ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠ ᠦᠨᠳᠦᠰᠦᠲᠡᠨ ᠤ ᠠᠵᠢᠯ ᠢ ᠴᠢᠩᠭᠠᠳᠬᠠᠨ |
ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ︽ᠳᠤᠮᠳᠠᠳᠤ ᠶᠢᠨ |
ᠡᠯ᠎ᠡ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ᠂ ᠳᠤᠮᠳᠠᠳᠤ ᠶᠢᠨ ᠬᠦᠰᠡᠯ ᠢ ᠬᠠᠮᠲᠤ ᠪᠠᠷ ᠳᠡᠷᠭᠡᠯᠰᠢᠯᠡᠭᠦᠯᠭᠦ |
︾ ᠡᠷᠡᠭᠦᠯ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠥᠯᠥᠭᠡ᠂ ᠮᠥᠨ ᠴᠦ ︽ᠤᠮᠠᠷᠠᠲᠤ |
ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠪᠠᠶᠢᠭᠤᠯᠬᠤ ᠪᠠ ᠮᠠᠨ ᠤ ᠬᠤᠳᠠ ᠶᠢᠨ ᠪᠦᠭᠦ ᠤᠯᠤᠰ ᠤᠨ |
ᠦᠨᠳᠦᠰᠦᠲᠡᠨ ᠤ ᠪᠦᠯᠬᠦᠮᠳᠡᠨ ᠳᠠᠪᠰᠢᠬᠰᠠᠨ ᠵᠢᠱᠢᠶᠡᠴᠢ ᠬᠤᠳᠠ ᠶᠢ ᠪᠦᠲᠦᠭᠡᠨ ᠪᠠᠶᠢᠭᠤᠯᠬᠤ ᠠᠵᠢᠯ ᠳᠤ ᠬᠦᠴᠦᠨ |
ᠨᠡᠮᠡᠷᠢᠯᠡᠬᠦ ᠶᠢᠨ ᠲᠥᠯᠥᠭᠡ᠂ 29 ᠳ᠋ᠦ᠋ᠭᠡᠷ ᠬᠤᠭᠤᠴᠠᠭᠠᠨ ᠤ ︽ᠳᠡᠯᠡᠬᠡᠢ ᠶᠢᠨ ᠨᠣᠮ ᠤᠩᠰᠢᠬᠤ ᠡᠳᠦᠷ︾ ᠬᠦᠷᠴᠦ |
ᠢᠷᠡᠬᠦ ᠲᠠᠰᠢᠷᠠᠮ ᠢᠶᠠᠷ᠂ ᠲᠦᠩᠯᠢᠶᠣᠣ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠦᠩᠯᠢᠶᠣᠣ |
ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠧᠢᠰ ᠲᠣᠪᠴᠢᠶ᠎ᠠ᠂ ᠲᠦᠩᠯᠢᠶᠣᠣ ᠬᠤᠳᠠ ᠶᠢᠨ ᠤᠳᠬ᠎ᠠ |
