ᠶᠡᠷᠦᠩᠬᠡᠶᠢᠯᠡᠭᠰᠡᠨ ᠴᠢᠨᠠᠷᠲᠠᠢ ᠮᠦᠽᠧᠢ ᠳᠤ ᠬᠦᠷᠴᠦ᠂ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ |
ᠵᠦᠢᠯ ᠤᠨ ᠦᠨᠡᠲᠦ ᠡᠷᠳᠡᠨᠢ ᠶᠢ ᠰᠣᠨᠢᠷᠬᠠᠨ᠎ᠠ︔ ᠬᠤᠪᠢᠰᠬᠠᠯ ᠤᠨ ᠪᠠᠭᠤᠷᠢ ᠶᠢᠨ ᠲᠦᠷᠦᠯ ᠤᠨ ᠮᠦᠽᠧᠢ᠂ |
ᠳᠤᠷᠠᠰᠬᠠᠯ ᠤᠨ ᠣᠷᠳᠣᠨ ᠳᠤ ᠬᠦᠷᠴᠦ ᠰᠢᠨ᠎ᠡ ᠳᠤᠮᠳᠠᠳᠤ ᠤᠯᠤᠰ ᠤᠨ 75 ᠵᠢᠯ ᠤᠨ ᠤᠢ ᠶᠢ ᠪᠡᠯᠭᠡᠯᠡᠨ᠎ᠡ ᠁ |
ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ ᠲᠣᠮᠣ |
ᠮᠦᠽᠧᠢ᠂ ᠳᠤᠷᠠᠰᠬᠠᠯ ᠤᠨ ᠣᠷᠳᠣᠨ ᠵᠤᠨ ᠤ ᠠᠮᠠᠷᠠᠯᠲᠠ ᠶᠢᠨ ᠬᠤᠭᠤᠴᠠᠭᠠᠨ ᠤ ᠳᠠᠷᠠᠭᠠᠬᠢ ᠵᠢᠭᠤᠯᠴᠢᠯᠠᠭᠴᠢᠳ ᠤᠨ |
ᠤᠷᠬᠢᠯ ᠢ ᠳᠠᠬᠢᠨᠲᠠ ᠤᠭᠲᠤᠵᠤ᠂ ︽ᠤᠯᠠᠨ ᠤ ᠠᠶ᠎ᠠ ᠶᠢ ᠲᠠᠭᠠᠬᠤ︾ ᠵᠠᠭᠪᠤᠷ ᠢ ᠡᠬᠢᠯᠡᠭᠦᠯᠵᠡᠢ᠃ ᠥᠷᠭᠡᠨ ᠤᠯᠠᠨ |
ᠠᠷᠠᠳ ᠲᠦᠮᠡᠨ ᠤ ᠬᠦᠷ ᠬᠥᠭᠵᠢᠶᠡᠨ ᠲᠠᠢ ᠲᠣᠭᠤᠷᠢᠨ ᠦᠵᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠥᠪᠥᠷ |
ᠮᠣᠩᠭᠤᠯ ᠤᠨ ᠡᠯ᠎ᠡ ᠭᠠᠵᠠᠷ ᠤᠨ ᠮᠦᠽᠧᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠤᠯᠠᠨ ᠡᠰᠢᠲᠦ |
ᠰᠣᠶᠣᠯ ᠤᠨ ᠪᠦᠲᠦᠭᠡᠭᠳᠡᠬᠦᠨ ᠢ ᠬᠠᠩᠭᠠᠵᠤ᠂ ᠤᠯᠠᠨ ᠶᠠᠩᠵᠤ ᠶᠢᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ |
ᠥᠷᠨᠢᠭᠦᠯᠵᠦ᠂ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ |
ᠵᠦᠢᠯᠡᠰ ᠢ ᠠᠮᠢᠯᠠᠭᠤᠯᠬᠤ ᠪᠠᠷ ᠴᠢᠷᠮᠠᠶᠢᠪᠠ᠃ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ |
7 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠡᠯ᠎ᠡ ᠭᠠᠵᠠᠷ ᠤᠨ ᠮᠦᠽᠧᠢ ᠶᠢᠨ ᠭᠥᠯᠢᠶᠡᠨ ᠠᠪᠤᠭᠰᠠᠨ |
ᠵᠢᠭᠤᠯᠴᠢᠯᠠᠭᠴᠢᠳ ᠤᠨ ᠪᠥᠬᠦ ᠲᠤᠭ᠎ᠠ 109.65 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ |
ᠬᠤᠭᠤᠴᠠᠭᠠᠨ ᠤ ᠬᠢ ᠠᠴᠠ 15.6% ᠪᠠᠷ ᠨᠡᠮᠡᠭᠳᠡᠨ᠂ 7 ᠲᠠᠯᠠᠪᠠᠢ ᠤᠯᠤᠰ ᠤᠨ ᠪᠠᠶᠠᠷ ᠤᠨ ᠭᠤᠣᠯ ᠰᠡᠳᠦᠪᠲᠦ |
ᠦᠵᠡᠭᠦᠯᠭᠡ᠂ 943 ᠲᠠᠯᠠᠪᠤᠷ ᠨᠡᠶᠢᠭᠡᠮ ᠵᠢᠷᠤᠮ ᠤᠨ ᠬᠥᠮᠦᠵᠢᠯ ᠤᠨ ᠠᠵᠢᠯᠯᠠᠭ᠎ᠠ ᠶᠢ ᠰᠢᠨ᠎ᠡ ᠪᠠᠷ ᠡᠷᠭᠢᠯᠡᠵᠦ᠂ |
ᠮᠦᠽᠧᠢ ᠪᠣᠯᠣᠨ ᠦᠵᠡᠭᠴᠢᠳ ︽ᠬᠤᠣᠰ ᠴᠢᠭᠯᠡᠯ ᠢᠶᠠᠷ ᠤᠷᠤᠭᠰᠢᠯᠠᠵᠤ︾᠂ ︽ᠮᠦᠽᠧᠢ ᠶᠢᠨ ᠬᠠᠯᠠᠮᠰᠢᠯ︾ |
ᠦᠷᠭᠦᠯᠵᠢᠯᠡᠨ ᠨᠡᠮᠡᠭᠳᠡᠵᠦ ᠪᠠᠶᠢᠨ᠎ᠠ᠃ |
ᠦᠢᠯᠡᠴᠢᠯᠡᠭᠡ ᠶᠢ ᠳᠡᠰ ᠳᠡᠪᠰᠢᠬᠦᠯᠪᠡ |
ᠡᠯ᠎ᠡ ᠭᠠᠵᠠᠷ ᠤᠨ ᠮᠦᠽᠧᠢ ᠶᠢᠨ ᠬᠢᠨ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ |
ᠬᠦᠷᠴᠦ ᠢᠷᠡᠬᠦ ᠠᠴᠠ ᠡᠮᠦᠨ᠎ᠡ ᠤᠷᠢᠳᠴᠢᠯᠠᠨ ᠪᠠᠶᠢᠷᠢᠯᠠᠭᠤᠯᠵᠤ᠂ ᠵᠣᠴᠢᠨ ᠤᠭᠲᠤᠬᠤ ᠪᠡᠯᠡᠳᠬᠡᠯ ᠢ ᠰᠠᠶᠢᠲᠤᠷ ᠬᠢᠪᠡ᠃ |
ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠨᠢ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯ ᠤᠨ ᠲᠤᠪᠴᠢᠶᠠᠨ ᠤ ︽ᠮᠦᠽᠧᠢ ᠶᠢᠨ ᠨᠡᠭᠡᠭᠡᠯᠲᠡ ᠵᠢᠨᠦᠢᠯᠡᠴᠢᠯᠡᠭᠡᠨ ᠤ ᠠᠵᠢᠯ ᠢ ᠰᠠᠶᠢᠲᠤᠷ |
ᠬᠢᠬᠦ ᠬᠤᠯᠪᠣᠭᠳᠠᠯ ᠪᠦᠬᠦᠢ ᠵᠦᠢᠯᠡᠰ ᠤᠨ ᠰᠦᠯᠵᠢᠶᠡᠨ ᠳᠡᠭᠡᠷᠡᠬᠢ ᠬᠤᠷᠠᠯ︾ ᠤᠨ ᠵᠣᠷᠢᠭ ᠰᠠᠨᠠᠭ᠎ᠠ ᠶᠢ |
ᠨᠠᠶᠢᠳᠠᠪᠤᠷᠢᠵᠢᠭᠤᠯᠵᠤ᠂ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠲᠠᠢ |
ᠤᠶᠠᠯᠳᠤᠭᠤᠯᠤᠨ᠂ ᠬᠥᠬᠡᠬᠤᠲᠠ ᠶᠢᠨ ᠮᠦᠽᠧᠢ᠂ ᠪᠤᠭᠤᠲᠤ ᠶᠢᠨ ᠮᠦᠽᠧᠢ᠂ ᠣᠷᠳᠣᠰ ᠤᠨ ᠳ᠋ᠦᠩᠱᠧᠩ |
