| ᠣᠶᠢᠷ᠎ᠠ ᠶᠢᠨ ᠬᠡᠳᠦᠨ ᠡᠳᠦᠷ᠂ ᠬᠦᠷᠢᠶ᠎ᠡ ᠬᠤᠰᠢᠭᠤᠨ ᠤ ᠬᠤᠰᠢᠭᠤᠨ ᠲᠡᠰ ᠤᠨ ᠪᠣᠳᠠᠰ ᠤᠨ ᠪᠤᠰᠤ |
ᠰᠣᠶᠣᠯ ᠤᠨ ᠥᠪ ᠠᠨᠳᠠᠢ ᠪᠥᠵᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠯᠢᠦ ᠬᠠᠰᠤᠨᠴᠢᠮᠡᠭ ᠪᠣᠯᠣᠨ |
ᠶᠠᠩᠰᠢᠪ ᠨᠡᠶᠢᠭᠡᠮ ᠲᠣᠭᠤᠷᠢᠭ ᠤᠨ ᠰᠢ ᠶᠠᠩ ᠬᠤᠩ ᠤᠷᠠᠨ ᠰᠠᠶᠢᠬᠠᠨ ᠤ ᠠᠩᠭᠢ ᠶᠢᠨ ᠭᠡᠰᠢᠭᠦᠳ ᠶᠠᠭᠠᠷᠠᠯᠲᠠᠢ ᠪᠠᠷ |
ᠠᠨᠳᠠᠢ ᠪᠥᠵᠢᠭ ᠪᠣᠯᠪᠠᠰᠤᠷᠠᠵᠤ᠂ ᠨᠡᠶᠢᠭᠡᠮ ᠲᠣᠭᠤᠷᠢᠭ ᠤᠨ ᠢᠶᠠᠨ ᠲᠤᠰᠬᠠᠢ ᠤᠷᠠᠨ ᠰᠠᠶᠢᠬᠠᠨ ᠤ ᠲᠣᠬᠯᠠᠯᠲᠠ ᠳᠤ |
ᠣᠷᠤᠯᠴᠠᠬᠤ ᠪᠠᠷ ᠪᠡᠯᠡᠳᠬᠡᠵᠦ ᠪᠠᠶᠢᠯ᠎ᠠ᠃ ᠯᠢᠦ ᠬᠠᠰᠤᠨᠴᠢᠮᠡᠭ 2016 ᠣᠨ ᠳᠤ ᠬᠤᠰᠢᠭᠤᠨ ᠲᠠᠰ ᠤᠨ ᠠᠨᠳᠠᠢ |
ᠪᠥᠵᠢᠭ ᠤᠨ ᠤᠯᠠᠮᠵᠢᠯᠠᠭᠴᠢ ᠪᠠᠷ ᠰᠣᠩᠭᠤᠭᠳᠠᠭᠰᠠᠨ ᠠᠴᠠ ᠨᠠᠭᠠᠰᠢ᠂ ᠡᠳᠦᠷ ᠪᠣᠯᠭᠠᠨ ᠶᠠᠩᠰᠢᠪ ᠨᠡᠶᠢᠭᠡᠮ |
ᠲᠣᠭᠤᠷᠢᠭ ᠤᠨ ᠠᠵᠢᠯᠯᠠᠭᠠᠨ ᠤ ᠲᠥᠪ ᠲᠤ ᠬᠦᠷᠴᠦ ᠰᠠᠭᠤᠭᠠᠯᠢ ᠠᠷᠠᠳ ᠲᠤ ᠠᠨᠳᠠᠢ ᠪᠥᠵᠢᠭ ᠵᠢᠭᠠᠳᠠᠭ᠃ ︽ᠠᠨᠳᠠᠢ |
ᠪᠥᠵᠢᠭ ᠪᠣᠯ ᠪᠣᠳᠠᠰ ᠤᠨ ᠪᠤᠰᠤ ᠰᠣᠶᠣᠯ ᠤᠨ ᠥᠪ ᠮᠥᠨ᠂ ᠪᠢᠳᠡ ᠴᠥᠮ ᠪᠥᠵᠢᠭᠯᠡᠬᠦ ᠳᠤᠷᠠᠲᠠᠢ᠂ ᠤᠯᠠᠮᠵᠢᠯᠠᠭᠴᠢ |
ᠶᠢᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠲᠠᠢ ᠪᠣᠯᠤᠭᠰᠠᠨ ᠠᠴᠠ ᠬᠥᠳᠡᠯᠦᠯ ᠪᠠᠷᠢᠯ ᠤᠨ ᠲᠠᠯ᠎ᠠ ᠪᠠᠷ ᠨᠡᠩ |
