|
|
11ᠳ᠋ᠦ᠋ᠭᠡᠷ ᠰᠠᠷ᠎ᠠ ᠶᠢᠨ 6 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ |
ᠠᠯᠪᠠᠨ ᠬᠡᠷ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ 2024 ᠣᠨ ᠤ ᠬᠤᠪᠢᠰᠬᠠᠯ ᠤᠨ ᠲᠡᠦᠬᠡ ᠶᠢᠨ |
ᠳᠤᠷᠠᠰᠬᠠᠯᠲᠤ ᠵᠦᠢᠯ ᠢᠶᠠᠷ ᠭᠤᠤᠯ ᠰᠡᠳᠦᠪ ᠪᠣᠯᠭᠠᠭᠰᠠᠨ ︽ᠶᠡᠭᠡ ᠦᠵᠡᠯ ᠰᠠᠨᠠᠭ᠎ᠠ ᠲᠠᠢ ᠤᠯᠤᠰ ᠲᠥᠷᠥ ᠶᠢᠨ |
ᠬᠢᠴᠢᠶᠡᠯ︾ ᠤᠨ ᠴᠢᠨᠠᠷ ᠰᠠᠶᠢᠲᠠᠶ ᠡᠬᠢ ᠪᠠᠶᠠᠯᠢᠭ ᠤᠨ ᠪᠠᠶᠢᠭᠤᠯᠤᠯᠲᠠ ᠶᠢᠨ ᠲᠠᠨᠢᠯᠴᠠᠭᠤᠯᠬᠤ ᠵᠦᠢᠯᠡᠰ ᠤᠨ ᠨᠡᠷᠡᠰ ᠢ |
ᠨᠡᠶᠢᠲᠡᠯᠡᠵᠦ᠂ ᠡᠴᠦᠰ ᠲᠤ ᠪᠠᠨ 10 ᠵᠢᠱᠢᠶ᠎ᠡ ᠦᠵᠡᠭᠦᠯᠬᠦ ᠵᠦᠢᠯᠡᠰ᠂ 100 ᠰᠣᠳᠣᠨ ᠵᠦᠢᠯᠡᠰ ᠢ |
ᠲᠠᠨᠢᠯᠴᠠᠭᠤᠯᠬᠤ ᠪᠠᠷ ᠲᠣᠭᠲᠠᠭᠠᠪᠠ᠃ ᠥᠪᠥᠷ ᠮᠣᠩᠭᠤᠯ ᠤᠨ 4 ᠲᠥᠷᠥᠯ ᠵᠦᠢᠯ ᠪᠥᠬᠦ ᠤᠯᠤᠰ ᠤᠨ ᠵᠠᠭᠤᠨ |
ᠬᠦᠴᠦᠷᠬᠡᠭ ᠤᠨ ᠰᠣᠳᠣᠨ ᠪᠦᠲᠦᠭᠡᠯ ᠢ ᠲᠠᠨᠢᠯᠴᠠᠭᠤᠯᠬᠤ ᠲᠥᠷᠥᠯ ᠵᠦᠢᠯ ᠳᠤ ᠰᠣᠩᠭᠤᠭᠳᠠᠨ ᠣᠷᠣᠵᠤ᠂ |
ᠰᠣᠩᠭᠤᠭᠳᠠᠭᠰᠠᠨ ᠲᠥᠷᠥᠯ ᠵᠦᠢᠯ ᠤᠨ ᠲᠤᠭ᠎ᠠ ᠳᠠᠬᠢᠨ ᠢᠶᠠᠷ ᠨᠡᠮᠡᠭᠳᠡᠪᠡ᠃ |
ᠲᠣᠰ ᠤᠳᠠᠭᠠᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠭᠤᠤᠯ ᠰᠡᠳᠦᠪ ᠪᠣᠯᠭᠠᠭᠰᠠᠨ ︽ |
ᠶᠡᠭᠡ ᠦᠵᠡᠯ ᠰᠠᠨᠠᠭ᠎ᠠ ᠲᠠᠢ ᠤᠯᠤᠰ ᠲᠥᠷᠥ ᠶᠢᠨ ᠬᠢᠴᠢᠶᠡᠯ︾ ᠤᠨ ᠴᠢᠨᠠᠷ ᠰᠠᠶᠢᠲᠠᠶ ᠡᠬᠢ ᠪᠠᠶᠠᠯᠢᠭ ᠤᠨ |
ᠪᠠᠶᠢᠭᠤᠯᠤᠯᠲᠠ ᠶᠢ ᠳᠡᠯᠭᠡᠷᠡᠭᠦᠯᠬᠦ ᠠᠵᠢᠯ ᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ |
ᠰᠤᠷᠭᠠᠨ ᠬᠥᠮᠦᠵᠢᠯ ᠤᠨ ᠶᠠᠮᠤᠨ ᠠᠴᠠ ᠬᠠᠮᠲᠤᠷᠠᠨ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ |
ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠪᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ |
ᠲᠥᠷᠥ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ |
ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠪᠠᠷ |
ᠵᠣᠷᠢᠯᠭ᠎ᠠ ᠪᠠᠨ ᠪᠣᠯᠭᠠᠵᠠᠶ᠃ ᠥᠪᠥᠷ ᠮᠣᠩᠭᠤᠯ ᠤᠨ ᠮᠦᠽᠧᠶ ᠪᠣᠯᠤᠨ ᠰᠢᠨᠬᠤᠸᠠ ᠰᠦᠯᠵᠢᠶ᠎ᠡ ᠶᠢᠨ ᠥᠪᠥᠷ ᠮᠣᠩᠭᠤᠯ |
ᠬᠠᠮᠲᠤᠷᠠᠨ ᠮᠡᠳᠡᠭᠦᠯᠦᠭᠰᠡᠨ ︽︿ᠬᠤᠪᠢᠰᠬᠠᠯ ᠤᠨ ᠡᠷᠳᠡᠨᠢᠰ ᠤᠨ ᠰᠠᠩ ᠤᠨ ᠲᠡᠮᠡᠴᠡᠯ ᠤᠨ ᠥᠯᠢᠭᠡᠷ﹀ ᠤᠨ ᠰᠢᠷᠢᠰ |
ᠪᠢᠴᠢᠯ ᠸᠢᠳᠢᠣ᠋︾︔ ᠥᠪᠥᠷ ᠮᠣᠩᠭᠤᠯ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠪᠰᠢᠭᠦᠯᠦᠨ ᠮᠡᠳᠡᠭᠦᠯᠦᠭᠰᠡᠨ ︽ᠬᠤᠪᠢᠰᠬᠠᠯ ᠤᠨ |
ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠭᠠᠵᠢᠭᠤᠯᠤᠭᠰᠠᠨ ᠳᠠᠮᠵᠢᠭᠤᠯᠭ᠎ᠠ ᠳᠤ ᠠᠩᠬᠠᠷᠤᠯ ᠢᠶᠠᠨ |
ᠲᠥᠪᠯᠡᠷᠡᠭᠦᠯᠦᠭᠰᠡᠨ ︿ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ﹀ ᠤᠨ ᠵᠢᠱᠢᠮᠡᠭ ᠳᠠᠭᠤᠷᠢᠶᠠᠮᠠᠯ ᠡᠬᠢ |
ᠪᠠᠶᠠᠯᠢᠭ ᠤᠨ ᠲᠠᠪᠴᠠᠩ ᠤᠨ ᠪᠠᠶᠢᠭᠤᠯᠤᠯᠲᠠ︾ ᠨᠢ ᠲᠤᠭᠠᠵᠢᠭᠤᠯᠤᠭᠰᠠᠨ ᠳᠠᠮᠵᠢᠭᠤᠯᠭ᠎ᠠ ᠶᠢᠨ ᠲᠥᠷᠥᠯ ᠤᠨ ᠰᠣᠳᠣᠨ |
ᠪᠦᠲᠦᠭᠡᠯ ᠲᠠᠨᠢᠯᠴᠠᠭᠤᠯᠬᠤ ᠲᠥᠷᠥᠯ ᠵᠦᠢᠯ ᠳᠤ ᠰᠣᠩᠭᠤᠭᠳᠠᠪᠠ᠃ ᠪᠤᠭᠤᠲᠤ ᠶᠢᠨ ᠮᠦᠽᠧᠢ ︵ᠸᠠᠩ ᠷᠦᠸᠧ |
