4 ᠰᠠᠷ᠎ᠠ ᠶᠢᠨ 23 ᠤ ︽ᠳᠡᠯᠡᠬᠡᠢ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ |
ᠲᠦᠩᠯᠢᠶᠣᠣ ᠬᠤᠲᠠ ᠶᠢᠨ ᠵᠠᠯᠠᠭᠤᠴᠤᠳᠪᠠᠭᠠᠴᠤᠳ ᠤᠨ ᠣᠷᠳᠣᠨ ︽ᠨᠣᠮ ᠪᠢᠴᠢᠭ ᠲᠠᠨ ᠤ ᠦᠰᠦᠨ |
ᠪᠤᠶᠢᠵᠢᠯᠲᠠ ᠳᠤ ᠬᠠᠨᠢ ᠪᠣᠯᠵᠤ ᠤᠶᠤᠨ ᠪᠢᠯᠢᠭ ᠤᠨ ᠭᠡᠷᠡᠯ ᠭᠢᠯᠪᠠᠭ᠎ᠠ ᠶᠢ ᠰᠠᠴᠤᠷᠠᠭᠤᠯᠤᠮᠤᠢ︾ ᠭᠡᠬᠦ ᠵᠠᠯᠠᠭᠤᠴᠤᠳ |
ᠪᠠᠭᠠᠴᠤᠳ ᠤᠨ ᠨᠣᠮ ᠤᠩᠰᠢᠯᠭ᠎ᠠ ᠶᠢᠨ ᠠᠵᠢᠯᠯᠠᠭ᠎ᠠ ᠶᠠᠪᠤᠭᠳᠠᠭᠤᠯᠪᠠ᠃ |
ᠵᠠᠯᠠᠭᠤᠴᠤᠳ ᠪᠠᠭᠠᠴᠤᠳ ᠤᠨ ᠤᠩᠰᠢᠯᠭ᠎ᠠ ᠶᠢᠨ ᠤᠷᠮ᠎ᠠ ᠪᠠᠬ᠎ᠠ ᠪᠠ ᠤᠩᠰᠢᠯᠭ᠎ᠠ ᠶᠢᠨ ᠤᠷᠮ᠎ᠠ ᠵᠣᠷᠢᠭ ᠢ |
ᠤᠯᠠᠮ ᠨᠢᠭᠡ ᠠᠯᠬᠤᠮ ᠬᠥᠭᠵᠢᠭᠡᠨ ᠳᠠᠶᠢᠴᠢᠯᠠᠵᠤ᠂ ᠮᠡᠳᠡᠯᠭᠡ ᠪᠠᠨ ᠪᠠᠶᠠᠯᠢᠭᠵᠢᠭᠤᠯᠤᠨ᠂ ᠬᠠᠷᠠᠭ᠎ᠠ ᠪᠠᠨ ᠥᠷᠭᠡᠳᠬᠡᠵᠦ |
᠂ ᠣᠶᠤᠨ ᠤᠬᠠᠭᠠᠨ ᠢᠶᠠᠨ ᠰᠡᠬᠡᠭᠡᠷᠡᠭᠦᠯᠦᠨ᠂ ᠨᠣᠮ ᠤᠩᠰᠢᠬᠤ ᠬᠠᠪᠤ ᠴᠡᠩᠭᠡᠯ ᠢ ᠡᠳ᠋ᠯᠡᠬᠦ ᠵᠢᠨᠲ᠋ᠥ᠋ᠯᠥᠭᠡ᠂ ᠥᠷᠭᠡᠨ |
ᠣᠯᠠᠨ ᠵᠠᠯᠠᠭᠤᠴᠤᠳ ᠪᠠᠭᠠᠴᠤᠳ ᠤᠨ ᠨᠣᠮ ᠤᠩᠰᠢᠬᠤ ᠤᠷᠮ᠎ᠠ ᠪᠠᠬ᠎ᠠ ᠪᠠᠨ ᠢᠯᠡᠷᠡᠭᠦᠯᠵᠦ᠂ ᠤᠩᠰᠢᠯᠭ᠎ᠠ ᠶᠢᠨ |
ᠳᠠᠳᠬᠠᠯ ᠵᠶ᠋ᠠᠨᠬᠥ᠋ᠮᠥᠵᠢᠭᠦᠯᠬᠦ ᠶᠢ ᠵᠣᠷᠢᠭᠵᠢᠭᠤᠯᠬᠤ ᠶᠢᠨ ᠲᠥᠯᠥᠭᠡ ᠶᠤᠮ᠃ ᠲᠦᠩᠯᠢᠶᠣᠣ ᠬᠤᠲᠠ ᠶᠢᠨ ᠵᠠᠯᠠᠭᠤᠴᠤᠳ |