ᠳᠦᠷᠢᠮᠵᠢᠭᠦᠨ ᠪᠣᠯᠤᠭᠰᠠᠨ ᠶᠤᠮ᠂ ᠠᠨᠳᠠᠢ ᠪᠥᠵᠢᠭ ᠪᠥᠵᠢᠭᠯᠡᠬᠦ ᠪᠠᠷ ᠳᠠᠮᠵᠢᠭᠠᠳ ᠠᠵᠢᠯ ᠤᠨ ᠴᠢᠯᠦᠭᠡᠨ ᠤ ᠠᠮᠢᠳᠤᠷᠠᠯ |
ᠢᠶᠠᠨ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠵᠠᠢ᠂ |
ᠪᠢᠳᠡ ᠬᠡᠳᠦᠶᠢᠪᠡᠷ ᠪᠦᠷ 60 ᠭᠠᠷᠤᠭᠰᠠᠨ ᠪᠤᠯᠪᠠᠴᠤ ᠪᠡᠶ᠎ᠡ ᠮᠠᠬᠠᠪᠤᠳ ᠮᠠᠰᠢ ᠰᠠᠶᠢᠨ ᠪᠠᠶᠢᠨ᠎ᠠ︾ ᠭᠡᠵᠦ ᠤᠳᠬ᠎ᠠ |
ᠤᠷᠠᠯᠢᠭ ᠤᠨ ᠠᠩᠭᠢ ᠶᠢᠨ ᠭᠡᠰᠢᠭᠦᠨ ᠬᠦᠴᠦᠲᠦ ᠪᠠᠶᠠᠷᠲᠠᠶᠢᠬᠠᠨ ᠶᠠᠷᠢᠨ᠎ᠠ᠃ |
ᠯᠢᠦ ᠬᠠᠰᠤᠨᠴᠢᠮᠡᠭ ᠥᠪᠡᠷ ᠤᠨ ᠪᠡᠶ᠎ᠡ ᠪᠠᠷ ᠢᠶᠠᠨ ᠵᠢᠱᠢᠶ᠎ᠡ ᠦᠵᠡᠭᠦᠯᠦᠨ ᠵᠢᠭᠠᠨ ᠵᠢᠯᠤᠭᠤᠳᠴᠤ᠂ ᠠᠩᠭᠢ ᠶᠢᠨ |
ᠭᠡᠰᠢᠭᠦᠳ ᠨᠢ ᠨᠠᠷᠢᠨ ᠬᠢᠨᠠᠮᠠᠭᠠᠢ ᠲᠠᠭᠠᠨ ᠰᠤᠷᠤᠯᠴᠠᠵᠤ᠂ ᠲᠣᠷᠭ᠎ᠠ ᠳᠤᠷᠳᠤᠩ ᠢᠶᠠᠨ ᠰᠠᠵᠢᠨ ᠠᠶ᠎ᠠ ᠲᠠᠭᠠᠷᠠᠭᠤᠯᠤᠨ |
ᠪᠥᠵᠢᠭᠯᠡᠵᠦ᠂ ᠬᠥᠳᠡᠯᠦᠯ ᠪᠠᠷᠢᠯ ᠪᠦᠭᠦᠨ ᠢ ᠳᠦᠷᠢᠮᠵᠢᠭᠦᠨ ᠲᠡᠭᠰᠢ ᠬᠢᠬᠦ ᠪᠠᠷ ᠴᠢᠷᠮᠠᠶᠢᠪᠠ᠃ ᠣᠶᠢᠯᠠᠭᠠᠭᠰᠠᠨ ᠢᠶᠠᠷ᠂ |
ᠶᠠᠩᠰᠢᠪ ᠨᠡᠶᠢᠭᠡᠮ ᠲᠣᠭᠤᠷᠢᠭ ᠤᠨ ᠰᠢ ᠶᠠᠩ ᠬᠤᠩ ᠤᠷᠠᠯᠢᠭ ᠤᠨ ᠪᠦᠯᠭᠦᠮ ᠨᠢ 2014 ᠣᠨ ᠤ 8 ᠰᠠᠷ᠎ᠠ ᠳᠤ |
ᠪᠠᠶᠢᠭᠤᠯᠤᠭᠳᠠᠵᠤ᠂ ᠬᠠᠮᠤᠭ ᠠᠩᠬᠠᠨ ᠤ 4 ᠬᠥᠮᠥᠨ ᠪᠠᠶᠢᠭᠰᠠᠨ ᠠᠴᠠ ᠪᠠᠨ ᠣᠲᠣ 48 ᠬᠥᠮᠥᠨ ᠪᠣᠯᠵᠤ ᠬᠥᠭᠵᠢᠵᠡᠢ |
᠂ ᠣᠯᠠᠨ ᠢᠶᠠᠷ ᠢᠶᠠᠨ ᠨᠡᠶᠢᠭᠡᠮ ᠲᠣᠭᠤᠷᠢᠭ ᠤᠨ ᠰᠣᠶᠣᠯ ᠲᠠᠮᠢᠷ ᠤᠨ ᠬᠥᠳᠡᠯᠭᠡᠭᠡᠨ ᠳᠤ ᠣᠷᠤᠯᠴᠠᠬᠤ ᠠᠴᠠ ᠭᠠᠳᠠᠨ᠎ᠠ |
