ᠬᠦᠷᠢᠶ᠎ᠡ ᠬᠤᠰᠢᠭᠤᠨ ᠤ ᠡᠯᠡᠰᠦᠨ ᠪᠠᠯᠭᠠᠰᠤ ᠤᠮᠠᠷᠠᠲᠤ ᠬᠢᠯᠢ ᠶᠢᠨ ᠰᠣᠶᠣᠯ ᠢ ᠤᠯᠠᠮ ᠨᠢᠭᠡ ᠠᠯᠬᠤᠮ |
ᠠᠭᠤᠳᠠᠯᠬᠤ ᠪᠠ ᠪᠠᠳᠠᠷᠠᠭᠤᠯᠤᠨ᠂ ᠣᠷᠣᠨ ᠪᠦᠰᠡ ᠶᠢᠨ ᠰᠣᠶᠣᠯ ᠤᠨ ᠠᠭᠤᠯᠤᠭᠳᠠᠬᠤᠨ ᠢ ᠳᠡᠯᠭᠡᠨ ᠦᠵᠡᠭᠦᠯᠵᠦ᠂ |
ᠡᠯ᠎ᠡ ᠦᠨᠳᠦᠰᠦᠲᠡᠨ ᠤ ᠰᠣᠶᠣᠯ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠨᠡᠮᠡᠭᠳᠡᠭᠦᠯᠬᠦ ᠶᠢᠨ ᠲᠥᠯᠥᠭᠡ |
ᠣᠷᠣᠨ ᠨᠤᠲᠤᠭ ᠤᠨ ᠣᠨᠴᠠᠯᠢᠭ ᠲᠠᠢ ᠰᠣᠶᠣᠯ ᠤᠷᠠᠯᠢᠭ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ |
ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠨ᠎ᠠ᠃ |
ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠡᠯ᠎ᠡ ᠭᠠᠴᠠᠭ᠎ᠠ ᠲᠣᠰᠬᠤᠨ ᠢ ᠵᠣᠬᠢᠶᠠᠨ |
ᠪᠠᠶᠢᠭᠤᠯᠵᠤ᠂ ︽ᠮᠥᠷᠥᠶᠢᠴᠡᠭᠡᠨ ᠲᠠᠯᠪᠢᠬᠤ︾ ᠭᠡᠯᠪᠡᠷᠢ ᠪᠠᠷ ᠠᠯᠠᠭᠠᠳᠠᠬᠤ ᠪᠥᠮᠪᠦᠭᠡ ᠶᠢᠨ ᠤᠷᠤᠯᠳᠤᠭᠠᠨ᠂ ᠰᠠᠭᠰᠤᠨ |
ᠪᠥᠮᠪᠦᠭᠡ ᠶᠢᠨ ᠤᠷᠤᠯᠳᠤᠭᠠᠨ᠂ ︽ᠤᠭ᠍ᠶᠤᠳᠠᠢ︾ ᠬᠤᠨᠳᠠᠭᠠᠲᠤ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ |
ᠵᠡᠷᠭᠡ ᠶᠢ ᠲᠣᠰ ᠲᠣᠰ ᠥᠷᠨᠢᠭᠦᠯᠵᠦ᠂ ᠦᠨᠳᠦᠰᠦᠲᠡᠨ ᠤ ᠰᠣᠶᠣᠯ ᠤᠨ ᠬᠥᠭᠵᠢᠯᠲᠡ ᠳᠤ ᠠᠬᠢᠭᠤᠯᠬᠤ ᠦᠢᠯᠡᠳᠦᠯ |
ᠦᠵᠡᠭᠦᠯᠦᠭᠰᠡᠨ ᠪᠠᠶᠢᠨ᠎ᠠ᠃ 11 ᠭᠠᠴᠠᠭ᠎ᠠ 43 ᠪᠠᠶᠢᠭᠠᠯᠢᠯᠢᠭ ᠠᠶᠢᠯ ᠤᠨ 130 ᠭᠠᠷᠤᠢ ᠲᠠᠮᠢᠷᠴᠢᠨ ᠢ 11 |
ᠳᠤᠭᠤᠶᠢᠯᠠᠩ ᠬᠤᠪᠢᠶᠠᠵᠤ᠂ ᠰᠢᠢᠳᠪᠦᠷᠢᠲᠦ ᠤᠷᠤᠯᠳᠤᠭᠠᠨ᠂ ᠨᠤᠭᠤᠯᠤᠭ᠎ᠠ ᠤᠷᠤᠯᠳᠤᠭᠠᠨ ᠢᠶᠠᠷ ᠳᠠᠮᠵᠢᠵᠦ᠂ ᠲᠡᠷᠢᠭᠦᠨ |
ᠳᠡᠳ᠋ ᠪᠠᠶᠢᠷᠢ ᠶᠢ ᠰᠢᠯᠭᠠᠷᠠᠭᠤᠯᠵᠤ᠂ ᠤᠯᠠᠨ ᠲᠦᠮᠡᠨ ᠢ ᠦᠨᠳᠦᠰᠦᠲᠡᠨ ᠤ ᠨᠠᠶᠢᠷ ᠨᠠᠭᠠᠳᠤᠮ ᠰᠣᠶᠣᠯ ᠤᠨ |
ᠠᠵᠢᠯᠯᠠᠭ᠎ᠠ ᠪᠠᠨ ᠤᠯᠠᠮᠵᠢᠯᠠᠨ ᠪᠠᠳᠠᠷᠠᠭᠤᠯᠬᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠭᠠᠨ ᠬᠥᠮᠥᠵᠢᠭᠦᠯᠵᠡᠢ᠃ |
