|
︽ᠤᠬᠠᠭᠳᠠᠬᠤᠨ ᠢ ᠰᠢᠯᠭᠠᠨ ᠨᠤᠲᠠᠯᠠᠬᠤ︾ |
ᠤᠬᠠᠭᠳᠠᠬᠤᠨ ᠢ ᠰᠢᠯᠭᠠᠨ ᠨᠤᠲᠠᠯᠠᠬᠤ ᠭᠡᠳᠡᠭ ᠨᠢ ᠮᠡᠷᠭᠡᠵᠢᠯ᠂ ᠵᠠᠬ᠎ᠠ ᠳᠡᠯᠭᠡᠭᠦᠷ᠂ ᠠᠵᠤ ᠦᠢᠯᠡᠰ ᠵᠡᠷᠭᠡ |
ᠲᠠᠯ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠭᠠᠨ ᠪᠠᠲᠤᠯᠠᠵᠤ᠂ ᠮᠡᠷᠭᠡᠵᠢᠯ ᠤᠨ |
ᠪᠣᠯᠤᠮᠵᠢᠲᠤ ᠴᠢᠨᠠᠷ ᠢ ᠰᠢᠯᠭᠠᠨ ᠨᠤᠲᠠᠯᠠᠬᠤ ᠶᠢᠨ ᠬᠠᠮᠲᠤ ᠬᠤᠳᠠᠯᠳᠤᠭᠠᠨ ᠤ ᠥᠷᠲᠡᠭ ᠢ ᠨᠢ ᠮᠠᠭᠠᠳᠯᠠᠵᠤ᠂ ᠵᠠᠬ᠎ᠠ |
ᠳᠡᠯᠭᠡᠭᠦᠷ ᠤᠨ ᠳᠠᠯᠳᠠ ᠬᠦᠴᠦᠨ ᠢ ᠨᠢ ᠦᠨᠡᠯᠡᠨ ᠵᠢᠱᠢᠬᠦ ᠵᠣᠷᠢᠯᠲᠠ ᠲᠠᠢ ᠪᠠᠶᠢᠵᠤ᠂ ᠨᠡᠶᠢᠭᠡᠮ ᠤᠨ ᠬᠥᠷᠥᠩᠭᠡ ᠶᠢ |
ᠲᠠᠲᠠᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠢᠯᠡᠳᠬᠦᠨ ᠪᠣᠯᠭᠠᠬᠤ᠂ ᠵᠠᠬ᠎ᠠ |
ᠳᠡᠯᠭᠡᠭᠦᠷᠴᠢᠯᠡᠭᠰᠡᠨ ᠠᠵᠤ ᠦᠢᠯᠡᠰᠵᠢᠯᠲᠡ ᠶᠢᠨ ᠬᠡᠷᠡᠭᠯᠡᠯᠲᠡ ᠶᠢᠨ ᠱᠠᠲᠤᠨ ᠳᠤ ᠣᠷᠣᠬᠤ ᠶᠢ ᠠᠬᠢᠭᠤᠯᠬᠤ ᠶᠢᠨ |
ᠴᠢᠬᠤᠯᠠ ᠭᠤᠭᠴᠤᠭ᠎ᠠ ᠪᠣᠯᠤᠨ᠎ᠠ᠃ |
︽ᠤᠯᠤᠰ ᠤᠨ ᠬᠤᠷᠸ᠎ᠠ ᠪᠡᠯᠡ ᠬᠥᠷᠥᠩᠭᠡ ᠶᠢᠨ ᠥᠷᠢ ᠰᠢᠷᠢ ᠶᠢᠨ ᠬᠦᠰᠦᠨᠦᠭᠲᠦ︾ |
ᠤᠯᠤᠰ ᠤᠨ ᠬᠤᠷᠸ᠎ᠠ ᠪᠡᠯᠡ ᠬᠥᠷᠥᠩᠭᠡ ᠶᠢᠨ ᠥᠷᠢ ᠰᠢᠷᠢ ᠶᠢᠨ ᠬᠦᠰᠦᠨᠦᠭᠲᠦ ᠪᠣᠯ ᠨᠢᠭᠡ ᠤᠯᠤᠰ ᠪᠤᠶᠤ |
ᠭᠠᠵᠠᠷ ᠣᠷᠣᠨ ᠤ ᠣᠨᠴᠠ ᠲᠣᠭᠲᠠᠭᠰᠠᠨ ᠴᠠᠭ ᠬᠤᠭᠤᠴᠠᠭᠠᠨ ᠳᠤ ᠡᠵᠡᠮᠰᠢᠵᠦ ᠪᠠᠶᠢᠭ᠎ᠠ ᠡᠳ᠋ ᠬᠥᠷᠥᠩᠭᠡ᠂ ᠥᠷᠢ |
ᠰᠢᠷᠢ ᠶᠢᠨ ᠶᠡᠷᠦᠩᠬᠡᠶ ᠬᠡᠮᠵᠢᠶ᠎ᠡ ᠵᠢᠴᠢ ᠪᠦᠲᠦᠴᠡ ᠶᠢ ᠶᠡᠷᠦᠩᠬᠡᠶᠢᠯᠡᠨ ᠲᠤᠰᠬᠠᠬᠤ ᠪᠦᠷᠢᠳᠬᠡᠯ ᠤᠨ ᠬᠦᠰᠦᠨᠦᠭᠲᠦ |
