|
|
ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ︽ᠦᠷᠡᠵᠢᠯ ᠢ ᠳᠡᠮᠵᠢᠬᠦ ᠲᠥᠷᠥ ᠶᠢᠨ |
ᠪᠣᠳᠣᠯᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ ᠦᠷᠡᠵᠢᠯ ᠳᠤ ᠡᠭᠡᠯᠢᠲᠡᠢ ᠨᠡᠶᠢᠭᠡᠮ ᠤᠨ |
ᠪᠠᠶᠢᠭᠤᠯᠤᠯᠲᠠ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠣᠷ᠎ᠠ ︽ᠠᠷᠭ᠎ᠠ ᠬᠡᠮᠵᠢᠶ᠎ᠡ ᠨᠦᠭᠦᠳ︾ ᠭᠡᠵᠦ |
ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ |
︽ᠠᠷᠭ᠎ᠠ ᠬᠡᠮᠵᠢᠶ᠎ᠡ ᠨᠦᠭᠦᠳ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ |
ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ |
ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ |
ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠮᠥᠨ ᠠᠮᠠ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ |
ᠲᠠᠨᠢᠵᠤ᠂ ᠵᠣᠬᠢᠴᠠᠵᠤ᠂ ᠬᠥᠲᠥᠯᠥᠨ ᠳᠠᠭᠠᠭᠤᠯᠵᠤ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ |
ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠬᠥᠮᠥᠰ᠂ ᠪᠥᠬᠦ ᠠᠮᠢ ᠨᠠᠰᠤᠨ ᠤ ᠦᠶᠡᠯᠡᠯ ᠤᠨ |
ᠬᠤᠭᠤᠴᠠᠭ᠎ᠠ ᠶᠢ ᠬᠠᠮᠤᠷᠤᠭᠰᠠᠨ ᠬᠥᠮᠥᠨ ᠠᠮᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ |
ᠲᠦᠷᠦᠵᠦ ᠬᠥᠩᠭᠡᠵᠢᠬᠦ᠂ ᠥᠰᠬᠡᠨ ᠪᠣᠶᠢᠵᠢᠭᠤᠯᠬᠤ᠂ ᠰᠤᠷᠭᠠᠨ ᠬᠥᠮᠥᠵᠢᠭᠦᠯᠬᠦ ᠥᠪᠡᠷ ᠤᠨ ᠥᠷᠲᠡᠭ ᠢ ᠪᠦᠲᠦᠮᠵᠢᠲᠡᠶ |
