|
2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠣᠯᠠᠨ ᠤᠯᠤᠰ ᠤᠨ |
ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠦᠵᠡᠰᠬᠦᠯᠡᠩ ᠪᠡᠭᠡᠵᠢᠩ ᠤᠨ ᠣᠯᠠᠨ ᠤᠯᠤᠰ ᠤᠨ ᠰᠣᠶᠣᠯ |
ᠵᠢᠭᠤᠯᠴᠢᠯᠠᠯ ᠤᠨ ᠦᠵᠡᠰᠬᠦᠯᠡᠩ ᠳᠤ ᠡᠬᠢᠯᠡᠪᠡ᠃ ᠪᠤᠭᠤᠲᠤ ᠶᠢᠨ ᠰᠤᠶᠤᠯ ᠤᠨ ᠪᠦᠲᠦᠭᠡᠯᠴᠢ ᠮᠧᠩ ᠨᠦᠩ ᠰᠢᠯᠢᠳᠡᠭ |
ᠪᠦᠲᠦᠭᠡᠭᠳᠡᠬᠦᠨ ︵ᠪᠡᠭᠡᠵᠢᠩ︶ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ |
ᠨᠡᠭᠦᠳᠡᠯ ᠮᠠᠯᠵᠢᠯ ᠤᠨ ᠰᠠᠭᠤᠭᠳᠠᠯ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢ ᠺᠸᠤ |
ᠬᠤᠶᠢᠴᠢᠰ ᠪᠦᠲᠦᠭᠡᠯᠴᠢ ᠬᠢᠵᠠᠭᠠᠷᠲᠤ ᠺᠣᠮᠫᠠᠨᠢ᠂ ᠭᠤᠣᠯ ᠤᠨ ᠮᠣᠲᠤ ᠰᠣᠶᠣᠯ ᠵᠠᠭᠤᠴᠢᠯᠠᠭᠤᠷ ᠤᠨ ᠬᠢᠵᠠᠭᠠᠷᠲᠤ |
ᠬᠠᠷᠢᠭᠤᠴᠠᠯᠭᠠᠲᠤ ᠺᠣᠮᠫᠠᠨᠢ ᠥᠪᠥᠷ ᠮᠣᠩᠭᠤᠯ ᠤᠨ ᠦᠵᠡᠭᠦᠯᠦᠯᠭᠡ ᠶᠢᠨ ᠲᠣᠭᠤᠷᠢᠭ ᠲᠤ ᠭᠤᠶᠢᠳᠠ ᠰᠠᠶᠢᠬᠠᠨ |
ᠢᠯᠡᠷᠡᠪᠡ᠃ ᠦᠵᠡᠰᠬᠦᠯᠡᠩ ᠤᠨ ᠠᠬᠤᠢ ᠲᠠᠯᠠᠪᠠᠢ ᠳᠤ᠂ ᠭᠤᠣᠯ ᠤᠨ ᠮᠣᠲᠤ ᠰᠣᠶᠣᠯ ᠵᠠᠭᠤᠴᠢᠯᠠᠭᠤᠷ ᠤᠨ ᠬᠢᠵᠠᠭᠠᠷᠲᠤ |
ᠬᠠᠷᠢᠭᠤᠴᠠᠯᠭᠠᠲᠤ ᠺᠣᠮᠫᠠᠨᠢ ︽DUDU ᠪᠣᠯᠣᠨ ᠲᠡᠭᠦᠨ ᠤ ᠨᠠᠶᠢᠵᠠ ᠨᠠᠷ︾ IP ᠲᠦᠷᠭᠡᠨ ᠭᠢᠯᠠᠯᠵᠠᠬᠤ᠂ |
ᠺᠠᠷᠲ ᠤᠨ ᠲᠠᠮᠠᠭ᠎ᠠ ᠴᠤᠭᠯᠠᠭᠤᠯᠬᠤ ᠵᠡᠷᠭᠡ ᠬᠠᠷᠢᠯᠴᠠᠨ ᠬᠥᠳᠡᠯᠦᠯᠴᠡᠬᠦ ᠭᠤᠭᠴᠤᠭ᠎ᠠ ᠶᠢ ᠭᠠᠷᠭᠠᠵᠤ᠂ |
