ᠣᠶᠢᠷ᠎ᠠ ᠳᠤ᠂ ᠥᠪᠥᠷ ᠮᠣᠩᠭᠤᠯ - ᠱᠠᠨᠳᠦ᠋ᠩ ᠤᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ |
ᠵᠣᠯᠭᠠᠭᠤᠯᠬᠤ ᠬᠤᠷᠠᠯ ᠦᠶᠤᠸᠠᠨ ᠰᠢᠶᠠᠨ ᠳᠤ ᠶᠠᠪᠤᠭᠳᠠᠪᠠ᠃ |
ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠳᠠ᠂ ᠬᠥᠬᠡᠬᠤᠲᠠ᠂ ᠪᠤᠭᠤᠲᠤ ᠬᠤᠳᠠ᠂ ᠤᠯᠠᠭᠠᠨᠬᠠᠳᠠ |
ᠬᠤᠳᠠ᠂ ᠤᠯᠠᠭᠠᠨᠴᠠᠪ ᠬᠤᠳᠠ ᠵᠡᠷᠭᠡ ᠵᠢᠮᠢᠰ ᠢᠳᠡᠰᠢᠨ ᠨᠣᠭᠤᠭᠠᠨ ᠤ ᠭᠤᠣᠯᠳᠠᠯᠭ᠎ᠠ ᠲᠠᠢ ᠠᠶᠢᠮᠠᠭ ᠬᠤᠳᠠ ᠵᠢᠴᠢ |
ᠱᠠᠨᠳᠦ᠋ᠩ ᠮᠤᠵᠢ᠂ ᠲᠢᠶᠠᠨᠵᠢᠨ ᠬᠤᠳᠠ ᠵᠡᠷᠭᠡ ᠭᠠᠵᠠᠷ ᠤᠨ ᠠᠵᠢᠯ ᠲᠦᠷᠦᠯ ᠤᠨ ᠨᠡᠶᠢᠭᠡᠮᠯᠢᠭ ᠤᠨ ᠲᠥᠯᠥᠭᠡᠯᠡᠭᠴᠢ᠂ |
ᠠᠵᠤ ᠠᠬᠤᠶᠢᠯᠠᠯᠳᠠᠨ ᠦᠶᠤᠸᠠᠨ ᠰᠢᠶᠠᠨ ᠤ ᠰᠢᠷ᠎ᠠ ᠲᠥᠪᠡᠳ ᠬᠠᠰᠢ᠂ ᠵᠢᠢ ᠰᠢᠨ ᠵᠢᠮᠢᠰ᠂ ᠪᠸᠢ ᠪᠧᠢ ᠯᠠᠩᠭᠤᠸᠠ᠂ |
ᠯᠠᠵᠤᠤ᠂ ᠰᠢᠯᠦᠬᠡᠢ ᠡᠷᠳᠡᠨᠢ ᠰᠢᠰᠢ ᠵᠡᠷᠭᠡ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠶᠢᠨ |
ᠲᠣᠭᠤᠷᠢᠨ ᠳᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠵᠦ ᠬᠤᠳᠠᠯᠳᠤᠭᠠᠨ ᠤ ᠦᠢᠯᠡᠰ ᠲᠠᠢ |
ᠵᠥᠪᠳᠡᠯᠴᠡᠪᠡ᠃ |
ᠵᠣᠯᠭᠠᠭᠤᠯᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ |
ᠲᠢᠩᠬᠢᠮ᠂ ᠱᠠᠨᠳᠦ᠋ᠩ ᠮᠤᠵᠢ᠂ ᠲᠢᠶᠠᠨᠵᠢᠨ ᠬᠤᠲᠠ᠂ ᠦᠶᠤᠸᠠᠨ ᠰᠢᠶᠠᠨ ᠵᠡᠷᠭᠡ ᠨᠢ ᠵᠢᠮᠢᠰ ᠢᠳᠡᠰᠢᠨ |
ᠨᠣᠭᠤᠭ᠎ᠠ ᠶᠢᠨ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ |
ᠭᠤᠤᠯᠳᠠᠯᠭ᠎ᠠ ᠲᠠᠢ ᠲᠠᠨᠢᠯᠴᠠᠭᠤᠯᠵᠤ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ |
ᠲᠣᠪᠴᠢᠶ᠎ᠠ ᠶᠢᠨ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ |
ᠲᠥᠪ ᠠᠴᠠ ︽ᠪᠣᠷᠣᠲᠣᠬᠤᠶ ᠶᠢᠨ ᠲᠠᠯ᠎ᠠ ᠭᠠᠵᠠᠷ ᠦᠶᠤᠸᠠᠨ - ᠨᠢᠩᠰᠢᠶᠠ ᠶᠢᠨ ᠭᠦᠶᠤᠸᠠᠨ ᠲᠠᠷᠢᠶᠠᠯᠠᠬᠤ ᠭᠠᠵᠠᠷ |
ᠣᠷᠣᠨ ᠤ ᠭᠠᠵᠠᠷ ᠰᠢᠷᠣᠶ ᠶᠢᠨ ᠶᠠᠰᠤ ᠴᠢᠨᠠᠷ ᠤᠨ ᠭᠠᠵᠠᠷ ᠤᠨ ᠪᠥᠮᠪᠥᠷᠴᠡᠭ ᠤᠨ ᠬᠢᠮᠢ ᠶᠢᠨ ᠪᠠᠶᠢᠴᠠᠭᠠᠯᠲᠠ︾ ᠶᠢᠨ |