ᠪᠠᠭᠤᠷᠠᠭᠤᠯᠵᠤ᠂ ᠪᠥᠬᠦ ᠨᠡᠶᠢᠭᠡᠮ ᠢᠶᠠᠷ ᠢᠶᠠᠨ ᠦᠷᠡᠵᠢᠯ ᠢ ᠬᠦᠨᠳᠦᠳᠬᠡᠬᠦ᠂ ᠦᠷᠡᠵᠢᠯ ᠢ ᠳᠡᠮᠵᠢᠬᠦ ᠰᠠᠶᠢᠨ ᠰᠠᠶᠢᠬᠠᠨ |
ᠠᠭᠤᠷ ᠠᠮᠢᠰᠬᠤᠯ ᠢ ᠪᠣᠶ ᠪᠣᠯᠭᠠᠵᠤ᠂ ᠵᠣᠬᠢᠰᠲᠠᠢ ᠦᠷᠡᠵᠢᠯ ᠤᠨ ᠬᠢᠷᠢ ᠲᠦᠪᠰᠢᠨ ᠲᠠᠢ ᠪᠣᠯᠭᠠᠬᠤ ᠶᠢ ᠲᠦᠯᠬᠢᠨ |
ᠠᠬᠢᠭᠤᠯᠵᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ |
ᠬᠠᠩᠭᠠᠬᠤ ᠪᠣᠯᠣᠨ᠎ᠠ᠃ |
︽ᠠᠷᠭ᠎ᠠ ᠬᠡᠮᠵᠢᠶ᠎ᠡ ᠨᠦᠭᠦᠳ︾ ᠲᠤ ᠦᠷᠡᠵᠢᠯ ᠢ ᠳᠡᠮᠵᠢᠬᠦ ᠰᠢᠷᠢᠰ ᠠᠷᠭ᠎ᠠ ᠬᠡᠮᠵᠢᠶ᠎ᠡ ᠶᠢ 4 ᠲᠠᠯ᠎ᠠ ᠠᠴᠠ |
ᠳᠤᠷᠠᠳᠤᠨ ᠭᠠᠷᠭᠠᠪᠠ᠃ |
ᠨᠢᠭᠡ ᠳᠤ᠂ ᠦᠷᠡᠵᠢᠯ ᠤᠨ ᠦᠢᠯᠡᠴᠢᠯᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠦᠷᠡᠵᠢᠯ ᠤᠨ ᠳᠠᠭᠠᠳᠬᠠᠯ ᠤᠨ |
ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠵᠤ᠂ ᠨᠥᠬᠦᠴᠡᠯ ᠲᠠᠢ ᠭᠠᠵᠠᠷ ᠢ ᠵᠢᠯᠤᠭᠤᠳᠴᠤ ᠪᠠᠶᠢᠭᠠᠳ ᠠᠵᠢᠯᠲᠠᠨ |
ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠠᠮᠢᠳᠤᠯᠢᠭ ᠢᠶᠠᠷ ᠠᠵᠢᠯ ᠣᠯᠣᠭᠰᠠᠳ᠂ |
ᠬᠥᠯᠥᠰᠦᠨ ᠠᠵᠢᠯᠴᠢᠳ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠦᠬᠦᠢ ᠬᠥᠮᠥᠰ ᠢ ᠦᠷᠡᠵᠢᠯ ᠤᠨ |
ᠳᠠᠭᠠᠳᠬᠠᠯ ᠳᠤ ᠣᠷᠣᠯᠴᠠᠭᠤᠯᠤᠨ᠎ᠠ᠃ ᠦᠷᠡᠵᠢᠯ ᠤᠨ ᠠᠮᠠᠷᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠤᠯᠢ |
ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠩᠭᠡᠵᠢᠬᠦ ᠴᠢᠯᠦᠭᠡ᠂ ᠬᠥᠩᠭᠡᠵᠢᠬᠦ ᠶᠢ ᠱᠠᠩᠨᠠᠬᠤ ᠴᠢᠯᠦᠭᠡ᠂ |
ᠬᠥᠩᠭᠡᠵᠢᠬᠦ ᠳᠤ ᠪᠠᠷ᠎ᠠ ᠪᠣᠯᠬᠤ ᠴᠢᠯᠦᠭᠡ᠂ ᠬᠡᠦᠬᠡᠳ ᠰᠠᠭᠠᠲᠠᠭᠤᠯᠬᠤ ᠴᠢᠯᠦᠭᠡ ᠵᠡᠷᠭᠡ ᠦᠷᠡᠵᠢᠯ ᠤᠨ ᠠᠮᠠᠷᠠᠯᠲᠠ ᠶᠢ |
ᠰᠠᠶᠢᠲᠤᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃ ᠦᠷᠡᠵᠢᠯ ᠤᠨ ᠨᠡᠮᠡᠭᠦᠷᠢ ᠶᠢᠨ ᠳᠦᠷᠢᠮ ᠢ |
ᠪᠠᠶᠢᠭᠤᠯᠵᠤ᠂ ᠣᠷᠣᠨ ᠨᠤᠲᠤᠭ ᠤᠨ ᠬᠢᠨ ᠢ ᠵᠢᠯᠤᠭᠤᠳᠴᠤ ᠪᠠᠶᠢᠭᠠᠳ ᠲᠥᠷᠥ ᠶᠢᠨ ᠪᠣᠳᠣᠯᠭ᠎ᠠ ᠪᠠᠨ ᠵᠣᠯᠭᠠᠭᠤᠯᠬᠤ |
ᠠᠵᠢᠯ ᠢ ᠰᠠᠶᠢᠲᠤᠷ ᠬᠢᠵᠦ᠂ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠪᠥᠭᠡᠳ ᠯᠠᠪᠳᠠᠭᠤᠨ ᠰᠠᠶᠢᠲᠤᠷ ᠠᠳᠬᠤᠨ᠎ᠠ᠃ |
ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠵᠢᠯᠤᠭᠤᠳᠴᠤ |
ᠪᠠᠶᠢᠭᠠᠳ ᠬᠥᠩᠭᠡᠵᠢᠬᠦ ᠳᠤ ᠡᠪᠡᠳᠬᠦ ᠶᠢ ᠵᠣᠭᠰᠤᠭᠠᠬᠤ ᠵᠢᠴᠢ ᠦᠷᠡᠵᠢᠯ ᠳᠤ ᠲᠤᠰᠠᠯᠠᠬᠤ ᠲᠣᠬᠢᠷᠠᠮᠵᠢᠲᠠᠢ |
ᠮᠡᠷᠭᠡᠵᠢᠯ ᠤᠨ ᠲᠥᠷᠥᠯ ᠵᠦᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ᠃ |
|
ᠬᠤᠶᠠᠷ ᠲᠤ᠂ ᠨᠢᠯᠬᠠᠰ ᠢ ᠪᠣᠶᠢᠵᠢᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ |
ᠴᠢᠩᠭᠠᠳᠬᠠᠨ᠎ᠠ᠃ ᠬᠡᠦᠬᠡᠳ ᠤᠨ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ |
ᠨᠥᠬᠦᠴᠡᠯ ᠳᠤ ᠨᠡᠶᠢᠴᠡᠭᠰᠡᠨ ᠬᠡᠦᠬᠡᠳ ᠲᠤ ᠬᠡᠷᠡᠭᠯᠡᠬᠦ ᠡᠮ ᠢ ᠴᠠᠭ ᠲᠤᠬᠠᠢ ᠳᠤ ᠨᠢ ᠲᠠᠰ ᠳᠠᠷᠠᠭᠠᠯᠠᠯ ᠶᠣᠰᠣᠭᠠᠷ |
ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ᠃ ᠲᠦᠭᠡᠮᠡᠯ ᠬᠠᠷᠠᠭᠠᠯᠵᠠᠯᠲᠤ |
ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠨᠠᠶᠢᠳᠠᠨ ᠰᠠᠭᠠᠲᠠᠭᠤᠯᠬᠤ |
ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠲᠤᠰᠬᠠᠢ ᠣᠷᠣᠨ ᠤ ᠳᠡᠰ ᠤᠨ ᠣᠷᠣᠨ ᠬᠤᠲᠠ ᠶᠢᠨ ᠱᠠᠲᠤᠨ ᠳᠤ |
