|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ︹ 2024 ︺ 179 ᠳ᠋ᠦ᠋ᠭᠡᠷ ᠲᠣᠭᠠᠲᠤ |
ᠥᠪᠥᠷ ᠵᠠᠰᠠᠭ ᠲᠠᠷᠬᠠᠭᠠᠭᠰᠠᠨ ︹ 2014 ︺ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ |
ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠤ ᠮᠡᠳᠡᠭᠳᠡᠯ |
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ |
ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ |
ᠦᠢᠯᠡᠰ ᠤᠨ ᠨᠢᠭᠡᠴᠢ ᠳᠤ᠄ |
︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ︵ᠲᠥᠷᠥ ᠶᠢᠨ ᠶᠠᠪᠤᠳᠠᠯ ᠤᠨ |
ᠬᠤᠷᠢᠶᠠᠨ ᠤ ᠵᠠᠷᠯᠢᠭ 586 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ |
ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ |
ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ |
︵ᠥᠪᠥᠷ ᠵᠠᠰᠠᠭ ᠲᠠᠷᠬᠠᠭᠠᠭᠰᠠᠨ ︹ 2014 ︺ 65 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ |
ᠲᠣᠪᠴᠢᠯᠠᠨ᠎ᠠ︶ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠪᠠᠷ ᠲᠣᠭᠲᠠᠪᠠ᠂ ᠡᠳᠦᠭᠡ |
ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃ |
ᠨᠢᠭᠡ᠂ ︽ᠮᠡᠳᠡᠭᠳᠡᠯ︾ ᠤᠨ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽ᠠᠵᠢᠯᠲᠠᠨ |
ᠠᠵᠢᠯᠴᠢᠨ ᠠᠳᠡᠯ ᠭᠠᠷᠤᠭᠰᠠᠨ ᠠᠴᠠ ᠪᠣᠯᠵᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ |
ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ |
ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ |
ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ |
ᠡᠪᠡᠳᠴᠢᠨ ᠢᠶᠠᠷ ᠣᠨᠣᠰᠢᠯᠠᠭᠤᠯᠤᠭᠰᠠᠨ᠂ ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ 30 ᠠᠵᠢᠯᠯᠠᠬᠤ |
ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ ᠲᠠᠢ |
ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ |
ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ︾ ᠭᠡᠳᠡᠭ ᠢ ︽ᠠᠵᠢᠯᠲᠠᠨ ᠠᠵᠢᠯᠴᠢᠨ ᠠᠳᠡᠯ ᠳᠤ |
ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ |
ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ |
ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ |
ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ᠂ ᠬᠢᠨᠠᠨ ᠲᠣᠭᠲᠠᠭᠠᠯᠭᠠᠭᠰᠠᠨ |
ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ |
ᠬᠠᠮᠢᠶᠠᠷᠬᠤ ᠡᠷᠬᠡ ᠲᠠᠢ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ |
ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ᠃ ᠣᠨᠴᠠᠭᠠᠢ ᠪᠠᠶᠢᠳᠠᠯ |
ᠲᠣᠬᠢᠶᠠᠯᠳᠤᠪᠠᠯ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ |
ᠵᠥᠪᠰᠢᠶᠡᠷᠡᠭᠦᠯᠦᠭᠡᠳ᠂ ᠭᠤᠶᠤᠴᠢᠯᠠᠬᠤ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠣᠨ᠎ᠠ︾ |
ᠭᠡᠵᠦ ᠵᠠᠰᠠᠪᠤᠷᠢ ᠣᠷᠣᠭᠤᠯᠪᠠ᠃ |
ᠬᠤᠶᠠᠷ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ |
ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ |
ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
2024 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
|
|
|
|
|
|
|
|
|
᠁ |