ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠳᠤ ᠣᠷᠣᠪᠠᠯ ᠳᠤᠮᠳᠠᠳᠤ ᠤᠯᠤᠰ ᠤᠨ ᠠᠯᠳᠠᠷᠲᠤ |
ᠱᠤᠭᠤᠮᠠᠯᠴᠢᠨ ᠦ᠋ ᠸᠧᠢ ᠱᠠᠨ ᠤ ᠵᠣᠬᠢᠶᠠᠨ ᠪᠦᠲᠦᠭᠡᠭᠰᠡᠨ ︽ᠬᠤᠪᠢᠯᠭᠠᠨ ᠤᠴᠠᠷᠠᠯ — ᠺᠦᠩᠽᠢ ᠪᠣᠯᠣᠨ |
ᠰᠤᠺᠷᠠᠲ᠋ᠧᠰ ᠤᠨ ᠶᠠᠷᠢᠯᠴᠠᠭ᠎ᠠ︾ ᠨᠢ ᠡᠩ ᠲᠡᠷᠢᠭᠦᠨ ᠳᠤ ᠣᠯᠠᠨ ᠤ ᠬᠠᠷᠠᠭᠠᠨ ᠳᠤ ᠲᠣᠳᠣᠷᠠᠨ᠎ᠠ᠃ ᠲᠤᠰ ᠪᠦᠲᠦᠭᠡᠯ |
ᠨᠢ ᠺᠦᠩᠽᠢ ᠪᠠ ᠰᠤᠺᠷᠠᠲ᠋ᠧᠰ ᠬᠤᠶᠠᠷ ᠢᠶᠠᠷ ᠲᠤᠰ ᠲᠤᠰ ᠠᠳᠠᠯᠢ ᠪᠤᠰᠤ ᠰᠣᠶᠣᠯ ᠤᠨ ᠪᠣᠭᠳᠠ ᠮᠡᠷᠭᠡᠳ ᠢ |
ᠲᠥᠯᠥᠭᠡᠯᠡᠭᠦᠯᠵᠦ᠂ ᠮᠢᠩᠭᠠᠨ ᠣᠨ ᠠᠯᠤᠰᠯᠠᠭᠰᠠᠨ ᠦᠵᠡᠯ ᠰᠠᠨᠠᠭᠠᠨ ᠤ ᠰᠣᠯᠢᠯᠴᠠᠭ᠎ᠠ ᠶᠢ ᠢᠯᠡᠷᠡᠭᠦᠯᠦᠭᠰᠡᠨ ᠶᠤᠮ᠃ |
ᠲᠤᠰ ᠲᠤᠰ ᠤᠨ ᠬᠡᠪ ᠨᠠᠮᠪᠠ ᠲᠠᠢ᠂ ᠭᠤᠣᠯ ᠰᠡᠳᠦᠪ ᠢᠯᠡ ᠲᠣᠳᠣ ᠱᠤᠭᠤᠮᠠᠯ ᠤᠨ ᠪᠦᠲᠦᠭᠡᠯ ᠤᠳ ᠨᠢ ᠤᠷᠠᠯᠢᠭ ᠤᠨ |
ᠭᠤᠸ᠎ᠠ ᠰᠠᠶᠢᠬᠠᠨ ᠢᠶᠠᠷ ᠢᠶᠠᠨ ᠬᠥᠮᠥᠰ ᠤᠨ ᠰᠡᠳᠬᠢᠯ ᠢ ᠲᠠᠲᠠᠨ᠎ᠠ᠃ |
6 ᠰᠠᠷ᠎ᠠ ᠶᠢᠨ 25 ᠤ ᠡᠳᠦᠷ ︽ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠵᠤ |
ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ︾ ᠭᠤᠣᠯ ᠰᠡᠳᠦᠪᠲᠦ ᠤᠬᠠᠭᠤᠯᠭ᠎ᠠ ᠶᠢᠨ |
ᠠᠵᠢᠯᠯᠠᠭ᠎ᠠ ᠶᠢᠨ ᠰᠣᠷᠪᠤᠯᠵᠢᠯᠠᠭ᠎ᠠ ᠶᠢᠨ ᠪᠦᠯᠭᠦᠮ |
ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠳᠤ ᠢᠷᠡᠵᠦ᠂ ᠱᠤᠭᠤᠮᠠᠯ ᠤᠨ ᠷᠢᠳᠢ ᠰᠢᠳᠢ ᠶᠢ ᠮᠡᠳᠡᠷᠡᠪᠡ᠃ |
ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠤ ᠶᠡᠷᠦᠩᠬᠡᠢ ᠪᠠᠷᠢᠯᠭ᠎ᠠ ᠶᠢᠨ ᠲᠠᠯᠠᠪᠠᠢ 2.5 ᠲᠦᠮᠡᠨ ᠲᠡᠭᠰᠢ |
ᠳᠥᠷᠪᠡᠯᠵᠢᠨ ᠮᠸᠲᠷ ᠲᠤ ᠬᠦᠷᠴᠦ᠂ ᠶᠡᠷᠦᠩᠬᠡᠢ ᠪᠡᠯᠡ ᠣᠷᠣᠭᠤᠯᠤᠯᠲᠠ ᠨᠢ 1.96 ᠳ᠋ᠦᠩᠰᠢᠭᠤᠷ ᠲᠥᠭᠦᠷᠢᠭ ᠲᠤ |
ᠬᠦᠷᠴᠦ᠂ ᠭᠦᠭᠡᠬᠤᠲᠠ ᠶᠢᠨ 5.5 ᠺᠢᠯᠣᠮᠧᠲᠷ ᠤᠨ ᠲᠣᠷᠭᠠᠨ ᠵᠠᠮ ᠤᠨ ᠰᠣᠶᠣᠯ ᠤᠨ ᠲᠡᠩᠭᠡᠯᠢᠭ ᠪᠦᠰᠡ ᠶᠢᠨ ︽ |
ᠬᠠᠮᠤᠭ ᠰᠡᠭᠦᠯᠴᠢ ᠶᠢᠨ ᠵᠢᠷᠤᠭ︾ ᠪᠣᠯᠵᠤ᠂ ᠬᠡᠪᠴᠢᠶ᠎ᠡ ᠨᠢ ᠪᠦᠭᠦ ᠤᠯᠤᠰ ᠤᠨ ᠭᠤᠷᠪᠠᠳᠤᠭᠠᠷ ᠲᠤ ᠣᠷᠣᠪᠠ᠃ |
︽2023 ᠣᠨ ᠤ 10 ᠰᠠᠷ᠎ᠠ ᠶᠢᠨ 15 ᠤ ᠡᠳᠦᠷ ᠡᠭᠦᠳᠡ ᠪᠠᠨ ᠨᠡᠭᠡᠭᠡᠭᠰᠡᠨ ᠠᠴᠠ ᠣᠲᠣ ᠪᠤᠯᠲᠠᠯ᠎ᠠ |
ᠪᠢᠳᠡ ᠨᠢᠭᠡ ᠤᠳᠠᠭᠠᠨ ᠤ ᠲᠣᠮᠣ ᠭᠡᠯᠪᠡᠷᠢ ᠶᠢᠨ ᠦᠵᠡᠰᠭᠦᠯᠡᠩ᠂ 3 ᠤᠳᠠᠭᠠᠨ ᠤ ᠭᠤᠣᠯ ᠰᠡᠳᠦᠪᠲᠦ ᠦᠵᠡᠰᠭᠦᠯᠡᠩ |
ᠡᠷᠭᠢᠯᠡᠪᠡ᠃ ᠡᠭᠦᠨ ᠳᠤ ︿ ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠤᠯᠠᠨ ᠤᠯᠤᠰ ᠤᠨ ᠱᠤᠭᠤᠮᠠᠯ |
ᠤᠷᠠᠯᠢᠭ ᠤᠨ ᠦᠵᠡᠭᠦᠯᠭᠡ﹀ ᠳᠤ 171 ᠪᠦᠲᠦᠭᠡᠯ ᠢ ᠳᠡᠯᠭᠡᠨ ᠦᠵᠡᠭᠦᠯᠵᠡᠢ︾ ᠭᠡᠵᠦ ᠭᠦᠭᠡᠬᠤᠲᠠ ᠶᠢᠨ ᠱᠤᠭᠤᠮᠠᠯ |