ᠨᠡᠶᠢᠳᠡᠮ ᠪᠦᠷᠬᠦᠭᠦᠯᠬᠦ ᠶᠢ ᠤᠷᠢᠳ ᠢᠶᠠᠷ ᠪᠡᠶᠡᠯᠡᠭᠦᠯᠵᠦ᠂ ᠨᠡᠶᠢᠭᠡᠮ ᠲᠣᠭᠤᠷᠢᠭ ᠲᠤ ᠰᠢᠭᠢᠳᠬᠡᠯᠲᠦ ᠮᠠᠶ᠋ᠢᠭ ᠢᠶᠠᠷ |
ᠨᠠᠶᠢᠳᠠᠨ ᠰᠠᠭᠠᠲᠠᠭᠤᠯᠬᠤ ᠶᠢ ᠶᠡᠭᠡ ᠪᠠᠷ ᠬᠥᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠶᠢᠨ ᠨᠠᠶᠢᠳᠠᠨ ᠰᠠᠭᠠᠲᠠᠭᠤᠯᠬᠤ |
ᠦᠢᠯᠡᠴᠢᠯᠡᠭᠡᠨ ᠤ ᠪᠠᠶᠢᠭᠤᠯᠤᠮᠵᠢ ᠡᠷᠭᠢᠯᠡᠬᠦ᠂ ᠭᠡᠷ ᠪᠦᠯᠢ ᠳᠤ ᠨᠠᠶᠢᠳᠠᠨ ᠰᠠᠭᠠᠲᠠᠭᠤᠯᠬᠤ ᠴᠡᠭ ᠭᠠᠷᠭᠠᠬᠤ ᠵᠡᠷᠭᠡ ᠣᠯᠠᠨ |
ᠵᠦᠢᠯ ᠤᠨ ᠬᠡᠪ ᠵᠠᠭᠪᠤᠷ ᠢᠶᠠᠷ ᠬᠥᠭᠵᠢᠭᠦᠯᠬᠦ ᠶᠢ ᠢᠳᠡᠪᠬᠢᠲᠡᠢ ᠳᠡᠮᠵᠢᠵᠦ᠂ ᠬᠡᠦᠬᠡᠳ ᠢ ᠨᠠᠶᠢᠳᠠᠨ ᠰᠠᠭᠠᠲᠠᠭᠤᠯᠬᠤ ᠪᠠ |
ᠠᠰᠠᠷᠠᠵᠤ ᠬᠥᠮᠥᠵᠢᠭᠦᠯᠬᠦ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ ᠲᠦᠭᠡᠮᠡᠯ |
ᠬᠠᠷᠠᠭᠠᠯᠵᠠᠯᠲᠤ ᠨᠠᠶᠢᠳᠠᠨ ᠰᠠᠭᠠᠲᠠᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ |
ᠨᠥᠬᠦᠴᠡᠯ ᠲᠠᠢ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠲᠦᠭᠡᠮᠡᠯ ᠬᠠᠷᠠᠭᠠᠯᠵᠠᠯᠲᠤ ᠬᠡᠦᠬᠡᠳ |
ᠰᠠᠭᠠᠲᠠᠭᠤᠯᠬᠤ ᠪᠠᠶᠢᠭᠤᠯᠤᠮᠵᠢ ᠳᠤ ᠵᠣᠬᠢᠬᠤ ᠬᠡᠮᠵᠢᠶᠡᠨ ᠤ ᠡᠵᠡᠩᠨᠡᠨ ᠠᠵᠢᠯᠯᠠᠭᠤᠯᠬᠤ ᠨᠥᠬᠦᠪᠦᠷᠢ ᠣᠯᠭᠤᠬᠤ ᠶᠢ |
ᠵᠣᠷᠢᠭᠵᠢᠭᠤᠯᠤᠨ᠎ᠠ᠃ ᠬᠡᠦᠬᠡᠳ ᠤᠨ ᠥᠰᠦᠯᠲᠡ ᠪᠤᠶᠢᠵᠢᠯᠲᠠ ᠪᠠ ᠬᠠᠮᠠᠭᠠᠯᠠᠯᠲᠠ ᠶᠢ ᠠᠬᠢᠭᠤᠯᠤᠨ᠎ᠠ᠃ |
ᠭᠤᠷᠪᠠ ᠳᠤ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠪᠠᠷ ᠳᠡᠮᠵᠢᠬᠦ ᠠᠷᠭ᠎ᠠ |
ᠬᠡᠮᠵᠢᠶ᠎ᠡ ᠶᠢ ᠴᠢᠩᠭᠠᠳᠬᠠᠨ᠎ᠠ᠃ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ |
ᠥᠷᠭᠡᠳᠬᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ ᠨᠡᠶᠢᠭᠡᠮ ᠤᠨ |