ᠤᠷᠠᠯᠢᠭ ᠤᠨ ᠬᠢᠨ ᠤ ᠬᠤᠯᠪᠤᠭ᠎ᠠ ᠠᠴᠠ ᠭᠤᠣᠯᠯᠠᠨ ᠡᠷᠭᠢᠯᠡᠵᠤ᠂ ᠲᠦᠩᠯᠢᠶᠣᠣ ᠬᠤᠳᠠ ᠶᠢᠨ ᠨᠣᠮ ᠤᠨ ᠰᠠᠩ᠂ |
ᠲᠦᠩᠯᠢᠶᠣᠣ ᠶᠢᠨ ᠵᠣᠬᠢᠶᠠᠯᠴᠢᠳ ᠤᠨ ᠡᠪᠯᠡᠯ᠂ ᠵᠢᠷᠢᠮ ᠤᠨ ᠤᠷᠠᠨ ᠵᠣᠬᠢᠶᠠᠯ ᠨᠠᠶᠢᠷᠠᠭᠤᠯᠬᠤ ᠬᠡᠯᠲᠡᠰ᠂ ᠲᠦᠩᠯᠢᠶᠣᠣ |
ᠬᠤᠳᠠ ᠶᠢᠨ ᠤᠳᠬ᠎ᠠ ᠵᠣᠬᠢᠶᠠᠯ ᠤᠷᠠᠯᠢᠭ ᠵᠣᠬᠢᠶᠠᠨ ᠪᠦᠲᠦᠭᠡᠬᠦ ᠰᠤᠳᠤᠯᠬᠤ ᠲᠥᠪ᠂ ᠲᠦᠩᠯᠢᠶᠣᠣ ᠶᠢᠨ ᠤᠳᠬ᠎ᠠ |
ᠵᠣᠬᠢᠶᠠᠯ ᠤᠨ ᠤᠷᠠᠨ ᠤᠩᠰᠢᠯᠭ᠎ᠠ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠤᠮᠠᠷᠠᠲᠤ ᠬᠢᠯᠢ ᠶᠢᠨ |
ᠤᠶᠠᠩᠭ᠎ᠠ ᠶᠢᠨ ᠲᠦᠷᠡᠯᠭᠡ ᠦᠵᠡᠰᠬᠦᠯᠡᠩᠲᠦ ᠰᠠᠶᠢᠬᠠᠨ ᠲᠦᠩᠯᠢᠶᠣᠣ ᠶᠢᠨ ᠡᠭᠡᠰᠢᠭ︾ ᠤᠳᠬ᠎ᠠ ᠵᠣᠬᠢᠶᠠᠯ ᠤᠷᠠᠨ |
ᠤᠩᠰᠢᠯᠭ᠎ᠠ ᠶᠢᠨ ᠴᠢᠭᠤᠯᠭᠠᠨ 2024 ᠣᠨ ᠤ 4 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ |
ᠲᠦᠩᠯᠢᠶᠣᠣ ᠬᠤᠳᠠ ᠶᠢᠨ ᠨᠣᠮ ᠤᠨ ᠰᠠᠩ ᠳᠤ ᠠᠮᠵᠢᠯᠲᠠ ᠲᠠᠢ ᠶᠠᠪᠤᠭᠳᠠᠯ᠎ᠠ᠃ |
ᠲᠦᠩᠯᠢᠶᠣᠣ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠳᠤᠭᠤᠶᠢᠯᠠᠩ ᠤᠨ |
ᠭᠡᠰᠢᠭᠦᠨ᠂ ᠳᠡᠳ᠋ ᠲᠡᠷᠢᠭᠦᠯᠡᠭᠴᠢ ᠨᠢᠩ ᠯᠢ ᠰᠢᠨ᠂ ᠱᠠ ᠯᠢ ᠸᠧᠢ᠂ ᠲᠦᠩᠯᠢᠶᠣᠣ ᠬᠤᠳᠠ ᠶᠢᠨ ᠰᠣᠶᠣᠯ |
