|
|
|
︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ |
ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ |
ᠭᠠᠩ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ︽ᠨᠢᠭᠡ ᠬᠤᠩᠬᠢᠯ ᠬᠤᠶᠠᠷ |
ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ |
ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ |
ᠬᠠᠢ ᠳ᠋ᠦᠩ ᠣᠷᠣᠯᠴᠠᠵᠠᠢ᠃ ᠬᠤᠯᠪᠤᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ |
ᠳᠠᠷᠠᠭ᠎ᠠ᠂ ᠪᠣᠣ ᠭᠠᠩ ᠬᠡᠯᠡᠬᠦ ᠳᠡᠭᠡᠨ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ |
ᠬᠥᠭᠵᠢᠭᠦᠯᠬᠦ ᠪᠠᠶᠢᠷᠢᠰᠢᠯ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ |
ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ᠂ ︽ᠬᠤᠶᠠᠷ ᠢ ᠤᠶᠠᠯᠳᠤᠭᠤᠯᠬᠤ︾ ᠴᠢᠬᠤᠯᠠ ᠶᠡᠭᠡ |
ᠨᠤᠲᠠᠯᠠᠯᠲᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠠ ᠴᠤ ᠳᠤᠮᠳᠠᠳᠤ ᠶᠢᠨ |
ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ᠂ ︽ |
ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠣᠶᠢᠷ᠎ᠠ ᠶᠢᠨ |
ᠵᠢᠯ ᠳᠤ᠂ ᠮᠠᠨ ᠤ ᠬᠤᠲᠠ ᠲᠡᠤᠬᠡ ᠰᠣᠶᠣᠯ ᠤᠨ ᠡᠬᠢ ᠪᠠᠶᠠᠯᠢᠭ᠂ ᠪᠠᠶᠢᠭᠠᠯᠢ ᠶᠢᠨ ᠠᠮᠢ ᠠᠬᠤᠶ ᠶᠢᠨ ᠳᠠᠪᠠᠭᠤᠯᠢᠭ ᠪᠠ |
ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠳᠤ ᠲᠦᠰᠢᠭᠯᠡᠨ᠂ ︽ᠨᠢᠭᠡ ᠬᠤᠩᠬᠢᠯ ᠬᠤᠶᠠᠷ |
ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ |
ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠴᠢᠷᠮᠠᠶᠢᠨ᠂ ᠦᠷᠭᠦᠯᠵᠢᠯᠡᠨ ᠬᠤᠯᠠ ᠶᠢᠨ ᠬᠠᠷᠠᠴᠠ᠂ ᠶᠡᠭᠡ |
ᠪᠠᠶᠢᠷᠢᠰᠢᠯᠲᠠ᠂ ᠭᠦᠨᠵᠡᠭᠡᠶ ᠰᠢᠰᠲ᠋ᠧᠮ ᠢᠶᠠᠷ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠡᠯ᠎ᠡ ᠲᠦᠷᠦᠯ ᠤᠨ ᠰᠣᠶᠣᠯ |
ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠨᠡᠭᠡᠭᠡᠨ ᠠᠰᠢᠭᠯᠠᠵᠤ᠂ 4A᠂ 5A ᠲᠡᠰ ᠤᠨ ᠦᠵᠡᠮᠵᠢ ᠶᠢᠨ |
ᠣᠷᠣᠨ ᠢ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳ᠋ᠠ ᠶᠣᠣ ᠵᠡᠷᠭᠡ ᠪᠠᠭᠤᠷᠢ ᠶᠢᠨ ᠴᠡᠴᠡᠷᠯᠢᠭ ᠢ |
ᠢᠳᠡᠪᠬᠢᠲᠡᠢ ᠭᠤᠶᠤᠴᠢᠯᠠᠨ ᠪᠠᠶᠢᠭᠤᠯᠵᠤ᠂ ᠠᠷᠠᠳ ᠲᠤ ᠠᠰᠢᠭᠲᠠᠢ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ |
ᠵᠤᠭᠠᠴᠠᠯ ᠢ ᠢᠳᠡᠪᠬᠢᠲᠡᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢ ᠲᠠᠰᠤᠷᠠᠯᠲᠠ |
ᠦᠭᠡᠢ ᠳᠡᠭᠡᠭᠰᠢᠯᠡᠭᠦᠯᠬᠦ ᠬᠡᠷᠡᠭᠲᠡᠢ᠃ ᠣᠨᠴᠠᠯᠢᠭ ᠢ ᠳᠤᠪᠤᠶᠢᠯᠭᠠᠵᠤ᠂ ᠦᠨᠳᠦᠷᠯᠢᠭ ᠤᠨ ᠲᠠᠯ᠎ᠠ ᠨᠤᠲᠤᠭ᠂ ᠬᠤᠳᠠ ᠶᠢᠨ |
ᠦᠵᠡᠮᠵᠢ ᠶᠢᠨ ᠲᠠᠯ᠎ᠠ ᠨᠤᠲᠤᠭ᠂ ᠬᠠᠳᠤᠨ ᠭᠤᠣᠯ ᠤᠷᠳᠤ ᠴᠠᠭᠠᠨ ᠬᠡᠷᠡᠮ ᠂ ᠬᠤᠳᠠ ᠶᠢᠨ ᠲᠡᠭᠦᠷᠭᠡ ᠶᠢᠨ |
ᠵᠢᠭᠤᠯᠴᠢᠯᠠᠯ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠢ ᠰᠠᠶᠢᠲᠤᠷ ᠬᠢᠵᠦ᠂ ᠲᠦᠷᠦᠯ ᠲᠡᠮᠳᠡᠭ ᠡᠭᠦᠳᠬᠦ ᠬᠡᠷᠡᠭᠲᠡᠢ |
᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠡᠯᠡᠨ ᠦᠵᠡᠮᠵᠢ ᠶᠢᠨ ᠣᠷᠣᠨ ᠤ ᠡᠵᠡᠩᠨᠡᠯᠲᠡ ᠪᠠ |
ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠵᠠᠮ ᠬᠠᠷᠢᠯᠴᠠᠭ᠎ᠠ᠂ ᠲᠡᠷᠭᠡᠨ |
ᠵᠣᠭᠰᠣᠭᠠᠯ ᠵᠡᠷᠭᠡ ᠢᠵᠢ ᠪᠦᠷᠢᠳᠦᠭᠦᠯᠬᠦ ᠠᠵᠢᠯ ᠢ ᠨᠠᠷᠢᠯᠢᠬᠵᠢᠭᠤᠯᠤᠨ ᠰᠠᠶᠢᠲᠤᠷ ᠬᠢᠬᠦ ᠬᠡᠷᠡᠭᠲᠡᠶ᠃ ᠬᠤᠳᠠ ᠶᠢᠨ |
ᠬᠡᠪᠴᠢᠶᠡᠨ ᠳᠤ ᠨᠢᠭᠡᠳᠦᠯᠲᠡᠢ ᠲᠥᠯᠥᠪᠵᠢᠭᠦᠯᠬᠦ ᠪᠠ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ |
ᠴᠢᠩᠭᠠᠳᠬᠠᠵᠤ᠂ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠬᠡᠬᠦ︾ ᠰᠣᠶᠣᠯ |
ᠵᠢᠭᠤᠯᠴᠢᠯᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠨᠢᠭᠡ ᠴᠤᠬᠴᠠᠵᠢᠭᠤᠯᠤᠨ ᠠᠬᠢᠭᠤᠯᠬᠤ |
ᠬᠦᠴᠦᠷᠬᠡᠭ ᠶᠡᠭᠡ ᠬᠠᠮᠲᠤᠷᠠᠯ ᠢ ᠪᠣᠢ ᠪᠣᠯᠭᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠦᠪᠯᠡᠨ |
ᠤᠬᠠᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠦᠵᠡᠮᠵᠢ ᠶᠢᠨ ᠣᠷᠣᠨ᠂ ᠰᠣᠶᠣᠯ |
ᠦᠵᠡᠰᠬᠦᠯᠡᠩ ᠤᠨ ᠣᠷᠳᠣᠨ᠂ ᠤᠨᠴᠠᠯᠢᠬᠳᠤ ᠵᠡᠭᠡᠯᠢ ᠭᠤᠳᠤᠮᠵᠢ᠂ ᠳᠠᠭᠠᠯᠳᠤᠯ ᠪᠦᠲᠦᠭᠡᠭᠳᠡᠬᠦᠨ ᠵᠡᠷᠭᠡ ᠶᠢ |
ᠬᠥᠭᠵᠢᠭᠦᠯᠦᠨ᠂ ᠬᠤᠳᠠ ᠶᠢᠨ ᠠᠷᠠᠳ᠂ ᠵᠤᠭᠠᠴᠠᠭᠰᠠᠳ ᠤᠨ ᠮᠡᠳᠡᠷᠡᠮᠵᠢ ᠪᠣᠯᠤᠨ ᠬᠠᠨᠤᠮᠵᠢ ᠶᠢ ᠲᠠᠰᠤᠷᠠᠯᠲᠠ ᠦᠭᠡᠢ |
ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢ ᠦᠨᠡᠨᠬᠦ ᠡᠯ᠎ᠡ ᠭᠠᠵᠠᠷ ᠤᠨ ᠵᠤᠭᠠᠴᠠᠭᠰᠠᠳ ᠤᠨ ᠵᠢᠷᠦᠬᠡ |
ᠰᠡᠳᠬᠢᠯ ᠳᠤ ᠰᠠᠭᠤᠭᠳᠠᠭᠰᠠᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠬᠤ ᠬᠡᠷᠡᠭᠲᠡᠢ ᠭᠡᠵᠡᠢ᠃ ᠯᠢᠦ ᠵᠢᠢ ᠶᠢᠩ᠂ |
ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠢ ᠲᠢᠶᠠᠨ᠂ ᠵᠤᠤ ᠶᠠᠨ ᠷᠤ᠋ ᠨᠠᠷ ᠣᠷᠣᠯᠴᠠᠪᠠ᠃ |
|
|
|
|
|
|
|
|
|
|
|
|
|
|
|
|
|
|
|
|
|
|
|
᠁ |