠦᠷᠢᠯᠳᠦᠭᠦᠯᠵᠦ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠰᠤᠳᠤᠯᠭᠠᠨ ᠳᠤ ᠬᠦᠴᠦᠲᠡᠢᠲ᠋ᠤᠯᠭᠠᠭᠤᠷᠢᠯᠠᠯ ᠬᠠᠩᠭᠠᠪᠠ᠃ ᠬᠠᠮᠠᠭᠠᠯᠠᠯᠲᠠ ᠶᠢᠨ ᠦᠨ᠎ᠡ ᠦᠷᠳᠡᠭ ᠲᠠᠢ ᠡᠬᠢ ᠪᠠᠶᠠᠯᠢᠭ ᠢ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠡᠮᠬᠢ ᠵᠢᠷᠤᠮ ᠲᠠᠢ ᠪᠠᠷᠣᠷᠣᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠣᠶᠣᠯ ᠤᠨ ᠥᠪ ᠤᠨ ᠲᠠᠩᠰᠠ ᠡᠪᠬᠡᠮᠡᠯ ᠪᠠ ᠳ᠋ᠠᠶᠢᠲ᠋ᠠ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠪᠡ᠃ᠤᠳᠤ ᠵᠠᠷᠤᠳ ᠬᠤᠰᠢᠭᠤᠨ ᠳᠤ ᠠᠯᠲᠠᠨ ᠤᠯᠤᠰ ᠤᠨ ᠬᠡᠷᠡᠮ ᠤᠨ ᠪᠠᠭᠤᠷᠢ 88 ᠺᠢᠯᠣᠮᠧᠲᠷ ᠪᠠᠶᠢᠵᠤ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤᠵᠦ᠋ᠢᠯ 393 ᠬᠤᠪᠢ᠂ ᠰᠢᠯᠵᠢᠭᠦᠯᠵᠦ ᠪᠤᠯᠬᠤ ᠲᠡᠦᠬᠡ ᠶᠢᠨ ᠳᠤᠷᠠᠰᠬᠠᠯᠲᠤ ᠵᠦᠢᠯ 5264 ᠢᠵᠢ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠦᠨᠲ᠋ᠥ᠋ᠯᠥᠭᠡᠯᠡᠬᠦ ᠴᠢᠨᠠᠷᠲᠠᠢ ᠲᠥᠷᠥᠯ ᠵᠦᠢᠯ 1 ᠬᠤᠪᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢᠲ᠋ᠥ᠋ᠷᠥᠯ ᠵᠦᠢᠯ 7 ᠬᠤᠪᠢ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ 1ᠨᠡᠷᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ 15 ᠨᠡᠷᠡᠰ ᠪᠤᠶ᠃ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠤ᠂ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ︽ᠠᠮᠢᠯᠠᠭᠤᠯᠪᠠ︾᠃ ᠰᠣᠶᠣᠯ ᠤᠨ ᠣᠷᠳᠣᠨ᠂ᠨᠣᠮ ᠤᠨ ᠰᠠᠩ᠂ ᠮᠦᠽᠧᠢ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠰᠢᠷᠢᠰ ᠣᠨᠴᠠᠯᠢᠭᠲᠤ ᠠᠵᠢᠯᠯᠠᠭ᠎ᠠ ᠶᠢ ᠥᠷᠨᠢᠭᠦᠯᠵᠦ᠂ ᠨᠣᠮ ᠤᠨ ᠰᠠᠩ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢᠨ ︽ᠰᠣᠶᠣᠯ ᠤᠨ ᠦᠵᠡᠰᠭᠦᠯᠡᠩ ᠢ ᠵᠡᠷᠭᠡ ᠪᠠᠷ ᠬᠥᠭᠵᠢᠭᠦᠯᠬᠦ︾ ᠶᠢᠨ ᠰᠢᠨ᠎ᠡ ᠶᠢ ᠡᠭᠦᠳᠴᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠤᠷᠭᠠᠭᠤᠯᠢ ᠶᠢᠨ ᠬᠦᠷᠢᠶᠡᠨ ᠳ᠋ᠦᠣᠷᠣᠭᠤᠯᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠢ ᠮᠦᠽᠧᠢ ᠳᠤ ᠣᠷᠣᠭᠤᠯᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠲᠤ ᠰᠠᠭᠤᠷᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠨᠬᠥ᠋ᠮᠦᠵᠢᠯ ᠵᠢᠭᠠᠨ ᠰᠤᠷᠭᠠᠯᠲᠠ ᠶᠢᠨ ᠪᠦᠭᠦ ᠶᠠᠪᠤᠴᠠ ᠳᠤ ᠠᠭᠤᠰᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠠᠷ᠎ᠠ᠂ ᠳᠤᠮᠳᠠᠳᠤ ᠶᠢᠨ ᠰᠣᠩᠭᠤᠳᠠᠭᠵᠣᠬᠢᠶᠠᠯ ᠢ ᠤᠩᠰᠢᠬᠤ ᠤᠷᠤᠯᠳᠤᠭᠠᠨ᠂ ᠳᠤᠮᠳᠠᠳᠤ ᠶᠢᠨ ᠰᠢᠯᠦᠭ ᠳᠠᠭᠤᠯᠠᠯ ᠤᠨ ᠰᠣᠶᠣᠯ ᠢ ᠰᠣᠨᠢᠷᠬᠠᠬᠤ ᠤᠷᠤᠯᠳᠤᠭᠠᠨ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠢᠥᠷᠨᠢᠭᠦᠯᠵᠦ᠂ ᠰᠤᠷᠤᠬᠴᠢᠳ ᠤᠨ ᠰᠣᠶᠣᠯ ᠤᠨ ᠲᠠᠨᠢᠯᠲᠠ᠂ ᠰᠣᠶᠣᠯ ᠤᠨ ᠤᠬᠠᠮᠰᠠᠷ᠂ ᠰᠣᠶᠣᠯ ᠤᠨ ᠢᠲᠡᠭᠡᠯ ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠵᠢᠨᠰᠢᠯᠢᠳᠡᠭ ᠤᠯᠠᠮᠵᠢᠯᠠᠯᠲᠤ ᠰᠣᠶᠣᠯ ᠢ ᠵᠠᠯᠠᠭᠤᠴᠤᠳ ᠪᠠᠭᠠᠴᠤᠳ ᠤᠨ ᠳᠤᠮᠳᠠ ᠠᠮᠢᠳᠤᠯᠢᠭ ᠢᠶᠠᠷ ᠤᠯᠠᠮᠵᠢᠯᠠᠬᠤ ᠶᠢ ᠠᠬᠢᠭᠤᠯᠪᠠ᠃ ᠪᠣᠳᠠᠰ ᠤᠨ ᠪᠤᠰᠤ ᠰᠣᠶᠣᠯ ᠤᠨᠥᠪ ᠤᠨ ︽ᠲᠣᠰᠬᠤᠨ ᠤ ᠦᠳᠡᠰᠢᠯᠡᠭᠡ︾ ᠵᠢᠴᠢ ᠥᠯᠢᠭᠡᠷ᠂ ᠤᠷᠲᠤ ᠶᠢᠨ ᠳᠠᠭᠤᠤ᠂ ᠬᠠᠳᠬᠤᠮᠠᠯ᠂ ᠪᠠᠷ ᠵᠢᠷᠤᠭ ᠵᠡᠷᠭᠡ ᠤᠷᠤᠯᠳᠤᠭᠠᠨ ᠤ ᠠᠵᠢᠯᠯᠠᠭ᠎ᠠ ᠶᠢ ᠡᠷᠭᠢᠯᠡᠵᠦ᠂ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ︽ ᠬᠤᠷᠴᠢᠨ ᠤ ᠬᠤᠪᠴᠠᠰᠤ ᠵᠠᠰᠠᠯ︾ ᠤᠨ ᠪᠣᠯᠪᠠᠰᠤᠷᠠᠯ ᠤᠨ ᠠᠩᠭᠢ᠂ ᠤᠷᠠᠨ ᠡᠵᠢ ᠶᠢᠨ ᠭᠠᠷ ᠤᠷᠠᠯᠠᠯ ᠤᠨ ᠨᠡᠬᠡᠮᠡᠯ ᠤᠨ ᠪᠣᠯᠪᠠᠰᠤᠷᠠᠯ ᠤᠨ ᠠᠩᠭᠢ ᠵᠡᠷᠭᠡ ᠠᠵᠢᠯᠯᠠᠭ᠎ᠠ ᠶᠢ ᠡᠷᠭᠢᠯᠡᠭᠦ ᠪᠡᠷᠲ᠋ᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠪᠠ᠃ ᠵᠠᠷᠤᠳ ᠤᠨ ᠤᠯᠠᠨ ᠨᠡᠶᠢᠲᠡ ᠶᠢᠨ ᠲᠠᠪᠴᠠᠩ ᠳ᠋ᠤ᠋ᠲ᠋ᠦ᠋ᠰᠢᠭᠯᠡᠨ ︽ᠲᠡᠦᠬᠡ ᠶᠢᠨ ᠳᠤᠷᠠᠰᠬᠠᠯᠲᠤ ᠵᠦᠢᠯᠡᠰ ᠤᠨ ᠠᠷᠤ ᠳᠠᠬᠢ ᠦᠯᠢᠭᠡᠷ ᠢ ᠥᠭᠦᠯᠡᠬᠦ ᠨᠢ︾ ᠭᠡᠬᠦ ᠪᠢᠴᠢᠯ ᠤᠬᠠᠭᠤᠯᠭ᠎ᠠ ᠶᠢᠨ ᠪᠤᠯᠤᠩ ᠭᠠᠷᠭᠠᠵᠤ᠂ ︽ᠲᠠᠬᠢᠶᠠᠨ ᠰᠡᠴᠢᠭᠲᠦ ᠳᠡᠪᠦᠷ᠎ᠡ︾᠂︽ᠮᠤᠤᠦ᠌ᠬᠢᠨ ᠤ ᠠᠯᠪᠠᠨ ᠪᠢᠴᠢᠭ ᠤᠨ ᠪᠣᠭᠴᠣ︾᠂ ︽ᠴᠤᠭᠤᠷ︾᠂︽ᠠᠯᠳᠠᠷᠲᠤ ᠬᠤᠭᠤᠷᠴᠢ ᠫᠠᠵᠠᠢ ᠶᠢᠨ ᠲᠦᠷᠪᠡᠨ ᠤᠲᠠᠰᠤᠲᠤᠬᠤᠭᠤᠷ︾ ᠵᠡᠷᠭᠡ ᠸᠢᠳᠢᠤ᠋ ᠶᠢ ᠰᠢᠩᠭᠡᠭᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠯᠠᠭᠤᠯᠵᠤ︾᠂ ᠳᠤᠮᠳᠠᠳᠤ ᠤᠯᠤᠰ ᠤᠨ ᠦᠯᠢᠭᠡᠷ᠂ ᠵᠠᠷᠤᠳ ᠤᠨᠦᠯᠢᠭᠡᠷ ᠢ ᠰᠠᠶᠢᠬᠠᠨ ᠶᠠᠷᠢᠪᠠ᠃ ᠤᠷᠠᠨ ᠢᠶᠠᠷ ᠠᠭᠤᠰᠤᠯᠴᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠪᠣᠯᠣᠨ ᠰᠣᠶᠣᠯ ᠤᠨ ᠥᠪ ᠤᠨ ︽ ᠬᠡᠭᠡᠨᠴᠢᠷ ᠰᠠᠶᠢᠬᠠᠨ ᠬᠤᠪᠢᠷᠠᠯᠲᠠ︾ ᠵᠢᠪᠡᠶᠡᠯᠡᠭᠦᠯᠪᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠡᠷᠡᠭᠯᠡᠬᠦ ᠪᠠᠷ ᠪᠠᠲᠤᠯᠠᠬᠤ ᠶᠢ ᠠᠬᠢᠭᠤᠯᠬᠤ ᠵᠠᠷᠴᠢᠮ ᠢ ᠪᠠᠷᠢᠮᠲᠠᠯᠠᠵᠤ᠂ ᠲᠡᠦᠬᠡ ᠵᠢᠨᠲ᠋ᠤᠷᠠᠰᠬᠠᠯᠲᠤ ᠵᠦᠢᠯ ᠪᠠ ᠰᠣᠶᠣᠯ ᠤᠨ ᠥᠪ ᠤᠨ ᠡᠬᠢ ᠪᠠᠶᠠᠯᠢᠭ ᠤᠨ ᠤᠯᠠᠨ ᠳᠠᠪᠬᠤᠷ ᠦᠷᠳᠡᠭ ᠢ ᠭᠦᠨ ᠠᠭᠤᠳᠠᠯᠤᠨ ᠨᠠᠷᠢᠯᠢᠭ ᠠᠭᠤᠳᠠᠯᠵᠤ᠂ ᠥᠷᠭᠡᠨ ᠤᠯᠠᠨᠲ᠋ᠦ᠋ᠮᠡᠨ ᠤ ᠤᠶᠤᠨ ᠰᠠᠨᠠᠭᠠᠨ ᠤ ᠶᠢᠷᠲᠢᠨᠴᠦ ᠳᠤ ᠡᠯᠪᠡᠭ ᠪᠠᠶᠠᠯᠢᠭ ᠰᠢᠮ᠎ᠡ ᠲᠡᠵᠢᠭᠡᠯ ᠬᠠᠩᠭᠠᠬᠤ ᠶᠢ ᠢᠳᠡᠪᠬᠢᠲᠡᠢ ᠬᠠᠶᠢᠨ ᠰᠦᠪᠡᠭᠴᠢᠯᠡᠪᠡ᠃ ᠰᠣᠶᠣᠯ ᠤᠨᠲ᠋ᠣᠭᠠᠴᠢᠯᠠᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂︽ᠰᠣᠶᠣᠯ ᠤᠨ ᠥᠪ ᠤᠨ ᠲᠣᠭᠠᠴᠢᠯᠠᠯᠲᠠ + ᠠᠵᠤ ᠦᠢᠯᠡᠰᠵᠢᠯᠲᠡ︾  ᠶᠢᠨ ᠬᠠᠮᠲᠤ ᠪᠠᠷ ᠬᠥᠭᠵᠢᠬᠦ ᠵᠠᠭᠪᠤᠷ ᠢ ᠰᠦᠪᠡᠭᠴᠢᠯᠡᠵᠦ᠂ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ︿ᠰᠢᠨ᠎ᠡ ᠠᠮᠢᠯᠠᠯ ᠤᠨ ᠪᠠᠶᠢᠳᠠᠯ﹀ ᠳ᠋ᠤ᠋ᠲ᠋ᠣᠭᠠᠴᠢᠯᠠᠯᠳᠠ ᠪᠠᠷ ᠴᠢᠳᠠᠪᠬᠢ ᠣᠯᠭᠤᠬᠤ︾ ᠪᠠᠷ ᠭᠤᠣᠯ ᠰᠡᠳᠦᠪ ᠪᠤᠯᠭᠠᠬᠰᠠᠨ ᠪᠦᠭᠦ ᠤᠯᠤᠰ ᠤᠨ ᠬᠤᠶᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨᠥᠪ ᠤᠨ ᠲᠣᠭᠠᠴᠢᠯᠠᠭᠰᠠᠨ ᠶᠠᠷᠢᠶᠠᠨ ᠤ ᠲᠠᠪᠴᠠᠩ ᠢ ᠳᠠᠭᠠᠭᠠᠴᠢᠯᠠᠨ ᠡᠷᠭᠢᠯᠡᠭᠦ᠂ ︽ᠵᠠᠷᠤᠳ ᠤᠨ ᠰᠠᠭᠤᠭᠳᠠᠯ︾ ᠲᠣᠭᠠᠴᠢᠯᠠᠭᠰᠠᠨ ᠡᠯᠧᠺᠲᠷᠣᠨ ᠬᠤᠳᠠᠯᠳᠤᠭᠠᠨ ᠤ ᠪᠡᠶᠡᠴᠢᠯᠡᠨ ᠣᠶᠢᠯᠠᠭᠠᠬᠤ ᠲᠥᠪ ᠢ ᠡᠵᠡᠩᠨᠡᠬᠦ᠂ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠦᠵᠡᠰᠭᠦᠯᠡᠩ ᠤᠨ ᠣᠷᠳᠣᠨ ᠢ ᠪᠠᠶᠢᠭᠤᠯᠬᠤ ᠵᠡᠷᠭᠡᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠰᠣᠶᠣᠯ ᠤᠨ ᠥᠪ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠪᠠ᠃ ᠵᠠᠷᠤᠳ ᠬᠤᠰᠢᠭᠤᠨ ᠤ ᠤᠯᠠᠮᠵᠢᠯᠠᠯᠲᠤ ᠭᠠᠷ ᠤᠷᠠᠯᠠᠯ ᠤᠨᠪᠦ᠋ᠲᠦᠭᠡᠭᠳᠡᠬᠦᠨ ᠤ ᠦᠵᠡᠭᠦᠯᠭᠡ ᠶᠢᠨ ᠤᠷᠠᠯᠢᠭ ᠤᠨ ᠨᠠᠶᠢᠷ᠂ ᠬᠠᠮᠤᠭ ᠤᠨ ᠭᠤᠶᠣ ᠠᠭᠤᠯᠠᠷᠬᠠᠭ ᠭᠠᠵᠠᠷ ᠤᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ ᠵᠡᠷᠭᠡ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠢᠯ ᠳᠠᠷᠠᠭᠠᠯᠠᠨ ᠡᠷᠭᠢᠯᠡᠭᠦ ᠪᠠᠷ ᠳᠠᠮᠵᠢᠭᠤᠯᠤᠨ᠂ ᠪᠠᠷ ᠵᠢᠷᠤᠭ᠂ ᠠᠷᠠᠰᠤᠨ ᠰᠡᠶᠢᠯᠦᠮᠡᠯ ᠵᠡᠷᠭᠡ ᠪᠣᠳᠠᠰ ᠤᠨᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠪᠣᠶᠢᠵᠢᠭᠤᠯᠵᠤ᠂ ᠰᠣᠶᠣᠯ ᠤᠨ ᠠᠵᠤ ᠦᠢᠯᠡᠰ᠂ ᠬᠠᠮᠢᠶ᠎ᠠ ᠪᠦᠬᠦᠢᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠬᠢᠭᠡᠳ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠰᠣᠶᠣᠯ ᠤᠨ ᠡᠭᠦᠳᠦᠯᠲᠡ ᠵᠢᠨᠪᠦ᠋ᠲᠦᠭᠡᠭᠳᠡᠬᠦᠨ ᠤ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠨᠠᠮᠤᠬᠠᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠪᠠᠰᠣᠶᠣᠯ ᠤᠨ ᠡᠭᠦᠳᠦᠯᠲᠡ ᠶᠢᠨ ᠲᠦᠷᠦᠯ ᠲᠡᠮᠳᠡᠭ ᠢ ᠡᠭᠦᠳᠴᠦ᠂ ︽ᠪᠣᠳᠠᠰ ᠤᠨ ᠪᠤᠰᠤ ᠰᠣᠶᠣᠯ ᠤᠨ ᠥᠪ + ᠰᠣᠶᠣᠯ ᠤᠨ ᠡᠭᠦᠳᠦᠯᠲᠡ︾ ᠶᠢᠨ ᠣᠨᠴᠠᠯᠢᠭ ᠢᠲ᠋ᠣᠪᠤᠶᠢᠯᠭᠠᠨ᠂ ᠦᠨᠦᠷᠲᠦ ᠡᠳ᠋᠂ ᠵᠠᠰᠠᠯ ᠵᠢᠮᠰᠡᠭ᠂ ᠪᠣᠭᠤᠳᠠᠯ ᠪᠠᠭᠯᠠᠭ᠎ᠠ ᠵᠡᠷᠭᠡ ᠵᠠᠭᠤ ᠭᠠᠷᠤᠢ ᠵᠦᠢᠯ ᠤᠨ ᠭᠠᠷ ᠤᠷᠠᠯᠠᠯ ᠤᠨ ᠪᠦᠲᠦᠭᠡᠭᠳᠡᠬᠦᠨ ᠢ ᠵᠢᠷᠤᠭᠯᠠᠨ ᠲᠥᠯᠥᠪᠯᠡᠨᠵᠠᠬ᠎ᠠ ᠳᠡᠯᠭᠡᠭᠦᠷ ᠲᠤ ᠭᠠᠷᠭᠠᠵᠤ᠂ ᠣᠯᠠᠨ ᠲᠦᠮᠡᠨ ᠳᠤ ᠰᠣᠶᠣᠯ ᠤᠨ ᠷᠢᠳᠢ ᠰᠢᠳᠢ ᠶᠢ ᠭᠠᠶᠢᠬᠠᠭᠤᠯᠪᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ
ᠬᠠᠮᠢᠶ᠎ᠠ ᠪᠥᠬᠦᠢ ᠰᠤᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map