ᠪᠠᠭᠠᠴᠤᠳ ᠤᠨ ᠣᠷᠳᠣᠨ ᠳᠤ ︽ᠨᠣᠮ ᠪᠢᠴᠢᠭ ᠲᠠᠨ ᠤᠦᠰᠦᠨ ᠪᠤᠶᠢᠵᠢᠯᠲᠠ ᠳᠤ ᠬᠠᠨᠢ ᠪᠣᠯᠵᠤ ᠤᠶᠤᠨ ᠪᠢᠯᠢᠭ ᠤᠨ |
ᠭᠡᠷᠡᠯ ᠭᠢᠯᠪᠠᠭ᠎ᠠ ᠶᠢ ᠰᠠᠴᠤᠷᠠᠭᠤᠯᠤᠮᠤᠢ︾ ᠭᠡᠬᠦ ᠵᠠᠯᠠᠭᠤᠴᠤᠳ ᠪᠠᠭᠠᠴᠤᠳ ᠤᠨ ᠨᠣᠮ ᠤᠩᠰᠢᠬᠤ ᠵᠢᠬᠠᠮᠲᠤ ᠪᠠᠷ |
ᠡᠳ᠋ᠯᠡᠬᠦ ᠴᠤᠭᠯᠠᠭᠠᠨ ᠤ ᠠᠵᠢᠯᠯᠠᠭ᠎ᠠ ᠶᠢ ᠥᠷᠨᠢᠭᠦᠯᠵᠡᠢ᠃ |
ᠠᠵᠢᠯᠯᠠᠭ᠎ᠠ ᠶᠢᠨ ᠳᠤᠮᠳᠠ ᠳᠠᠭᠠᠭᠤᠯᠤᠨ ᠤᠩᠰᠢᠬᠴᠢ ᠠᠴᠠ ᠬᠡᠦᠬᠡᠳ ᠤᠳ ᠲᠤ ︽ᠬᠢᠴᠢᠶᠡᠯ ᠤᠨ |
ᠳᠡᠪᠲᠡᠷ ᠤᠨ ᠳᠠᠭᠠᠤ ᠵᠤᠭᠠᠴᠠᠮᠤᠢ︾ ᠭᠡᠬᠦ ᠨᠣᠮ ᠢ ᠬᠤᠪᠢᠶᠠᠯᠴᠠᠵᠤ᠂ ᠨᠣᠮ ᠤᠨ ᠠᠷᠤ ᠦᠵᠡᠭᠳᠡᠯ᠂ ᠵᠣᠬᠢᠶᠠᠭᠴᠢ ᠶᠢᠨ |
ᠲᠣᠪᠴᠢ ᠲᠠᠨᠢᠯᠴᠠᠭᠤᠯᠭ᠎ᠠ᠂ ᠭᠡᠷᠡᠯ ᠵᠢᠷᠤᠭ ᠢ ᠳᠠᠳᠠᠨ ᠣᠷᠣᠭᠤᠯᠬᠤ ᠵᠡᠷᠭᠡ ᠤᠯᠠᠨ ᠲᠠᠯ᠎ᠠ ᠡᠴᠠᠬᠡᠦᠬᠡᠳ ᠤᠳ ᠲᠤ |
ᠨᠣᠮ ᠪᠢᠴᠢᠭ ᠢ ᠲᠠᠨᠢᠯᠴᠠᠭᠤᠯᠵᠤ ᠥᠭᠴᠡᠢ᠃ |
ᠠᠵᠢᠯᠯᠠᠭ᠎ᠠ ᠳᠤ ᠬᠡᠦᠬᠡᠳ ᠤᠳ ᠢᠳᠡᠪᠬᠢᠲᠡᠢ ᠪᠠᠷ ᠶᠠᠷᠢᠯᠴᠠᠬᠤ ᠪᠠ ᠬᠠᠷᠢᠯᠴᠠᠨ ᠬᠥᠳᠡᠯᠦᠯᠴᠡᠵᠦ᠂ ᠥᠪᠡᠷ ᠤᠨ |
ᠪᠡᠶ᠎ᠡ ᠪᠠᠨ ᠲᠠᠨᠢᠯᠴᠠᠭᠤᠯᠬᠤ ᠪᠤᠶᠤ ᠨᠣᠮᠰᠣᠨᠣᠰᠤᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠪᠠ᠃ |
ᠤᠩᠰᠢᠯᠭ᠎ᠠ ᠶᠢᠨ ᠴᠠᠭ ᠪᠤᠯᠬᠤ ᠳᠤ᠂ ᠬᠡᠦᠬᠡᠳ ᠤᠳ ᠨᠠᠮ ᠵᠢᠮ ᠢᠶᠠᠷ ᠨᠣᠮ ᠤᠩᠰᠢᠬᠤ ᠪᠤᠶᠤᠲ᠋ᠡᠷᠭᠡᠳᠡᠬᠢ |