ᠪᠠᠰᠠ ᠦᠷᠭᠦᠯᠵᠢ ᠬᠤᠲᠠ᠂ ᠬᠤᠰᠢᠭᠤᠨ ᠤ ᠡᠷᠭᠢᠯᠡᠭᠰᠡᠨ ᠠᠨᠳᠠᠢ ᠪᠥᠵᠢᠭ ᠤᠨ ᠤᠷᠤᠯᠳᠤᠭᠠᠨ ᠳᠤ ᠣᠷᠣᠯᠴᠠᠵᠤ᠂ |
ᠠᠨᠳᠠᠢ ᠪᠥᠵᠢᠭ ᠤᠨ ᠴᠤᠭ ᠵᠢᠪᠬᠤᠭ᠎ᠠ ᠪᠠᠨ ᠭᠠᠶᠢᠬᠠᠭᠤᠯᠳᠠᠭ᠃ ︽ᠠᠨᠳᠠᠢ ᠪᠥᠵᠢᠭ ᠤᠨ ᠤᠯᠠᠮᠵᠢᠯᠠᠭᠴᠢ |
ᠪᠣᠯᠤᠭᠰᠠᠨ ᠤ ᠬᠤᠪᠢ ᠳᠤ ᠠᠨᠳᠠᠢ ᠪᠥᠵᠢᠭ ᠢ ᠬᠠᠮᠠᠭᠠᠯᠠᠨ ᠤᠯᠠᠮᠵᠢᠯᠠᠬᠤ ᠪᠣᠯ ᠮᠢᠨᠤ ᠬᠠᠷᠢᠭᠤᠴᠠᠯᠭ᠎ᠠ ᠮᠥᠨ᠂ |
ᠬᠤᠶᠢᠰᠢᠳᠠ ᠪᠢ ᠪᠠᠶᠢᠭᠤᠯᠭ᠎ᠠ ᠨᠢᠭᠡᠴᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠣᠯᠣᠨ ᠰᠤᠷᠭᠠᠭᠤᠯᠢ ᠳᠤ |
ᠢᠳᠡᠪᠬᠢᠲᠡᠢ ᠪᠠᠷ ᠭᠦᠨᠵᠡᠭᠡᠶᠢᠷᠡᠵᠦ᠂ ᠳᠦᠷᠢᠮᠵᠢᠭᠦᠨ ᠬᠥᠳᠡᠯᠦᠯ ᠢ ᠤᠯᠠᠮᠵᠢᠯᠠᠵᠤ᠂ ᠠᠨᠳᠠᠢ ᠪᠥᠵᠢᠭ ᠢ ᠨᠡᠩ ᠰᠠᠶᠢᠲᠤᠷ |
ᠬᠠᠮᠠᠭᠠᠯᠠᠨ ᠤᠯᠠᠮᠵᠢᠯᠠᠨ᠎ᠠ︾ ᠭᠡᠵᠦ ᠯᠢᠦ ᠬᠠᠰᠤᠨᠴᠢᠮᠡᠭ ᠶᠠᠷᠢᠨ᠎ᠠ᠃ |
ᠠᠨᠳᠠᠢ ᠤᠷᠠᠯᠢᠭ ᠢ ᠨᠡᠩ ᠥᠷᠭᠡᠨ ᠢᠶᠠᠷ ᠤᠯᠠᠮᠵᠢᠯᠠᠬᠤ ᠶᠢᠨ ᠲᠥᠯᠥᠭᠡ᠂ ᠬᠦᠷᠢᠶ᠎ᠡ ᠬᠤᠰᠢᠭᠤ ᠠᠨᠳᠠᠢ |
ᠪᠥᠵᠢᠭ ᠢ ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ ᠪᠣᠯᠭᠠᠨ ᠥᠭᠡᠷᠡᠴᠢᠯᠡᠨ ᠵᠣᠬᠢᠶᠠᠵᠤ᠂ ᠰᠤᠷᠤᠬᠴᠢᠳ ᠤᠨ |
ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠪᠣᠯᠭᠠᠨ ᠪᠦᠭᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠠ |
ᠬᠡᠦᠬᠡᠳ ᠤᠨ ᠴᠡᠴᠡᠷᠯᠢᠭ ᠲᠤ ᠳᠡᠯᠭᠡᠷᠡᠭᠦᠯᠵᠡᠢ᠃ ᠬᠦᠷᠢᠶ᠎ᠡ ᠪᠠᠯᠭᠠᠰᠤᠨ ᠤ ᠭᠤᠷᠪᠡᠨᠭᠡᠷ ᠰᠤᠷᠭᠠᠭᠤᠯᠢ ᠳᠤ᠂ ᠬᠢᠴᠢᠶᠡᠯ ᠤᠨ |
ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠴᠠᠭ ᠪᠤᠯᠬᠤ ᠪᠦᠷᠢ ᠰᠤᠷᠤᠬᠴᠢᠳ ᠲᠡᠷᠢ ᠲᠡᠭᠰᠢ ᠮᠥᠷᠯᠡᠨ ᠵᠢᠭᠰᠠᠵᠤ᠂ |
ᠢᠷᠠᠭᠤ ᠰᠠᠶᠢᠬᠠᠨ ᠬᠥᠭᠵᠢᠮ ᠤᠨ ᠠᠶ᠎ᠠ ᠶᠢ ᠳᠠᠭᠠᠵᠤ᠂ ᠭᠠᠷ ᠲᠠᠬᠢ ᠤᠯᠠᠭᠠᠨ ᠲᠣᠷᠭ᠎ᠠ ᠪᠠᠨ ᠬᠤᠷᠤᠶᠢᠯᠵᠠᠭᠤᠯᠵᠤ᠂ |
ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ ᠢ ᠪᠥᠵᠢᠭᠯᠡᠵᠦ᠂ ᠠᠨᠳᠠᠢ ᠤᠷᠠᠯᠢᠭ ᠤᠨ ᠠᠪᠴᠢᠷᠠᠭᠰᠠᠨ ᠪᠠᠶᠠᠷ ᠪᠠᠶᠠᠰᠤᠯ ᠢ |
ᠬᠠᠮᠲᠤ ᠪᠠᠷ ᠡᠳ᠋ᠯᠡᠨ᠎ᠡ᠃ ᠰᠤᠷᠤᠬᠴᠢ ᠸᠠᠩ ᡁᠢ ᠰᠢᠶᠠ ᠬᠡᠯᠡᠭᠰᠡᠨ ᠨᠢ᠄ ︽ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ |
ᠠᠴᠠ ᠡᠬᠢᠯᠡᠭᠡᠳ ᠪᠢᠳᠡ ᠠᠨᠳᠠᠢ ᠪᠥᠵᠢᠭ ᠪᠥᠵᠢᠭᠯᠡᠭᠡᠳ ᠨᠢᠭᠡᠨᠲᠡ 4 ᠵᠢᠯ ᠪᠣᠯᠵᠤ ᠪᠠᠶᠢᠨ᠎ᠠ᠂ ᠮᠢᠨᠤ ᠦᠵᠡᠬᠦ ᠪᠠᠷ |
ᠠᠨᠳᠠᠢ ᠪᠥᠵᠢᠭ ᠪᠥᠵᠢᠭᠯᠡᠬᠦ ᠨᠢ ᠪᠡᠶ᠎ᠡ ᠮᠠᠬᠠᠪᠤᠳ ᠢ ᠪᠤᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ ᠪᠢᠳᠡᠨ ᠳᠤ |