ᠵᠢᠭᠤᠯᠴᠢᠯᠠᠯ ᠷᠠᠳᠢᠣ᠋ ᠲᠧᠯᠧᠢᠰ ᠲᠣᠪᠴᠢᠶ᠎ᠠ ᠶᠢᠨ ᠤᠷᠠᠯᠢᠭ ᠤᠨ ᠰᠠᠯᠠᠭᠠᠨ ᠤ ᠰᠠᠯᠠᠭᠠᠨ ᠳᠠᠷᠤᠭ᠎ᠠ ᠵᠧᠦ ᠶᠠᠩ᠂ |
ᠲᠦᠩᠯᠢᠶᠣᠣ ᠬᠤᠳᠠ ᠶᠢᠨ ᠨᠣᠮ ᠤᠨ ᠰᠠᠩ ᠤᠨ ᠳᠡᠳ᠋ ᠳᠠᠷᠤᠭ᠎ᠠ ᠭᠤᠤ ᠯᠢ ᠫᠢᠩ᠂ ᠲᠦᠩᠯᠢᠶᠣᠣ ᠶᠢᠨ |
ᠵᠣᠬᠢᠶᠠᠯᠴᠢᠳ ᠤᠨ ᠡᠪᠯᠡᠯ ᠤᠨ ᠲᠡᠷᠢᠭᠦᠯᠡᠭᠴᠢ᠂ ᠲᠦᠩᠯᠢᠶᠣᠣ ᠬᠤᠳᠠ ᠶᠢᠨ ᠤᠳᠬ᠎ᠠ ᠵᠣᠬᠢᠶᠠᠯ ᠤᠷᠠᠯᠢᠭ ᠵᠣᠬᠢᠶᠠᠨ |
ᠪᠦᠲᠦᠭᠡᠬᠦ ᠰᠤᠳᠤᠯᠬᠤ ᠲᠥᠪ ᠤᠨ ᠡᠷᠭᠢᠯᠡᠭᠴᠢ ᠰᠢᠶᠣᠣ ᠶᠦᠡᠭ᠂ ᠵᠢᠷᠢᠮ ᠤᠨ ᠤᠷᠠᠨ ᠵᠣᠬᠢᠶᠠᠯ ᠨᠠᠶᠢᠷᠠᠭᠤᠯᠬᠤ |
ᠬᠡᠯᠲᠡᠰ ᠤᠨ ᠶᠡᠷᠦᠩᠬᠡᠢ ᠨᠠᠶᠢᠷᠠᠭᠤᠯᠤᠭᠴᠢ᠂ ᠲᠦᠩᠯᠢᠶᠣᠣ ᠶᠢᠨ ᠵᠣᠬᠢᠶᠠᠯᠴᠢᠳ ᠤᠨ ᠡᠪᠯᠡᠯ ᠤᠨ ᠨᠠᠮ ᠤᠨ ᠡᠭᠦᠷ ᠤᠨ |
ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠪᠠᠢ ᠶᠢᠨ ᠱᠧᠡᠭ᠂ ᠲᠦᠩᠯᠢᠶᠣᠣ ᠬᠤᠳᠠ ᠶᠢᠨ ᠬᠠᠮ |
ᠵᠠᠭᠤᠴᠢᠯᠠᠭᠤᠷ ᠤᠨ ᠲᠥᠪ ᠤᠨ ᠷᠠᠳᠢᠣ᠋ ᠫᠷᠣᠭ᠍ᠷᠠᠮ ᠤᠨ ᠨᠠᠶᠢᠷᠠᠭᠤᠯᠬᠤ ᠣᠷᠴᠢᠭᠤᠯᠬᠤ ᠬᠡᠯᠲᠡᠰ ᠤᠨ ᠡᠷᠭᠢᠯᠡᠭᠴᠢ ᠢᠦᠢ |
ᠱᠠᠨ᠂ ᠵᠢᠷᠢᠮ ᠤᠨ ᠤᠷᠠᠨ ᠵᠣᠬᠢᠶᠠᠯ ᠤᠨ ᠨᠠᠶᠢᠷᠠᠭᠤᠯᠬᠤ ᠬᠡᠯᠲᠡᠰ ᠤᠨ ᠳᠡᠳ᠋ ᠶᠡᠷᠦᠩᠬᠡᠢ ᠨᠠᠶᠢᠷᠠᠭᠤᠯᠤᠭᠴᠢ ᠪᠠᠢ ᠵᠢᠩ᠂ |
ᠲᠤᠯᠭᠠᠭᠤᠷᠢ᠂ ᠨᠠᠶᠢᠷᠠᠭᠤᠯᠬᠤ ᠭᠡᠷ ᠤᠨ ᠡᠷᠭᠢᠯᠡᠭᠴᠢ ᠪᠤᠶᠠᠨᠲᠤ ᠵᠢᠴᠢ ᠵᠢᠷᠢᠮ ᠤᠨ ᠤᠷᠠᠨ ᠵᠣᠬᠢᠶᠠᠯ ᠨᠠᠶᠢᠷᠠᠭᠤᠯᠬᠤ |