ᠹᠸᠢ ᠶᠢᠨ ᠳᠤᠷᠠᠰᠬᠠᠯ ᠤᠨ ᠣᠷᠳᠣᠨ︶ ᠪᠣᠯᠤᠨ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠨᠢᠦ ᠴᠢᠶᠣᠤ |
ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠠᠮᠲᠤᠷᠠᠨ ᠮᠡᠳᠡᠭᠦᠯᠦᠭᠰᠡᠨ ︽ᠦᠷᠡᠭᠳᠡᠭᠰᠡᠨ ᠪᠠᠭᠠᠲᠤᠷᠴᠤᠳ ᠤᠨ ᠤᠯᠠ |
ᠮᠥᠷ ᠢ ᠡᠷᠢᠯᠬᠢᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠶᠢᠯᠠᠭᠠᠬᠤ— ᠸᠠᠩ ᠷᠦᠸᠧ ᠹᠸᠢ ᠶᠢᠨ |
ᠳᠤᠷᠠᠰᠬᠠᠯ ᠤᠨ ᠣᠷᠳᠣᠨ ᠤ ᠬᠤᠪᠢᠰᠬᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠭᠤᠣᠯ |
ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠨᠢ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡᠨ ᠤ |
ᠲᠦᠷᠦᠯ ᠤᠨ ᠰᠣᠳᠣᠨ ᠪᠦᠲᠦᠭᠡᠯ ᠢ ᠲᠠᠨᠢᠯᠴᠠᠭᠤᠯᠬᠤ ᠲᠦᠷᠦᠯ ᠵᠦᠢᠯ ᠳᠤ ᠰᠣᠩᠭᠤᠭᠳᠠᠨ ᠣᠷᠣᠪᠠ᠃ ᠣᠷᠳᠣᠰ |
ᠬᠤᠲᠠ ᠶᠢᠨ ᠮᠦᠽᠧᠶ ︵ᠣᠷᠳᠣᠰ ᠤᠨ ᠬᠤᠪᠢᠰᠬᠠᠯ ᠤᠨ ᠲᠡᠦᠬᠡ ᠶᠢᠨ ᠮᠦᠽᠧᠶ︶ ᠪᠣᠯᠤᠨ ᠣᠷᠳᠣᠰ ᠬᠤᠲᠠ ᠶᠢᠨ |
ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠮᠲᠤᠷᠠᠨ ᠮᠡᠳᠡᠭᠦᠯᠦᠭᠰᠡᠨ ︽ᠬᠤᠪᠢᠰᠬᠠᠯ ᠤᠨ |
ᠥᠯᠢᠭᠡᠷ ᠦᠵᠡᠯ ᠰᠠᠨᠠᠭ᠎ᠠ ᠤᠯᠤᠰ ᠲᠥᠷᠥ ᠪᠠᠷ ᠬᠥᠮᠦᠨ ᠢ ᠬᠥᠮᠦᠵᠢᠭᠦᠯᠬᠦ— ᠲᠡᠦᠬᠡ ᠶᠢᠨ ᠳᠤᠷᠠᠰᠬᠠᠯᠲᠤ ᠵᠦᠢᠯ ᠤᠨ |
ᠬᠢᠴᠢᠶᠡᠯ ᠤᠨ ᠲᠠᠩᠬᠢᠮ︾ ᠨᠢ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠲᠥᠷᠥᠯ ᠤᠨ ᠰᠣᠳᠣᠨ |
ᠪᠦᠲᠦᠭᠡᠯ ᠢ ᠲᠠᠨᠢᠯᠴᠠᠭᠤᠯᠬᠤ ᠲᠥᠷᠥᠯ ᠵᠦᠢᠯ ᠳᠤ ᠰᠣᠩᠭᠤᠭᠳᠠᠪᠠ᠃ |
|