ᠨᠥᠬᠦᠳ ᠲᠠᠢ ᠪᠠᠨ ᠨᠠᠮ ᠳᠠᠭᠤᠨ ᠢᠶᠠᠷ ᠶᠠᠷᠢᠯᠴᠠᠵᠤ᠂ ᠲᠤᠰ ᠨᠣᠮ ᠠᠴᠠ ᠣᠯᠣᠭᠰᠠᠨ ᠮᠡᠳᠡᠯᠭᠡ ᠪᠠ ᠶᠣᠰᠣ |
ᠤᠴᠢᠷ ᠢᠶᠠᠨ ᠬᠤᠪᠢᠶᠠᠯᠴᠠᠵᠤ ᠪᠠᠶᠢᠯ᠎ᠠ᠃ ᠠᠰᠠᠭᠤᠯᠲᠠ ᠠᠰᠠᠭᠤᠬᠤ ᠴᠠᠭ ᠪᠤᠯᠬᠤ ᠳᠤ᠂ ᠬᠡᠦᠬᠡᠳ ᠤᠳ |
ᠢᠳᠡᠪᠬᠢᠲᠡᠢ ᠪᠠᠷ ᠭᠠᠷ ᠡᠷᠭᠦᠨ ᠥᠪᠡᠷ ᠤᠨ ᠳᠤᠷᠠᠲᠠᠢ ᠨᠢᠭᠡ ᠪᠠᠳᠠᠭ ᠦᠭᠡ ᠪᠠᠨ ᠰᠣᠩᠭᠤᠵᠤ᠂ ᠨᠣᠮ ᠤᠩᠰᠢᠭᠰᠠᠨ |
ᠣᠯᠣᠯᠲᠠ ᠲᠥᠷᠥᠭᠳᠡᠯ ᠢᠶᠠᠨ ᠶᠠᠷᠢᠵᠤ᠂ ᠤᠩᠰᠢᠯᠭ᠎ᠠ ᠶᠢᠨ ᠠᠷᠭ᠎ᠠ ᠪᠠᠨ ᠬᠤᠪᠢᠶᠠᠯᠴᠠᠵᠤ᠂ ᠨᠣᠮ ᠤᠩᠰᠢᠬᠤ |
ᠶᠠᠪᠤᠴᠠ ᠳᠤ ᠥᠪᠡᠷ ᠢ ᠪᠠᠨ ᠲᠠᠰᠤᠷᠠᠯᠲᠠᠦᠭᠡᠢ ᠳᠡᠭᠡᠭᠰᠢᠯᠡᠭᠦᠯᠵᠦ᠂ ᠪᠦᠭᠦ ᠲᠠᠯᠠᠪᠠᠢ ᠶᠢᠨ ᠠᠭᠤᠷ ᠠᠮᠢᠰᠬᠤᠯ ᠡᠮᠬᠢ |
ᠳᠢᠭᠯᠢᠮ ᠲᠠᠢ ᠪᠥᠭᠡᠳ ᠭᠦᠷ ᠬᠥᠭᠵᠢᠶᠡᠨ ᠲᠠᠢ ᠪᠠᠶᠢᠯ᠎ᠠ᠃ |
ᠤᠩᠰᠢᠯᠭ᠎ᠠ ᠶᠢᠨ ᠠᠵᠢᠯᠯᠠᠭ᠎ᠠ ᠲᠡᠭᠦᠰᠦᠭᠰᠡᠨ ᠤ ᠲᠠᠷᠠᠭ᠎ᠠ᠂ ᠬᠡᠦᠬᠡᠳ ᠪᠣᠯᠣᠨ ᠭᠡᠷ ᠤᠨ ᠠᠬᠠᠮᠠᠳ ᠳᠤᠰ |
ᠤᠳᠠᠭ᠎ᠠ ᠶᠢᠨ ᠨᠣᠮ ᠤᠩᠰᠢᠯᠭ᠎ᠠ ᠶᠢᠨ ᠠᠵᠢᠯᠯᠠᠭ᠎ᠠ ᠶᠢ ᠥᠨᠳᠥᠷ ᠦᠨᠡᠯᠡᠵᠦ᠂ ᠠᠭᠤᠯᠭ᠎ᠠ ᠨᠢ ᠭᠤᠶᠢᠳᠠ ᠰᠠᠶᠢᠬᠠᠨ᠂ |
ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠤᠩᠰᠢᠭᠴᠢᠳ ᠢ ᠳᠠᠭᠠᠭᠤᠯᠤᠨ ᠵᠢᠵᠢᠭᠦᠯᠢᠭᠡᠷ ᠤᠳ ᠠᠴᠠ |
ᠭᠠᠷᠳᠠᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠲᠤ ᠠᠮᠢ ᠨᠠᠰᠤᠨ ᠤ ᠡᠷᠬᠢᠮ ᠨᠠᠨᠳᠢᠨ ᠢ ᠭᠦᠨᠵᠡᠭᠡᠢ |