ᠤᠯᠤᠰ ᠤᠨ ᠲᠥᠷᠥᠯ ᠵᠦᠢᠯ ᠤᠨ ᠪᠠᠶᠢᠴᠠᠭᠠᠯᠲᠠ ᠶᠢᠨ ᠦᠢᠯᠡᠴᠢᠯᠡᠭᠡᠨ ᠤ ᠦᠷ᠎ᠡ ᠪᠦᠲᠦᠭᠡᠯ ᠢ ᠦᠶᠤᠸᠠᠨ ᠰᠢᠶᠠᠨ ᠳᠤ |
ᠵᠢᠩᠬᠢᠨᠢ ᠪᠠᠷ ᠰᠢᠯᠵᠢᠭᠦᠯᠦᠨ ᠲᠤᠰᠢᠶᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠰᠧᠯᠧᠨ ᠡᠯᠪᠡᠭ ᠪᠠᠶᠠᠯᠢᠭ |
ᠲᠠᠷᠢᠶᠠᠨ ᠭᠠᠵᠠᠷ ᠢ 3.10 ᠲᠦᠮᠡᠨ ᠮᠥ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠨᠡᠶᠢᠳᠡᠮ ᠳᠡᠭᠡᠨ |
ᠰᠧᠯᠧᠨ ᠡᠯᠪᠡᠭ ᠪᠠᠶᠢᠵᠤ᠂ ᠰᠧᠯᠧᠨ ᠡᠯᠪᠡᠭ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠰᠠᠶᠢᠨ |
ᠰᠠᠶᠢᠬᠠᠨ ᠢᠷᠡᠭᠡᠳᠦᠶ ᠲᠠᠢ ᠶᠤᠮ᠃ ᠪᠠᠶᠢᠴᠠᠭᠠᠯᠲᠠ ᠶᠢᠨ ᠦᠷ᠎ᠡ ᠪᠦᠲᠦᠭᠡᠯ ᠢ ᠦᠨᠳᠦᠰᠦᠯᠡᠪᠡᠯ᠂ ᠢᠷᠡᠭᠡᠳᠦᠢ ᠳᠤ |
ᠥᠪᠥᠷ ᠮᠣᠩᠭᠤᠯ ᠤᠨ ᠪᠣᠷᠣᠲᠣᠬᠤᠢ ᠣᠷᠣᠨ ᠤ ᠰᠧᠯᠧᠨ ᠡᠯᠪᠡᠭ ᠳᠡᠯᠪᠡᠭ ᠠᠵᠤ ᠦᠢᠯᠡᠰ ᠮᠠᠰᠢ ᠶᠡᠭᠡ |
ᠬᠥᠭᠵᠢᠯᠲᠡ ᠶᠢᠨ ᠣᠷᠣᠨ ᠵᠠᠢ ᠲᠠᠢ ᠶᠤᠮ᠃ |
ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ |
ᠲᠢᠩᠬᠢᠮ ᠠᠴᠠ ᠭᠤᠤᠯᠯᠠᠨ ᠡᠷᠭᠢᠯᠡᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠦᠶᠤᠸᠠᠨ |
ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩᠳᠣᠤ ᠬᠤᠲᠠ ᠶᠢᠨ ᠪᠠᠶᠠᠨᠨᠠᠭᠤᠷ ᠤᠨ ᠬᠤᠳᠠᠯᠳᠤᠭᠠᠴᠢᠳ ᠤᠨ |
ᠡᠪᠯᠡᠯ ᠳᠠᠭᠠᠭᠠᠴᠢᠯᠠᠨ ᠡᠷᠭᠢᠯᠡᠵᠦ᠂ ᠮᠧᠩ ᠯᠦ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠵᠣᠯᠭᠠᠯᠴᠠᠭ᠎ᠠ |
ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ |
ᠢᠯᠡᠷᠡᠭᠦᠯᠵᠦ᠂ ᠦᠶᠤᠸᠠᠨ ᠰᠢᠶᠠᠨ ᠤ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠠᠯᠳᠠᠷᠰᠢᠯ᠂ |
ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ ᠶᠤᠮ᠃ |
|