ᠦᠵᠡᠭᠴᠢᠳ ᠲᠤ ᠥᠪᠥᠷ ᠮᠣᠩᠭᠤᠯ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠨᠵᠡᠭᠡᠶ ᠮᠡᠳᠡᠷᠡᠭᠦᠯᠪᠡ᠃ ᠰᠢ |
ᠺᠧᠦ ᠰᠣᠶᠣᠯ ᠨᠢ ᠪᠡᠭᠡᠵᠢᠩ ᠤᠨ ᠶᠦᠩ ᠾᠧ ᠣᠷᠳᠣᠨ ᠵᠡᠷᠭᠡ ᠠᠵᠤ ᠠᠬᠤᠶᠢᠯᠠᠯ ᠲᠠᠢ ᠵᠣᠯᠭᠠᠵᠤ᠂ ᠵᠠᠬ᠎ᠠ |
ᠳᠡᠯᠭᠡᠭᠦᠷ ᠢ ᠥᠷᠭᠡᠳᠭᠡᠵᠡᠢ᠃ ᠨᠡᠭᠦᠳᠡᠯ ᠮᠠᠯᠵᠢᠯ ᠪᠠ ᠴᠢ ᠮᠢᠩ ᠠᠮᠢᠳᠤ ᠪᠣᠳᠠᠰ ᠪᠣᠬᠢᠷᠲᠤᠯ ᠦᠭᠡᠢ᠂ ᠣᠷᠴᠢᠨ |
ᠲᠣᠭᠤᠷᠢᠨ ᠢ ᠬᠠᠮᠠᠭᠠᠯᠠᠬᠤ᠂ ᠡᠷᠡᠭᠦᠯ ᠴᠢᠭᠢᠷᠠᠭ ᠪᠦᠲᠦᠭᠡᠭᠳᠡᠬᠦᠨ ᠢᠶᠠᠷ ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ |
ᠣᠯᠤᠭᠰᠠᠨ ᠪᠠᠶᠢᠨ᠎ᠠ᠃ ᠡᠭᠦᠨ ᠤ ᠬᠠᠮᠲᠤ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠡᠨᠡ ᠤᠳᠠᠭᠠᠨ ᠤ |
ᠦᠵᠡᠰᠬᠦᠯᠡᠩ ᠤᠨ ᠴᠤᠭᠯᠠᠭᠠᠨ ᠳᠤ ᠪᠠᠰᠠ ᠥᠪᠥᠷ ᠮᠣᠩᠭᠤᠯ ᠤᠨ ᠣᠨᠴᠠᠯᠢᠭᠲᠤ IP ᠬᠢᠭᠡᠳ ᠦᠵᠡᠮᠵᠢ ᠶᠢᠨ ᠣᠷᠣᠨ |
᠂ ᠪᠠᠭᠤᠳᠠᠯ᠂ ᠢᠳᠡᠭᠡᠨ ᠤᠮᠳᠠᠭᠠᠨ ᠵᠢᠴᠢ ᠬᠡᠷᠡᠭᠯᠡᠭᠡᠨ ᠤ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠵᠡᠷᠭᠡ ᠣᠯᠠᠨ |
ᠲᠠᠯ᠎ᠠ ᠶᠢᠨ ᠬᠢᠨ ᠤ ᠬᠠᠮᠲᠤᠷᠠᠯᠴᠠᠨ ᠬᠡᠷᠡᠭᠯᠡᠬᠦ ᠶᠢ ᠢᠳᠡᠪᠬᠢᠲᠡᠢ ᠰᠦᠪᠡᠭᠴᠢᠯᠡᠵᠦ᠂ ᠥᠪᠥᠷ ᠮᠣᠩᠭᠤᠯ ᠤᠨ |
ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ |
ᠨᠡᠮᠡᠷᠢᠯᠡᠪᠡ᠃ ᠵᠠᠯᠭᠠᠭᠠᠳ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ |
ᠦᠪᠤᠷ ᠮᠤᠩᠭᠤᠯ ᠤᠨ ᠰᠣᠶᠣᠯ ᠵᠢᠭᠤᠯᠴᠢᠯᠠᠯ︾ ᠨᠠᠷᠠᠲᠤ ᠲᠡᠮᠳᠡᠭ ᠢᠶᠠᠷ ᠵᠢᠯᠣᠭᠤᠳᠤᠮᠵᠢ ᠪᠣᠯᠭᠠᠵᠤ᠂ ᠰᠣᠶᠣᠯ ᠤᠨ |
ᠡᠭᠦᠳᠦᠯᠲᠡ ᠶᠢᠨ ᠨᠠᠷᠠᠲᠤ ᠲᠡᠮᠳᠡᠭ ᠢ ᠦᠷᠭᠦᠯᠵᠢᠯᠡᠨ ᠪᠣᠶ ᠪᠣᠯᠭᠠᠬᠤ ᠪᠥᠭᠡᠳ ᠡᠯ᠎ᠡ ᠰᠣᠶᠣᠯ ᠤᠨ ᠡᠭᠦᠳᠦᠯᠲᠡ ᠶᠢᠨ |
ᠠᠵᠤ ᠠᠬᠤᠶᠢᠯᠠᠯ᠂ ᠤᠶᠢᠯᠡᠳᠪᠦᠷᠢ ᠶᠢᠨ ᠤᠶᠢᠯᠡᠳᠪᠦᠷᠢ ᠶᠢ ᠳᠠᠭᠠᠭᠤᠯᠤᠨ ᠡᠯ᠎ᠡ ᠵᠦᠢᠯ ᠤᠨ ᠦᠵᠡᠭᠦᠯᠦᠯᠭᠡ ᠶᠢᠨ |
ᠴᠤᠭᠯᠠᠭᠠᠨ᠂ ᠰᠣᠯᠢᠯᠴᠠᠭᠠᠨ ᠤ ᠴᠤᠭᠯᠠᠭᠠᠨ ᠳᠤ ᠢᠳᠡᠪᠬᠢᠲᠡᠶ ᠣᠷᠣᠯᠴᠠᠵᠤ᠂ ᠥᠪᠥᠷ ᠮᠣᠩᠭᠤᠯ ᠤᠨ ᠰᠣᠶᠣᠯ |
ᠰᠣᠶᠣᠯ ᠤᠨ ᠡᠭᠦᠳᠦᠯᠲᠡ ᠶᠢᠨ ᠠᠵᠤ ᠤᠶᠢᠯᠡᠰ ᠤᠨ ᠬᠥᠭᠵᠢᠯᠲᠡ ᠶᠢ ᠠᠬᠢᠭᠤᠯᠤᠨ᠂ ᠪᠤᠭᠤᠲᠤ ᠶᠢᠨ ᠰᠣᠶᠣᠯ ᠤᠨ |
ᠡᠭᠦᠳᠦᠯᠲᠡ ᠶᠢᠨ ᠠᠵᠤ ᠤᠶᠢᠯᠡᠰ ᠤᠨ ᠤᠬᠠᠭᠤᠯᠭ᠎ᠠ ᠶᠢ ᠴᠢᠩᠭᠠᠳᠬᠠᠵᠤ᠂ ᠰᠣᠶᠣᠯ ᠵᠢᠭᠤᠯᠴᠢᠯᠠᠯ + ᠶᠢᠨ |
ᠠᠭᠤᠰᠤᠯᠴᠠᠨ ᠨᠡᠭᠡᠭᠡᠨ ᠬᠥᠭᠵᠢᠭᠦᠯᠦᠯᠲᠡ ᠶᠢ ᠪᠣᠶ ᠪᠣᠯᠭᠠᠵᠤ᠂ ᠪᠤᠭᠤᠲᠤ ᠶᠢᠨ ᠰᠣᠶᠣᠯ ᠵᠢᠭᠤᠯᠴᠢᠯᠠᠯ ᠤᠨ ᠠᠵᠤ |
ᠤᠶᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ |
|
|
|
|
|
|
|
|
|
|
|
᠁ |