ᠦᠢᠯᠡᠳᠦᠯᠭᠡ ᠶᠢᠨ ᠲᠦᠷᠦᠯ ᠵᠦᠢᠯ ᠢ ᠢᠳᠡᠪᠬᠢᠲᠡᠢ ᠥᠷᠨᠢᠭᠦᠯᠬᠦ ᠶᠢ ᠳᠡᠮᠵᠢᠵᠦ᠂ ᠡᠯ᠎ᠡ ᠭᠠᠵᠠᠷ ᠤᠨ ᠬᠢᠨ ᠤ ᠤᠯᠠᠨ |
ᠬᠡᠦᠬᠡᠳ ᠲᠠᠢ ᠭᠡᠷ ᠪᠦᠯᠢ ᠶᠢᠨ ᠦᠷ᠎ᠡ ᠬᠡᠦᠬᠡᠳ ᠢ ᠠᠳᠠᠯᠢ ᠨᠢᠭᠡ ᠰᠤᠷᠭᠠᠭᠤᠯᠢ ᠳᠤ ᠰᠤᠷᠤᠯᠴᠠᠭᠤᠯᠬᠤ ᠪᠣᠳᠠᠲᠠᠢ |
ᠬᠡᠷᠡᠭᠵᠢᠭᠦᠯᠬᠦ ᠠᠷᠭ᠎ᠠ ᠨᠡᠶᠢᠲᠡᠯᠡᠬᠦ ᠶᠢ ᠨᠢ ᠵᠣᠷᠢᠭᠵᠢᠭᠤᠯᠤᠨ᠎ᠠ᠃ ᠣᠷᠣᠨ ᠰᠠᠭᠤᠴᠠ ᠪᠠᠷ ᠳᠡᠮᠵᠢᠬᠦ ᠲᠥᠷᠥ ᠶᠢᠨ |
ᠪᠣᠳᠣᠯᠭ᠎ᠠ ᠶᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠣᠯᠠᠨ ᠬᠡᠦᠬᠡᠳ ᠲᠠᠢ ᠭᠡᠷ ᠪᠦᠯᠢ ᠶᠢᠨ ᠭᠡᠷ |
ᠪᠠᠶᠢᠰᠢᠩ ᠬᠤᠳᠠᠯᠳᠤᠨ ᠠᠪᠬᠤ ᠳᠤ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠨᠢ ᠵᠣᠷᠢᠭᠵᠢᠭᠤᠯᠤᠨ᠎ᠠ᠃ ᠠᠵᠢᠯᠲᠠᠨ |
ᠠᠵᠢᠯᠴᠢᠨ ᠤ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠬᠥᠮᠥᠨ ᠬᠡᠷᠡᠭᠯᠡᠬᠦ ᠨᠢᠭᠡᠴᠢ ᠶᠢ ᠪᠣᠳᠠᠲᠠᠢ ᠲᠠᠢ ᠪᠠᠨ |
ᠤᠶᠠᠯᠳᠤᠭᠤᠯᠤᠨ ᠬᠠᠷᠢᠮᠠᠬᠠᠢ ᠠᠵᠢᠯᠯᠠᠵᠤ ᠠᠮᠠᠷᠠᠬᠤ᠂ ᠭᠡᠷ ᠲᠤ ᠪᠠᠨ ᠰᠠᠭᠤᠵᠤ ᠠᠵᠢᠯᠯᠠᠬᠤ ᠵᠡᠷᠭᠡ ᠠᠷᠭ᠎ᠠ ᠬᠡᠯᠪᠡᠷᠢ ᠶᠢ |
ᠠᠪᠴᠤ᠂ ᠭᠡᠷ ᠪᠦᠯᠢ ᠳᠤ ᠡᠭᠡᠯᠢᠲᠡᠢ ᠠᠵᠢᠯᠯᠠᠬᠤ ᠣᠷᠴᠢᠨ ᠨᠥᠬᠦᠴᠡᠯ ᠢ ᠪᠣᠶ ᠪᠣᠯᠭᠠᠬᠤ ᠶᠢ ᠨᠢ ᠵᠣᠷᠢᠭᠵᠢᠭᠤᠯᠤᠨ᠎ᠠ᠃ |
ᠳᠥᠷᠪᠡ ᠳᠤ᠂ ᠦᠷᠡᠵᠢᠯ ᠳᠤ ᠡᠭᠡᠯᠢᠲᠡᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠰᠢᠨ᠎ᠡ |
ᠮᠠᠶ᠋ᠢᠭ ᠤᠨ ᠤᠷᠤᠭ ᠦᠷᠡᠵᠢᠯ ᠤᠨ ᠰᠣᠶᠣᠯ ᠢ ᠢᠳᠡᠪᠬᠢᠲᠡᠢ ᠪᠤᠢ ᠪᠣᠯᠭᠠᠵᠤ᠂ ᠥᠭᠡᠳᠡᠷᠬᠡᠭ ᠢᠨᠠᠭᠯᠠᠵᠤ ᠤᠷᠤᠭᠯᠠᠬᠤ |
ᠦᠵᠡᠯᠲᠡ᠂ ᠦᠷᠡᠵᠢᠯ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠶᠡᠭᠡ ᠪᠠᠷ ᠰᠠᠨᠠᠭᠠᠴᠢᠯᠠᠨ᠎ᠠ᠃ ᠨᠡᠶᠢᠭᠡᠮ ᠤᠨ |