ᠤᠷᠠᠯᠢᠭ ᠤᠨ ᠣᠷᠳᠣᠨ ᠤ ᠳᠠᠷᠤᠭ᠎ᠠ ᠵᠢᠶᠠ ᠲᠧ ᠲᠠᠨᠢᠯᠴᠠᠭᠤᠯᠪᠠ᠃ |
︽ᠲᠠᠨ ᠤ ᠬᠠᠵᠠᠭᠤ ᠳᠠᠬᠢ ᠭᠡᠷᠡᠯ ᠵᠢᠷᠤᠭ ᠤᠨ ᠬᠡᠷᠡᠮ ᠳᠡᠭᠡᠷ᠎ᠡ ᠳᠡᠯᠭᠡᠨ ᠦᠵᠡᠭᠦᠯᠵᠦ ᠪᠠᠶᠢᠭ᠎ᠠ ᠪᠣᠯ ᠦ᠋ ᠸᠧᠢ |
ᠱᠠᠨ ᠪᠠᠭᠰᠢ ᠶᠢᠨ ᠵᠣᠬᠢᠶᠠᠨ ᠪᠦᠲᠦᠭᠡᠬᠦ ᠪᠦᠯᠭᠦᠮ ᠢᠶᠠᠨ ᠳᠠᠭᠠᠭᠤᠯᠤᠨ ᠤᠷᠢᠳ ᠬᠤᠵᠢᠳ ᠰᠧᠴᠤᠸᠠᠨ᠂ |
ᠭᠦᠢᠵᠧᠦ ᠳᠤ ᠬᠦᠷᠴᠦ ᠮᠠᠲ᠋ᠧᠷᠢᠶᠠᠯ ᠴᠤᠭᠯᠠᠭᠤᠯᠬᠤ ᠦᠶ᠎ᠡ ᠶᠢᠨ ᠭᠡᠷᠡᠯ ᠵᠢᠷᠤᠭ ᠪᠣᠯᠣᠨ᠎ᠠ᠃ ᠪᠦᠭᠦ |
ᠪᠦᠯᠭᠦᠮ ᠢᠶᠠᠷ ᠢᠶᠠᠨ ᠣᠷᠳᠣ ᠵᠠᠮ ᠤᠨ ᠠᠶᠠᠨ ᠲᠡᠶᠢᠨ ᠤ ᠵᠠᠮ ᠢ ᠳᠠᠭᠢᠨ ᠨᠢᠭᠡ ᠤᠳᠠᠭ᠎ᠠ ᠠᠯᠬᠤᠭᠰᠠᠨ ᠲᠠᠢ |
ᠠᠳᠠᠯᠢ ᠪᠠᠷ ᠨᠢᠭᠡ ᠵᠠᠮ ᠮᠠᠰᠢ ᠣᠯᠠᠨ ᠥᠯᠢᠭᠡᠷ ᠪᠠ ᠲᠡᠦᠬᠡᠨ ᠬᠡᠷᠡᠭ ᠶᠠᠪᠤᠳᠠᠯ ᠢ ᠰᠣᠨᠣᠰᠴᠤ᠂ ᠦᠵᠡᠵᠦ |
ᠰᠣᠨᠣᠰᠤᠭᠰᠠᠨ ᠢᠶᠠᠨ ᠪᠦᠲᠦᠭᠡᠯ ᠳᠡᠭᠡᠨ ᠭᠦᠢᠴᠡᠳ ᠠᠭᠤᠰᠬᠠᠭᠰᠠᠨ ᠪᠠᠶᠢᠨ᠎ᠠ ᠁︾ ᠭᠡᠵᠦ ᠲᠠᠶᠢᠯᠪᠤᠷᠢᠯᠠᠭᠴᠢ |
ᠱᠤᠭᠤᠮᠠᠯ ᠪᠦᠲᠦᠭᠡᠯ ᠤᠨ ᠠᠷᠤ ᠳᠠᠬᠢ ᠥᠯᠢᠭᠡᠷ ᠢ ᠰᠣᠨᠣᠰᠪᠤᠷᠢᠲᠠᠢ ᠰᠠᠶᠢᠬᠠᠨ ᠶᠠᠷᠢᠵᠤ᠂ ᠪᠦᠲᠦᠭᠡᠯ ᠢ ᠦᠨᠡᠨ |
ᠪᠣᠳᠠᠲᠠᠢ ᠪᠤᠯᠭᠠᠬᠤ ᠶᠢᠨ ᠬᠠᠮᠲᠤ ᠨᠠᠩ ᠣᠯᠠᠨ ᠰᠣᠶᠣᠯ ᠢᠷᠭᠡᠨᠰᠢᠯ ᠤᠨ ᠥᠩᠭᠡ ᠪᠤᠳᠤᠭ ᠢ ᠨᠡᠮᠡᠷᠢᠯᠡᠭᠰᠡᠨ ᠪᠠᠶᠢᠨ᠎ᠠ᠃ |
|
︽ᠮᠠᠨ ᠤ ᠡᠭᠦᠷᠭᠡ ᠪᠣᠯ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ |
ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠠᠪᠤᠳᠠᠯ |
ᠪᠣᠯᠣᠨ᠎ᠠ︾ ᠭᠡᠵᠦ ᠵᠢᠶᠠ ᠲᠧ ᠰᠤᠷᠪᠤᠯᠵᠢᠯᠠᠬᠴᠢ ᠳᠤ ᠬᠡᠯᠡᠪᠡ᠃ |
ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠪᠣᠯᠣᠨ ᠬᠠᠵᠠᠭᠤ ᠳᠠᠬᠢ ᠥᠪᠥᠷ ᠮᠣᠩᠭᠤᠯ ᠤᠨ |
ᠮᠦᠽᠧᠢ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠨᠢ ᠨᠡᠶᠢᠯᠡᠭᠡᠳ ᠨᠢᠭᠡᠨ ᠰᠣᠶᠣᠯ ᠲᠥᠪᠯᠡᠷᠡᠭᠰᠡᠨ |
ᠣᠷᠣᠨ ᠪᠣᠯᠤᠭᠰᠠᠨ ᠪᠠᠶᠢᠨ᠎ᠠ᠃ ᠡᠭᠦᠨ ᠤ ᠬᠠᠮᠲᠤ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠤ ᠡᠮᠦᠨ᠎ᠡ |
ᠲᠠᠯ᠎ᠠ ᠳᠤ ᠪᠠᠶᠢᠷᠢᠯᠠᠵᠤ ᠪᠠᠶᠢᠭ᠎ᠠ ᠭᠦᠭᠡᠬᠤᠲᠠ ᠶᠢᠨ ᠣᠯᠠᠨ ᠤᠯᠤᠰ ᠤᠨ ᠱᠤᠭᠤᠮᠠᠯ ᠤᠨ ᠬᠦᠷᠢᠶᠡᠯᠡᠩ ᠨᠢ ᠰᠢᠯᠢᠳᠡᠭ |
ᠱᠤᠭᠤᠮᠠᠯ ᠪᠦᠲᠦᠭᠡᠯ ᠢ ᠴᠡᠴᠡᠷᠯᠢᠭ ᠤᠨ ᠦᠵᠡᠮᠵᠢ ᠳᠤ ᠠᠭᠤᠰᠤᠯᠴᠠᠭᠤᠯᠤᠭᠰᠠᠨ ᠪᠥᠭᠡᠳ ᠪᠣᠯᠪᠠᠰᠤᠨ ᠤ ᠭᠤᠸ᠎ᠠ |
ᠰᠠᠶᠢᠬᠠᠨ᠂ ᠰᠣᠶᠣᠯ ᠤᠨ ᠭᠤᠸ᠎ᠠ ᠰᠠᠶᠢᠬᠠᠨ᠂ ᠤᠷᠠᠯᠢᠭ ᠤᠨ ᠭᠤᠸ᠎ᠠ ᠰᠠᠶᠢᠬᠠᠨ ᠢ ᠠᠷᠠᠳ ᠣᠯᠠᠨ ᠤ ᠡᠳᠦᠷ |
ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ |
ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠬᠤᠲᠠ ᠶᠢᠨ ᠣᠶᠤᠨ ᠰᠠᠨᠠᠭ᠎ᠠ ᠪᠠ ᠰᠣᠶᠣᠯ ᠤᠨ |