ᠨᠡᠩ ︽ᠤᠭ᠍ᠶᠤᠳᠠᠢ︾ ᠬᠤᠨᠳᠠᠭᠠᠲᠤ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ |
ᠥᠷᠨᠢᠭᠦᠯᠦᠭᠰᠡᠨ ᠶᠠᠪᠤᠳᠠᠯ ᠨᠢ ᠤᠯᠠᠨ ᠲᠦᠮᠡᠨ ᠤ ᠬᠦᠷᠢᠶᠡᠯᠡᠯ ᠢ ᠶᠡᠭᠡ ᠪᠠᠷ ᠣᠯᠵᠤ᠂ ᠠᠯᠤᠰ ᠤᠨ ᠬᠠᠷᠠᠴᠠ ᠶᠢ ᠨᠢ |
ᠨᠡᠩ ᠥᠨᠳᠥᠷᠵᠢᠭᠦᠯᠪᠡ᠃ ᠲᠤᠰ ᠤᠷᠤᠯᠳᠣᠭᠠᠨ ᠳᠤ ᠬᠥᠷᠰᠢ ᠵᠡᠷᠭᠡᠯᠡᠳᠡᠭᠡ ᠬᠤᠰᠢᠭᠤ ᠰᠢᠶᠠᠨ ᠤ 140 ᠭᠠᠷᠤᠢ |
ᠤᠷᠠᠯᠢᠭ ᠤᠨ ᠪᠠᠭ᠋ᠠᠲᠠᠨ ᠣᠷᠤᠯᠴᠠᠵᠦ᠂︽ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠦᠨᠳᠦᠰᠦᠲᠡᠨ ᠤ |
ᠰᠣᠶᠣᠯ ᠢᠶᠠᠨ ᠬᠥᠭᠵᠢᠭᠦᠯᠬᠦ︾ ᠭᠤᠣᠯ ᠭᠦᠭ ᠠᠶᠠᠰ ᠢ ᠴᠢᠪᠬᠠᠳᠠᠵᠤ᠂ ᠣᠷᠣᠨ ᠨᠤᠲᠤᠭ ᠤᠨ ᠰᠣᠶᠣᠯ ᠳᠠᠭᠠᠨ |
ᠰᠠᠭᠤᠷᠢᠯᠠᠵᠤ᠂ ᠤᠷ᠎ᠠ ᠠᠪᠢᠶᠠᠰ ᠢᠶᠠᠨ ᠪᠠᠳᠠᠷᠠᠭᠤᠯᠤᠨ ᠨᠢᠵᠢᠭᠢᠷ ᠰᠠᠶᠢᠬᠠᠨ ᠶᠠᠪᠤᠭᠳᠠᠯ᠎ᠠ᠃ ᠡᠭᠦᠨ ᠠᠴᠠ ᠭᠠᠳᠠᠨ᠎ᠠ᠂ |
ᠰᠤᠷᠭᠠᠭᠤᠯᠢ ᠶᠢᠨ ᠬᠦᠷᠢᠶᠡᠨ ᠤ ᠤᠷᠠᠨ ᠰᠠᠶᠢᠬᠠᠨ ᠤ ᠲᠤᠬᠯᠠᠯᠲᠠ ᠵᠢᠴᠢ ᠪᠡᠶ᠎ᠡ ᠶᠢᠨ ᠲᠠᠮᠢᠷ ᠤᠨ ᠠᠵᠢᠯᠯᠠᠭᠠᠨ ᠨᠢ |
ᠵᠠᠯᠠᠭᠤᠴᠤᠳ ᠪᠠᠭᠠᠴᠤᠳ ᠢ ᠦᠨᠳᠦᠰᠦᠲᠡᠨ ᠤ ᠰᠣᠶᠣᠯ ᠢᠶᠠᠨ ᠬᠠᠶᠢᠷᠠᠯᠠᠬᠤ ᠦᠵᠡᠯ ᠰᠡᠳᠬᠢᠯᠭᠡ ᠶᠢ ᠨᠢ |
ᠨᠡᠮᠡᠭᠳᠡᠭᠦᠯᠵᠦ ᠢᠲᠡᠭᠡᠯ ᠵᠣᠷᠢᠭ ᠢ ᠨᠢ ᠬᠥᠪᠴᠢᠯᠡᠵᠡᠢ᠃ ᠬᠤᠶᠢᠰᠢᠳᠠ᠂ ᠡᠯᠡᠰᠦᠨ ᠪᠠᠯᠭᠠᠰᠤ ︽ᠤᠮᠠᠷᠠᠲᠤ ᠬᠢᠯᠢ ᠶᠢᠨ |
ᠰᠣᠶᠣᠯ︾ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ |
ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ |
ᠳᠠᠪᠰᠢᠯᠲᠠ ᠶᠢᠨ ᠠᠭᠤᠷ ᠠᠮᠢᠰᠬᠤᠯ ᠢ ᠥᠳᠬᠡᠷᠡᠭᠦᠯᠦᠨ᠂ ᠡᠯ᠎ᠡ ᠦᠨᠳᠦᠰᠦᠲᠡᠨ ᠤ ᠶᠠᠪᠤᠯᠴᠠᠭ᠎ᠠ᠂ ᠰᠣᠯᠢᠯᠴᠠᠭ᠎ᠠ᠂ |
ᠠᠭᠤᠰᠤᠯᠴᠠᠯ ᠢ ᠤᠯᠠᠮ ᠠᠴᠠ ᠤᠯᠠᠮ ᠠᠬᠢᠭᠤᠯᠬᠤ ᠪᠣᠯᠣᠨ᠎ᠠ᠃ |
|
|
|
|
|
|
|
|
|
|
|
|
᠁ |