ᠦᠨᠳᠦᠰᠦᠲᠡᠨ ᠤ ᠰᠣᠶᠣᠯ ᠢ ᠨᠡᠩ ᠰᠠᠶᠢᠨ ᠣᠶᠢᠯᠠᠭᠠᠭᠤᠯᠵᠤ ᠴᠢᠳᠠᠨ᠎ᠠ︾ ᠭᠡᠵᠡᠢ᠃ |
ᠠᠨᠳᠠᠢ ᠪᠥᠵᠢᠭ ᠤᠨ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠳᠡᠯᠭᠡᠷᠡᠭᠦᠯᠬᠦ ᠶᠢᠨ ᠲᠥᠯᠥᠭᠡ᠂ ᠭᠤᠷᠪᠡᠨᠭᠡᠷ |
ᠰᠤᠷᠭᠠᠭᠤᠯᠢ ᠶᠢᠨ ᠬᠢᠨ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯ ᠤᠨ ᠪᠥᠵᠢᠭ ᠤᠨ ᠪᠠᠭᠰᠢ ᠶᠢ |
ᠲᠣᠬᠢᠷᠠᠭᠤᠯᠤᠨ ᠰᠤᠷᠤᠬᠴᠢᠳ ᠢ ᠬᠠᠪᠰᠤᠷᠤᠨ ᠵᠢᠯᠤᠭᠤᠳᠴᠤ᠂ ᠳᠦᠷᠢᠮᠵᠢᠭᠦᠨ ᠪᠤᠰᠤ ᠬᠥᠳᠡᠯᠦᠯ ᠢ ᠴᠠᠭ ᠲᠤᠬᠠᠢ |
ᠳᠤᠨᠢ ᠵᠠᠯᠠᠷᠠᠭᠤᠯᠳᠠᠭ᠃ ᠣᠳᠣᠬᠠᠨ ᠳᠤ᠂ ᠲᠤᠰ ᠰᠤᠷᠭᠠᠭᠤᠯᠢ ᠶᠢᠨ ᠰᠤᠷᠤᠬᠴᠢᠳ ᠠᠨᠳᠠᠢ ᠪᠥᠵᠢᠭ ᠤᠨ ᠬᠥᠳᠡᠯᠦᠯ |
ᠪᠠᠷᠢᠯ ᠢ ᠪᠣᠯᠪᠠᠰᠤᠷᠠᠩᠭᠤᠢ ᠡᠵᠡᠮᠰᠢᠵᠦ᠂ ᠡᠨᠡ ᠬᠦ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠲᠤ ᠨᠡᠩ ᠳᠤᠷᠠᠲᠠᠢ |
ᠪᠣᠯᠤᠭᠰᠠᠨ ᠪᠠᠶᠢᠨ᠎ᠠ᠃ |
ᠣᠯᠠᠨ ᠵᠢᠯ ᠤᠨ ᠲᠤᠷᠰᠢ᠂ ᠬᠦᠷᠢᠶ᠎ᠡ ᠬᠤᠰᠢᠭᠤ ᠠᠨᠳᠠᠢ ᠰᠣᠶᠣᠯ ᠤᠨ ᠬᠠᠮᠠᠭᠠᠯᠠᠯᠲᠠ ᠪᠠ ᠤᠯᠠᠮᠵᠢᠯᠠᠯ ᠢᠶᠠᠨ |
ᠲᠠᠰᠤᠷᠠᠯᠲᠠ ᠦᠭᠡᠢ ᠴᠢᠩᠭᠠᠳᠬᠠᠵᠤ᠂ ᠠᠨᠳᠠᠢ ᠪᠥᠵᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠶᠢᠨ ᠱᠠᠪᠢ |
ᠡᠯᠰᠡᠬᠦ᠂ ᠱᠠᠪᠢ ᠰᠤᠷᠭᠠᠬᠤ ᠶᠢ ᠵᠣᠷᠢᠭᠵᠢᠭᠤᠯᠵᠤ᠂ ᠤᠯᠠᠮᠵᠢᠯᠠᠯ ᠤᠨ ᠴᠢᠨᠠᠷᠲᠠᠢ ᠦᠵᠡᠭᠦᠯᠭᠡ ᠶᠢᠨ ᠲᠣᠬᠯᠠᠯᠲᠠ |