ᠬᠡᠯᠲᠡᠰ ᠤᠨ ᠪᠦᠭᠦ ᠠᠵᠢᠯᠲᠠᠨ ᠪᠠ ᠨᠣᠮ ᠤᠨ ᠪᠠᠭ᠋ᠠᠲᠠᠳ ᠳᠤᠰ ᠴᠢᠭᠤᠯᠭᠠᠨ ᠳᠤ ᠣᠷᠣᠯᠴᠠᠪᠠ᠃ |
ᠳᠤᠰ ᠤᠷᠠᠨ ᠤᠩᠰᠢᠯᠭ᠎ᠠ ᠶᠢᠨ ᠴᠢᠭᠤᠯᠭᠠᠨ ᠳᠤ ᠪ᠊ · ᠵᠣᠷᠢᠭᠲᠤ᠂ ᠶᠠᠨ ᠨᠠᠨ ᠹᠡᠢ᠂ ᠴᠧᠨ ᠰᠠᠷᠠᠨ᠎ᠠ᠂ |
ᠪᠣᠷᠣᠭᠠᠨ᠂ ᠠᠨᠢᠰᠤ᠂ ᠺᠦᠡᠭ ᠴᠢᠩ ᠶᠠᠨ ᠵᠡᠷᠭᠡ ᠮᠠᠨ ᠤ ᠬᠤᠳᠠ ᠶᠢᠨ ᠵᠢᠷᠭᠤᠭᠠᠨ ᠵᠣᠬᠢᠶᠠᠯᠴᠢ ᠶᠢᠨ ᠰᠢᠯᠢᠳᠡᠭ |
ᠪᠦᠲᠦᠭᠡᠯ ᠠᠴᠠ ᠰᠣᠩᠭᠤᠨ᠂ ᠲᠦᠩᠯᠢᠶᠣᠣ ᠶᠢᠨ ᠤᠳᠬ᠎ᠠ ᠵᠣᠬᠢᠶᠠᠯ ᠤᠨ ᠤᠷᠠᠨ ᠤᠩᠰᠢᠯᠭ᠎ᠠ ᠶᠢᠨ ᠨᠡᠶᠢᠭᠡᠮᠯᠢᠭ ᠤᠨ |
ᠦ᠋ ᠲᠦᠪᠰᠢᠨ᠂ ᠹᠦ᠋ ᠢ ᠬᠤᠨᠭ᠌᠂ ᠯᠢᠦᠢ ᠸᠧᠨ ᠴᠢ᠂ ᠰᠡᠴᠡᠩᠭᠤᠸ᠎ᠠ᠂ ᠮᠠ ᠱᠤᠸᠠᠩ ᠱᠠᠨ᠂ ᠶᠠᠩ ᠵᠧ᠂ ᠰᠢᠶᠠᠩ |
ᠨᠠᠨ᠂ ᠬᠤᠤ ᠮᠢᠩ᠂ ᠰᠦᠯᠳᠡ ᠠᠴᠠ ᠤᠶᠠᠩᠭᠠᠯᠠᠨ ᠤᠩᠰᠢᠵᠤ᠂ ᠵᠣᠬᠢᠶᠠᠯᠴᠢᠳ ᠤᠨ ᠥᠪᠡᠷ ᠤᠨ ᠵᠣᠬᠢᠶᠠᠯ |
ᠪᠦᠲᠦᠭᠡᠯ ᠤᠨ ᠣᠨᠴᠠᠯᠢᠭ ᠰᠢᠨᠵᠢ ᠵᠢᠴᠢ ᠵᠣᠬᠢᠶᠠᠨ ᠪᠦᠲᠦᠭᠡᠭᠰᠡᠨ ᠣᠩᠭᠤᠳ ᠪᠢᠯᠢᠭ ᠤᠨ ᠢᠶᠠᠨ ᠢᠷᠡᠯᠲᠡ ᠶᠢᠨ |
ᠲᠤᠬᠠᠢ ᠲᠣᠭᠠᠴᠢᠵᠤ᠂ ᠲᠦᠷᠪᠡᠨ ᠤᠲᠠᠰᠤᠲᠤ ᠬᠤᠭᠤᠷ᠂ ᠮᠣᠷᠢᠨ ᠬᠤᠭᠤᠷ᠂ ᠬᠥᠭᠡᠮᠡᠢ ᠶᠢᠨ ᠢᠷᠠᠭᠤ ᠠᠶᠠᠯᠭᠤ᠂ |
ᠤᠷᠠᠨ ᠡᠭᠡᠰᠢᠭᠯᠡᠩ ᠤᠨ ᠬᠠᠮᠲᠤᠷᠠᠯ ᠢᠶᠠᠷ ᠨᠣᠮ ᠤᠩᠰᠢᠬᠤ ᠶᠢᠨ ᠰᠠᠶᠢᠨ ᠲᠠᠯ᠎ᠠ ᠪᠠ ᠬᠥᠮᠥᠰ ᠲᠤ ᠡᠷᠡᠭᠦᠯ |