ᠤᠬᠠᠭᠤᠯᠭ᠎ᠠ ᠪᠠ ᠰᠠᠨᠠᠭᠠᠴᠢᠯᠠᠭ᠎ᠠ ᠶᠢ ᠴᠢᠩᠭᠠᠳᠬᠠᠵᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢᠨ |
ᠤᠬᠠᠭᠤᠯᠭ᠎ᠠ ᠬᠥᠮᠦᠵᠢᠯ ᠤᠨ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠮᠥᠨ ᠠᠮᠠ ᠶᠢᠨ ᠲᠤᠬᠠᠢ ᠤᠯᠤᠰ ᠤᠨ |
ᠪᠠᠶᠢᠳᠠᠯ ᠤᠯᠤᠰ ᠤᠨ ᠪᠣᠳᠣᠯᠭ᠎ᠠ ᠶᠢᠨ ᠬᠥᠮᠦᠵᠢᠯ ᠢ ᠴᠢᠩᠭᠠᠳᠬᠠᠵᠤ᠂ ᠬᠠᠮᠢᠶ᠎ᠠ ᠪᠦᠬᠦᠢ ᠠᠭᠤᠯᠭ᠎ᠠ ᠶᠢ ᠳᠤᠮᠳᠠᠳᠤ ᠪᠠᠭ᠎ᠠ |
ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠭᠠᠨ |
ᠬᠥᠮᠦᠵᠢᠯ ᠳᠤ ᠠᠭᠤᠰᠤᠯᠴᠠᠭᠤᠯᠤᠨ᠎ᠠ᠃ |
︽ᠠᠷᠭ᠎ᠠ ᠬᠡᠮᠵᠢᠶ᠎ᠡ ᠨᠦᠭᠦᠳ︾ ᠲᠤ ᠱᠠᠭᠠᠷᠳᠠᠭᠰᠠᠨ ᠢᠶᠠᠷ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ |
ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢᠨ᠎ᠡ ᠴᠠᠭ |
ᠦᠶ᠎ᠡ ᠶᠢᠨ ᠬᠥᠮᠥᠨ ᠠᠮᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ |
ᠰᠡᠳᠬᠢᠯᠭᠡ ᠪᠠᠨ ᠴᠢᠩᠭᠠᠳᠬᠠᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠤᠨ |
ᠰᠢᠯᠢᠳᠡᠭᠵᠢᠭᠦᠯᠵᠦ᠂ ᠵᠠᠰᠠᠭ ᠤᠨ ᠣᠷᠳᠣᠨ᠂ ᠬᠥᠮᠥᠨ ᠬᠡᠷᠡᠭᠯᠡᠬᠦ ᠨᠢᠭᠡᠴᠢ᠂ ᠬᠤᠪᠢ ᠬᠥᠮᠥᠨ ᠵᠡᠷᠭᠡ ᠣᠯᠠᠨ ᠲᠠᠯ᠎ᠠ ᠶᠢᠨ |
ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠷᠡᠵᠢᠯ ᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ |
ᠬᠡᠮᠵᠢᠶ᠎ᠡ ᠪᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ |
ᠪᠠᠲᠤᠯᠠᠬᠤ ᠬᠡᠷᠡᠭᠲᠡᠢ᠃ |
|
|
|
|