ᠪᠣᠯᠣᠨ᠎ᠠ᠂ ᠡᠭᠦᠨ ᠳᠤ ᠵᠠᠰᠠᠭ ᠤᠨ ᠣᠷᠳᠣᠨ᠂ ᠰᠠᠭᠤᠭᠠᠯᠢ ᠡᠷᠦᠬᠡ᠂ ᠮᠥᠩᠭᠦᠨ ᠭᠦᠢᠯᠭᠡᠭᠡᠨ ᠤ ᠪᠤᠰᠤ ᠠᠵᠤ |
ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠡᠯ᠎ᠡ ᠰᠠᠯᠠᠭ᠎ᠠ ᠮᠥᠴᠢᠷ ᠪᠠᠶᠢᠭᠤᠯᠤᠮᠵᠢ ᠶᠢᠨ ᠡᠵᠡᠮᠰᠢᠵᠦ |
ᠪᠠᠶᠢᠭ᠎ᠠ ᠡᠳ᠋ ᠬᠥᠷᠥᠩᠭᠡ ᠬᠢᠭᠡᠳ ᠥᠷᠢ ᠰᠢᠷᠢ ᠶᠢᠨ ᠬᠡᠪᠴᠢᠶ᠎ᠡ ᠪᠠ ᠪᠦᠲᠦᠴᠡ ᠪᠠᠭᠲᠠᠨ᠎ᠠ᠃ ᠤᠯᠤᠰ ᠤᠨ ᠬᠤᠷᠸ᠎ᠠ |
ᠪᠡᠯᠡ ᠬᠥᠷᠥᠩᠭᠡ ᠶᠢᠨ ᠥᠷᠢ ᠰᠢᠷᠢ ᠶᠢᠨ ᠬᠦᠰᠦᠨᠦᠭᠲᠦ ᠨᠢ ᠨᠢᠭᠡ ᠤᠯᠤᠰ ᠤᠨ ᠣᠯᠠᠨ ᠵᠢᠯ ᠤᠨ ᠠᠵᠤ ᠠᠬᠤᠢ ᠶᠢᠨ |
ᠨᠡᠮᠡᠭᠳᠡᠯ ᠠᠴᠠ ᠪᠤᠢ ᠪᠣᠯᠣᠭᠰᠠᠨ ᠡᠳ᠋ ᠪᠠᠶᠠᠯᠢᠭ ᠤᠨ ᠬᠤᠷᠠᠮᠳᠤᠭᠤᠯᠭ᠎ᠠ ᠶᠢ ᠬᠡᠮᠵᠢᠵᠦ ᠪᠣᠯᠬᠤ ᠪᠥᠭᠡᠳ᠂ ᠤᠯᠤᠰ ᠤᠨ |
ᠠᠵᠤ ᠠᠬᠤᠢ ᠶᠢᠨ ᠬᠤᠪᠢᠷᠠᠯᠲᠠ ᠶᠢᠨ ᠬᠠᠨᠳᠤᠰᠢ ᠪᠠ ᠡᠷᠡᠭᠦᠯ ᠮᠡᠨᠳᠦ ᠶᠢᠨ ᠪᠠᠶᠢᠳᠠᠯ ᠢ ᠦᠯᠡᠳᠡᠭᠡᠯ ᠬᠠᠷᠠᠭᠠᠰᠤ ᠠᠴᠠ |
ᠵᠠᠳᠠᠯᠬᠤ ᠳᠤ ᠬᠡᠷᠡᠭᠯᠡᠨ᠎ᠡ᠃ |
︽ᠵᠢᠱᠢᠯᠲᠡ ᠶᠢᠨ ᠬᠠᠮᠢᠶᠠᠷᠤᠯᠲᠠ︾ |
ᠵᠢᠱᠢᠯᠲᠡ ᠶᠢᠨ ᠬᠠᠮᠢᠶᠠᠷᠤᠯᠲᠠ ᠪᠣᠯ ᠬᠤᠷᠸ᠎ᠠ ᠠᠵᠤ ᠠᠬᠤᠶ ᠶᠢᠨ ᠵᠠᠰᠠᠯᠲᠠ ᠶᠢᠨ ᠴᠢᠬᠤᠯᠠ ᠠᠭᠤᠯᠭ᠎ᠠ |
ᠪᠠᠶᠢᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠲᠠᠶᠢᠯᠬᠤ᠂ ᠮᠡᠳᠡᠭᠡ |
ᠵᠠᠩᠭᠢ ᠶᠢ ᠢᠯᠡ ᠪᠣᠯᠭᠠᠬᠤ᠂ ᠰᠣᠨᠢᠨ ᠮᠡᠳᠡᠭᠡ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠣᠯᠠᠨ ᠨᠡᠶᠢᠲᠡ ᠯᠦᠭᠡ ᠶᠢᠨ |
ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠨᠡᠶᠢᠭᠡᠮ ᠤᠨ ᠵᠢᠱᠢᠯᠲᠡ ᠶᠢ ᠪᠦᠲᠦᠮᠵᠢᠲᠡᠶ ᠬᠥᠲᠥᠯᠦᠨ |
ᠵᠢᠯᠣᠭᠤᠳᠬᠤ᠂ ᠵᠣᠬᠢᠴᠠᠭᠤᠯᠬᠤ ᠪᠠ ᠲᠣᠭᠲᠠᠪᠤᠷᠢᠵᠢᠭᠤᠯᠵᠤ ᠪᠠᠶᠢᠭᠠᠳ᠂ ᠲᠥᠷᠥ ᠶᠢᠨ ᠪᠣᠳᠣᠯᠭ᠎ᠠ ᠶᠢ ᠶᠠᠮᠠᠷ ᠨᠢᠭᠡᠨ |
ᠬᠡᠮᠵᠢᠶᠡᠨ ᠳᠡᠭᠡᠷ᠎ᠡ ᠤᠷᠢᠳᠴᠢᠯᠠᠨ ᠮᠡᠳᠡᠬᠦ ᠪᠠ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ |
ᠬᠠᠮᠤᠭ ᠤᠨ ᠶᠡᠭᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠱᠢᠭᠰᠡᠨ ᠦᠢᠯᠡᠳᠦᠯ ᠳᠤ ᠨᠢ |
ᠬᠦᠷᠦᠭᠦᠯᠬᠦ ᠶᠢ ᠦᠨᠡᠨ ᠬᠦ ᠪᠠᠲᠤᠯᠠᠬᠤ ᠪᠠᠨ ᠵᠢᠭᠠᠵᠤ ᠪᠠᠶᠢᠨ᠎ᠠ᠃ ᠵᠢᠱᠢᠯᠲᠡ ᠶᠢᠨ ᠬᠠᠮᠢᠶᠠᠷᠤᠯᠲᠠ ᠨᠢ ᠵᠠᠬ᠎ᠠ |
ᠳᠡᠯᠭᠡᠭᠦᠷ ᠢ ᠲᠣᠭᠲᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠳᠡᠭᠡᠭᠰᠢᠯᠡᠭᠦᠯᠬᠦ ᠳᠤ ᠴᠢᠬᠤᠯᠠ |
ᠠᠴᠢ ᠬᠤᠯᠪᠣᠭᠳᠠᠯ ᠲᠠᠢ ᠪᠠᠶᠢᠵᠤ᠂ ᠪᠦᠲᠦᠮᠵᠢᠲᠡᠶ ᠵᠢᠱᠢᠯᠲᠡ ᠶᠢᠨ ᠬᠠᠮᠢᠶᠠᠷᠤᠯᠲᠠ ᠪᠠᠷ ᠵᠠᠬ᠎ᠠ ᠳᠡᠯᠭᠡᠭᠦᠷ ᠲᠤ |
ᠣᠷᠣᠯᠴᠠᠭᠰᠠᠳ ᠤᠨ ᠦᠢᠯᠡ ᠠᠵᠢᠯᠯᠠᠭ᠎ᠠ ᠶᠢ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ ᠬᠡᠯᠪᠡᠯᠵᠡᠯ ᠢ |
ᠪᠠᠭᠠᠰᠬᠠᠨ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠪᠦᠲᠦᠮᠵᠢ ᠪᠠ ᠦᠢᠯᠡᠳᠦᠯ ᠢ ᠳᠡᠭᠡᠭᠰᠢᠯᠡᠭᠦᠯᠬᠦ ᠪᠣᠯᠣᠨ᠎ᠠ᠃ |
|