ᠥᠷᠨᠢᠭᠦᠯᠵᠦ᠂ ᠠᠨᠳᠠᠢ ᠪᠥᠵᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ |
ᠣᠷᠣᠭᠤᠯᠬᠤ᠂ ᠠᠶᠢᠯ ᠲᠣᠰᠬᠤᠨ ᠳᠤ ᠣᠷᠣᠭᠤᠯᠬᠤ᠂ ᠠᠭᠤᠳᠠᠮ ᠲᠠᠯᠠᠪᠠᠶ ᠳᠤ ᠣᠷᠣᠭᠤᠯᠬᠤ ︽ᠳᠥᠷᠪᠡ ᠳᠤ |
ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠨᠳᠠᠢ ᠪᠥᠵᠢᠭ ᠤᠨ ᠨᠥᠯᠥᠭᠡᠯᠡᠬᠦ ᠬᠦᠴᠦᠨ᠂ |
ᠤᠯᠠᠮᠵᠢᠯᠠᠬᠤ ᠬᠦᠴᠦᠨ ᠢ ᠤᠯᠠᠮ ᠨᠢᠭᠡ ᠠᠯᠬᠤᠮ ᠥᠷᠭᠡᠳᠬᠡᠨ᠂ ᠠᠨᠳᠠᠢ ᠰᠣᠶᠣᠯ ᠢ ᠤᠯᠠᠮᠵᠢᠯᠠᠨ ᠵᠠᠯᠭᠠᠮᠵᠢᠯᠠᠵᠤ |
ᠰᠢᠨ᠎ᠡ ᠶᠢ ᠡᠭᠦᠳᠬᠦ ᠳᠤᠮᠳᠠ ᠰᠢᠨ᠎ᠡ ᠠᠮᠢᠯᠠᠯ ᠲᠠᠢ ᠪᠤᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ |
ᠲᠡᠮᠳᠡᠭ ᠢ ᠭᠠᠶᠢᠬᠠᠭᠤᠯᠪᠠ᠃ |
ᠣᠳᠣᠬᠠᠨ ᠳᠤ᠂ ᠲᠣᠰ ᠬᠤᠰᠢᠭᠤᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ |
ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠠᠨᠳᠠᠢ ᠪᠥᠵᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ |
50 ᠬᠥᠮᠥᠨ ᠪᠠᠶᠢᠵᠤ᠂ ᠠᠨᠳᠠᠢ ᠪᠥᠵᠢᠭ ᠢ ᠤᠯᠠᠮᠵᠢᠯᠠᠨ ᠰᠤᠷᠤᠯᠴᠠᠬᠤ ᠰᠤᠷᠭᠠᠭᠤᠯᠢ 17 ᠪᠤᠶ᠃ |
|
|
|
|
|
|
|
|
|
|
|
᠁ |