ᠲᠠᠨᠢᠭᠤᠯᠵᠤ᠂ ᠣᠳᠣᠬᠢ ᠪᠠᠶᠢᠳᠠᠯ ᠢᠶᠠᠨ ᠨᠠᠨᠳᠢᠩᠨᠠᠵᠤ᠂ ᠰᠡᠳᠬᠢᠯ ᠲᠠᠯᠪᠢᠨ ᠠᠮᠢᠳᠤᠷᠠᠯ ᠢ ᠣᠶᠢᠯᠠᠭᠠᠵᠤ᠂ ᠰᠣᠶᠣᠯ ᠢ |
ᠮᠡᠳᠡᠷᠡᠵᠦ᠂ ᠰᠡᠳᠬᠢᠯ ᠲᠠᠯᠪᠢᠨ ᠡᠬᠡ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠪᠠ ᠰᠣᠶᠣᠯ ᠢᠷᠭᠡᠨᠰᠢᠯ ᠤᠨ ᠷᠢᠳᠢ |
ᠰᠢᠳᠢ ᠶᠢ ᠣᠶᠢᠯᠠᠭᠠᠬᠤ ᠶᠢ ᠰᠤᠷᠭᠠᠵᠠᠢ ᠭᠡᠵᠦ ᠢᠯᠡᠳᠬᠡᠵᠡᠭᠡᠪᠡ᠃ |
ᠲᠦᠩᠯᠢᠶᠣᠣ ᠬᠤᠲᠠ ᠶᠢᠨ ᠵᠠᠯᠠᠭᠤᠴᠤᠳ ᠪᠠᠭᠠᠴᠤᠳ ᠤᠨ ᠣᠷᠳᠣᠨ ᠤ ᠬᠢᠨ ᠲᠤᠰ ᠤᠳᠠᠭ᠎ᠠ ᠶᠢᠨ ᠨᠣᠮ |
ᠤᠩᠰᠢᠯᠭ᠎ᠠ ᠶᠢᠨ ᠠᠵᠢᠯᠯᠠᠭ᠎ᠠ ᠪᠠᠷ ᠠᠵᠠ ᠲᠣᠭᠢᠶᠠᠯᠪᠤᠯᠭᠠᠵᠤ᠂ ᠵᠠᠯᠠᠭᠤᠴᠤᠳ ᠪᠠᠭᠠᠴᠤᠳ ᠢ ︽ᠨᠣᠮ ᠤᠩᠰᠢᠬᠤ |
ᠳᠤᠷᠠᠲᠠᠢ᠂ ᠬᠠᠷᠢᠯᠴᠠᠨ ᠬᠤᠪᠢᠶᠠᠯᠴᠠᠬᠤ ᠳᠤᠷᠠᠲᠠᠢ᠂ ᠨᠣᠮ ᠤᠩᠰᠢᠵᠤ ᠴᠢᠳᠠᠬᠤ᠂ ᠪᠤᠰᠤᠳ ᠲᠤ᠋ᠬᠤᠪᠢᠶᠠᠯᠴᠠᠵᠤ |
ᠴᠢᠳᠠᠬᠤ︾ ᠰᠠᠶᠢᠨ ᠳᠠᠳᠬᠠᠯ ᠲᠠᠢ ᠪᠤᠯᠭᠠᠵᠤ᠂ ᠨᠣᠮ ᠪᠢᠴᠢᠭ ᠢᠶᠠᠷ ᠥᠪᠡᠷ ᠢ ᠪᠠᠨ ᠲᠡᠭᠦᠯᠳᠡᠷᠵᠢᠭᠦᠯᠵᠦ᠂ ᠪᠠᠭ᠎ᠠ |
ᠨᠠᠰᠤᠨ ᠤ ᠭᠤᠸ᠎ᠠ ᠰᠠᠶᠢᠬᠠᠨ ᠢᠮᠡᠳᠡᠷᠡᠭᠦᠯᠵᠦ᠂ ᠨᠣᠮ ᠤᠩᠰᠢᠬᠤ ᠪᠠᠶᠠᠷ ᠴᠡᠩᠭᠡᠯ ᠢ ᠡᠳ᠋ᠯᠡᠭᠦᠯᠭᠦ ᠪᠠᠷ ᠬᠥᠲᠥᠯᠥᠨ |
ᠳᠠᠭᠠᠭᠤᠯᠪᠠ᠃ |
ᠢᠷᠡᠯᠲᠡ᠄ |
|
|
|
|
|
|
|
|
|
|
᠁ |