ᠠᠭᠤᠯᠤᠭᠳᠠᠬᠤᠨ ᠢ ᠴᠢᠨᠠᠭᠰᠢᠳᠠ ᠪᠠᠶᠠᠯᠢᠭᠵᠢᠭᠤᠯᠪᠠ᠃ |
ᠭᠦᠭᠡᠬᠤᠲᠠ ᠤᠯᠤᠰ ᠤᠨ ᠲᠡᠦᠬᠡ ᠰᠣᠶᠣᠯ ᠤᠨ ᠨᠡᠷᠡᠳᠤ ᠬᠤᠳᠠ ᠶᠢᠨ ᠡᠯᠪᠡᠭ ᠵᠤᠵᠠᠭᠠᠨ |
ᠠᠭᠤᠯᠤᠭᠳᠠᠬᠤᠨ ᠳᠤ ᠲᠦᠰᠢᠭᠯᠡᠵᠦ᠂ ᠳᠤᠮᠳᠠᠳᠤ ᠶᠢᠨ ᠰᠣᠶᠣᠯ ᠢ ᠬᠤᠳᠠ ᠶᠢᠨ ᠪᠦᠲᠦᠭᠡᠨ ᠪᠠᠶᠢᠭᠤᠯᠤᠯᠲᠠ |
ᠬᠥᠭᠵᠢᠯᠲᠡ ᠳᠤᠮᠳᠠ ᠠᠭᠤᠰᠤᠯᠴᠠᠭᠤᠯᠵᠤ᠂ ᠤᠮᠠᠷᠠᠲᠤ ᠬᠢᠯᠢ ᠶᠢᠨ ᠣᠨᠴᠠᠯᠢᠭ ᠲᠠᠢ ᠮᠦᠽᠧᠢ ᠶᠢᠨ ᠬᠤᠳᠠ᠂ |
ᠱᠤᠭᠤᠮᠠᠯ ᠤᠨ ᠬᠤᠳᠠ᠂ ᠤᠷᠠᠯᠢᠭ ᠤᠨ ᠬᠤᠳᠠ᠂ ᠤᠳᠤ ᠦᠶ᠎ᠡ ᠶᠢᠨ ᠪᠣᠯᠪᠠᠰᠤᠨ ᠤ ᠬᠤᠳᠠ ᠶᠢ ᠴᠣᠭᠴᠠᠯᠠᠵᠤ᠂ |
ᠤᠮᠠᠷᠠᠲᠤ ᠬᠢᠯᠢ ᠶᠢᠨ ᠰᠣᠶᠣᠯ ᠤᠨ ᠥᠨᠳᠦᠷᠯᠢᠭ ᠢ ᠰᠦᠪᠡᠭᠴᠢᠯᠡᠨ ᠪᠠᠶᠢᠭᠤᠯᠵᠤ ᠪᠠᠶᠢᠨ᠎ᠠ᠃ |
︽ᠠᠩᠬ᠎ᠠ ᠤᠳᠠᠭ᠎ᠠ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠳᠤ ᠢᠷᠡᠭᠡᠳ ᠷᠠᠩ·ᠺᠠᠷᠳᠤ᠋ ᠶᠢᠨ |
ᠤᠷᠠᠯᠢᠭ ᠤᠨ ᠪᠦᠲᠦᠭᠡᠯ ᠢ ᠰᠣᠨᠢᠷᠬᠠᠭᠠᠳ ᠨᠠᠳᠠ ᠳᠤ ᠮᠠᠰᠢ ᠭᠦᠨ ᠰᠠᠭᠤᠭᠳᠠᠯ ᠥᠭᠴᠡᠢ᠃ ᠡᠭᠦᠨ ᠳᠤ ᠪᠦᠬᠦᠯᠢ |
ᠴᠣᠭᠴᠠ ᠶᠢᠨ ᠵᠢᠷᠤᠭ ᠲᠥᠯᠥᠪᠯᠡᠭᠡ ᠶᠢᠨ ᠲᠥᠷᠥᠭᠳᠡᠯ ᠪᠠ ᠰᠣᠶᠣᠯ ᠤᠨ ᠥᠨᠳᠦᠷᠯᠢᠭ ᠤᠨ ᠲᠥᠷᠥᠭᠳᠡᠯ ᠮᠠᠰᠢ |
ᠴᠢᠩᠭ᠎ᠠ ᠪᠥᠭᠡᠳ ᠰᠢᠯᠵᠢᠩᠭᠦᠢ ᠭᠤᠸ᠎ᠠ ᠰᠠᠶᠢᠬᠠᠨ ᠤ ᠮᠡᠳᠡᠷᠡᠮᠵᠢ ᠭᠦᠷᠳᠡᠪᠡ︾ ᠭᠡᠵᠦ ᠰᠢᠨᠬᠤᠸᠠ ᠬᠤᠷᠢᠶ᠎ᠠ ᠶᠢᠨ |
ᠰᠤᠷᠪᠤᠯᠵᠢᠯᠠᠬᠴᠢ ᠯᠢᠶᠠᠩ ᠸᠠᠨ ᠱᠠᠨ ᠬᠡᠯᠡᠪᠡ᠃ |
|
|