ᠥᠭᠡᠳᠡᠷᠬᠡᠭ ᠦᠵᠡᠯ ᠰᠠᠨᠠᠭ᠎ᠠ ᠶᠢ ᠬᠡᠷᠬᠢᠨ ᠤᠯᠠᠮᠵᠢᠯᠠᠬᠤ ᠶᠢ ᠰᠤᠷᠲᠠᠯᠴᠢᠯᠠᠪᠠ᠃ |
ᠤᠷᠠᠨ ᠤᠩᠰᠢᠯᠭ᠎ᠠ ᠶᠢᠨ ᠳᠠᠷᠠᠭ᠎ᠠ ᠵᠢᠷᠭᠤᠭᠠᠨ ᠵᠣᠬᠢᠶᠠᠯᠴᠢ ᠳᠤ ᠪᠦᠲᠦᠭᠡᠯ ᠢ ᠨᠢ ᠬᠤᠷᠢᠶᠠᠨ ᠬᠠᠳᠠᠭᠠᠯᠠᠭᠰᠠᠨ |
ᠦᠨᠡᠮᠯᠡᠯ ᠬᠦᠷᠲᠡᠭᠡᠵᠦ᠂ ᠤᠩᠰᠢᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠬᠠᠮᠤᠭ ᠡᠴᠦᠰ ᠲᠤ |
ᠴᠢᠭᠤᠯᠭᠠᠨ ᠳᠤ ᠣᠷᠣᠯᠴᠠᠭᠰᠠᠳ ᠬᠠᠮᠲᠤ ᠶᠢᠨ ᠰᠡᠭᠦᠳᠡᠷ ᠠᠪᠬᠠᠭᠤᠯᠵᠤ᠂ ᠡᠨᠡ ᠤᠳᠠᠭᠠᠨ ᠤ ᠴᠢᠭᠤᠯᠭᠠᠨ ᠢᠶᠠᠨ |
ᠥᠨᠳᠥᠷᠯᠡᠭᠦᠯᠵᠡᠢ᠃ |
ᠡᠨᠡ ᠤᠳᠠᠭᠠᠨ ᠤ ᠤᠷᠠᠨ ᠤᠩᠰᠢᠯᠭ᠎ᠠ ᠶᠢᠨ ᠴᠢᠭᠤᠯᠭᠠᠨ ᠨᠢ ᠰᠢ ᠶᠢᠨ ᠫᠢᠩ ᠶᠡᠷᠦᠩᠬᠡᠢ ᠱᠦᠵᠢ ᠶᠢᠨ |
ᠰᠣᠶᠣᠯ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠵᠤ᠂ ︽ᠦᠨᠳᠦᠰᠦᠲᠡᠨ ᠪᠦᠭᠦᠨ ᠨᠢᠭᠡ |
ᠭᠡᠷ ᠪᠦᠯᠢ ᠮᠡᠲᠦ ᠪᠦᠯᠬᠦᠮᠳᠡᠨ ᠨᠢᠭᠲᠠᠷᠠᠬᠤ︾ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ |
ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠲᠦᠭᠡᠨ ᠪᠠᠶᠢᠭᠤᠯᠬᠤ ᠳᠤ ᠬᠦᠴᠦ ᠨᠡᠮᠡᠷᠢ ᠦᠵᠡᠭᠦᠯᠦᠭᠰᠡᠨ |
ᠠᠮᠵᠢᠯᠲᠠ ᠲᠠᠢ ᠨᠢᠭᠡᠨ ᠬᠥᠳᠡᠯᠭᠡᠭᠡᠨ ᠪᠣᠯᠤᠭᠰᠠᠨ ᠶᠤᠮ᠃ |
|
|
|
|
|
|
|
|
|
|
|
᠁ |