ᠲᠣᠭᠤᠷᠢᠭ ᠤᠨ ᠮᠦᠽᠧᠢ ᠵᠡᠷᠭᠡ ᠣᠯᠠᠨ ᠮᠦᠽᠧᠢ ᠶᠢ ᠰᠤᠭᠤᠴᠢᠨ ᠪᠠᠶᠢᠴᠠᠭᠠᠪᠠ ᠃ ᠪᠥᠬᠦ ᠣᠷᠣᠨ ᠤ ᠮᠦᠽᠧᠢ |
ᠪᠠᠶᠠᠷ ᠤᠨ ᠡᠳᠦᠷ ᠠᠴᠠ ᠡᠮᠦᠨ᠎ᠡ ᠥᠪᠡᠷ ᠤᠨ ᠪᠠᠶᠢᠴᠠᠭᠠᠯᠲᠠ ᠬᠢᠵᠦ᠂ ᠢᠯᠠᠩᠭᠤᠶ᠎ᠠ ᠮᠦᠽᠧᠢ ᠶᠢᠨ ᠭᠠᠯ ᠤᠨᠲᠠᠷᠠᠭᠠᠬᠤ |
ᠠᠮᠤᠷ ᠲᠦᠪᠰᠢᠨ ᠤ ᠰᠡᠷᠭᠡᠶᠢᠯᠡᠯᠲᠡ᠂ ᠰᠦᠯᠵᠢᠶᠡᠨ ᠤ ᠲᠠᠪᠴᠠᠩ ᠤᠨ ᠠᠮᠤᠷ ᠲᠦᠪᠰᠢᠨ ᠵᠡᠷᠭᠡ ᠲᠠᠯ᠎ᠠ ᠪᠠᠷ |
ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ |
|
ᠦᠵᠡᠭᠦᠯᠭᠡ ᠶᠢ ᠰᠢᠨᠡᠴᠢᠯᠡᠪᠡ |
ᠥᠷᠭᠡᠨ ᠤᠯᠠᠨ ᠦᠵᠡᠭᠴᠢ ᠶᠢᠨ ︽ᠨᠡᠩ ᠭᠦᠨᠵᠡᠭᠡᠢ ᠤᠶᠢᠯᠠᠭᠠᠯᠲᠠ᠂ ᠨᠡᠩ ᠤᠯᠠᠨ ᠰᠣᠶᠣᠯ ᠤᠨ ᠬᠠᠶᠢᠯᠲᠠ |
︾ ᠶᠢᠨ ᠦᠵᠡᠭᠦᠯᠭᠡ ᠶᠢᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠪᠦᠬᠦ ᠣᠷᠣᠨ ᠤ ᠮᠦᠽᠧᠢ ᠶᠢᠨ ᠬᠢᠨ |
ᠠᠳᠠᠯᠢ ᠪᠤᠰᠤ ᠨᠠᠰᠤᠨ ᠤ ᠵᠢᠭᠤᠯᠴᠢᠯᠠᠭᠴᠢᠳ ᠤᠨ ᠳᠤᠷ᠎ᠠ ᠰᠤᠨᠢᠷᠬᠠᠯ ᠪᠣᠯᠣᠨ ᠰᠣᠶᠣᠯ ᠤᠨ ᠱᠠᠭᠠᠷᠳᠠᠯᠭ᠎ᠠ ᠳᠤ |
ᠴᠢᠭᠯᠡᠭᠦᠯᠦᠨ ᠠᠳᠠᠯᠢ ᠪᠤᠰᠤ ᠲᠦᠷᠦᠯ ᠬᠡᠯᠪᠡᠷᠢ ᠶᠢᠨ ᠰᠣᠳᠣᠨ ᠪᠦᠲᠦᠭᠡᠯ ᠤᠨ ᠦᠵᠡᠭᠦᠯᠭᠡ ᠭᠠᠷᠭᠠᠵᠠᠢ᠃ |
|
ᠠᠵᠢᠯᠯᠠᠭ᠎ᠠ ᠶᠢ ᠣᠯᠠᠨ ᠡᠰᠢᠵᠢᠬᠦᠯᠪᠡ |
ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠤᠯᠠᠨ |
ᠮᠦᠽᠧᠢ ᠰᠢᠨ᠎ᠡ ᠬᠡᠯᠪᠡᠷᠢ ᠶᠢᠨ᠂ ᠪᠠᠶᠠᠯᠢᠭ ᠠᠭᠤᠯᠭ᠎ᠠ ᠲᠠᠢ ᠨᠡᠶᠢᠭᠡᠮ ᠵᠢᠷᠤᠮ ᠤᠨ ᠬᠥᠮᠦᠵᠢᠯ ᠤᠨ ᠠᠵᠢᠯᠯᠠᠭ᠎ᠠ |
ᠥᠷᠨᠢᠭᠦᠯᠵᠦ ᠨᠡᠩ ᠠᠮᠢᠳᠤᠯᠢᠭ ᠣᠶᠢᠯᠠᠭᠠᠯᠲᠠ ᠶᠢ ᠬᠠᠩᠭᠠᠵᠤ᠂ ᠥᠷᠭᠡᠨ ᠤᠯᠠᠨ ᠦᠵᠡᠭᠴᠢ ᠳᠤ ︽ᠰᠣᠶᠣᠯ ᠤᠨ |
ᠵᠢᠭᠤᠯᠴᠢᠯᠠᠯ︾ ᠢ ᠬᠦᠷᠲᠡᠭᠡᠪᠡ᠃ |
|
|