| ︽ᠥᠪᠥᠷ ᠮᠣᠩᠭᠤᠯ · ᠪᠠᠶᠠᠷ ᠪᠠᠶᠠᠰᠬᠤᠯᠠᠩᠳᠤ ᠮᠥᠰᠥ ᠴᠠᠰᠤᠨ ᠤ ᠤᠯᠠᠷᠢᠯ︾ ᠤᠨ ᠰᠣᠶᠣᠯ | 
                   ᠵᠢᠭᠤᠯᠴᠢᠯᠠᠯ ᠤᠨ ᠨᠡᠷᠡᠲᠦ ᠲᠡᠮᠳᠡᠭ ᠢ ᠤᠯᠠᠮ ᠨᠢᠭᠡ ᠠᠯᠬᠤᠮ ᠤᠬᠠᠭᠤᠯᠵᠤ᠂ ᠤᠯᠠᠭᠠᠨᠴᠠᠪ ᠤᠨ ᠭᠠᠯᠲᠤ ᠠᠭᠤᠯᠠ ᠶᠢᠨ | 
                   ᠥᠪᠡᠷᠮᠢᠴᠡ ᠰᠣᠶᠣᠯ ᠤᠨ ᠲᠠᠲᠠᠬᠤ ᠬᠦᠴᠦᠨ ᠪᠠ ᠮᠥᠰᠥ ᠴᠠᠰᠤᠨ ᠤ ᠵᠠᠩ ᠦᠢᠯᠡ ᠶᠢ ᠳᠡᠯᠭᠡᠨ ᠦᠵᠡᠭᠦᠯᠬᠦ ᠶᠢᠨ | 
                   ᠲᠥᠯᠥᠭᠡ᠂ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ᠨᠠᠷᠢᠨ ᠨᠢᠮᠪᠠᠢ ᠲᠥᠯᠥᠪᠯᠡᠵᠦ᠂ ︽ᠭᠠᠯᠲᠤ ᠠᠭᠤᠯᠠ ᠪᠠᠷ | 
                   ᠵᠤᠭᠠᠴᠠᠵᠤ · ᠣᠷᠭᠢᠯᠤᠮᠠ ᠰᠡᠳᠬᠢᠯᠭᠡ ᠪᠠᠨ ᠰᠡᠷᠭᠦᠭᠡᠬᠦ︾ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭᠠ ᠶᠢ | 
                   ᠶᠠᠪᠤᠭᠳᠠᠭᠤᠯᠵᠤ᠂ ᠭᠠᠯᠲᠤ ᠠᠭᠤᠯᠠ ᠶᠢᠨ ᠡᠪᠦᠯ ᠤᠨ ᠵᠤᠭᠠᠴᠠᠯ ᠢ ︽ᠬᠥᠭᠵᠢᠶᠡᠨ ᠲᠠᠢ︾ ᠪᠣᠯᠭᠠᠪᠠ᠃ | 
                   11ᠰᠠᠷᠠ ᠶᠢᠨ 16 ᠤ ᠡᠳᠦᠷ ᠠᠴᠠ ᠡᠬᠢᠯᠡᠨ᠂ 88 ᠡᠳᠦᠷ ᠤᠨ ᠬᠤᠭᠤᠴᠠᠭᠠ ᠲᠠᠢ ︽ᠭᠠᠯᠲᠤ ᠠᠭᠤᠯᠠ ᠪᠠᠷ | 
                   ᠵᠤᠭᠠᠴᠠᠵᠤ · ᠣᠷᠭᠢᠯᠤᠮᠠ ᠰᠡᠳᠬᠢᠯᠭᠡ ᠪᠠᠨ ᠰᠡᠷᠭᠦᠭᠡᠬᠦ︾ ᠰᠡᠳᠦᠪᠳᠦ ᠡᠪᠦᠯ ᠤᠨ ᠤᠯᠠᠷᠢᠯ ᠤᠨ ᠵᠤᠭᠠᠴᠠᠯ ᠤᠨ ᠰᠢᠷᠢᠰ | 
                   ᠠᠵᠢᠯᠯᠠᠭᠠ ᠤᠯᠠᠭᠠᠨᠴᠠᠪ ᠤᠨ ᠭᠠᠯᠲᠤ ᠠᠭᠤᠯᠠᠨ ᠳᠤ ᠦᠪᠡᠳᠡᠭᠰᠢ ᠶᠡᠭᠡ ᠪᠠᠷ ᠡᠬᠢᠯᠡᠬᠦ ᠪᠣᠯᠤᠨᠠ᠃ | 
                   ᠨᠢᠭᠡ᠂ ᠣᠬᠢ ᠰᠢᠯᠢᠳᠡᠭ ᠡᠪᠦᠯ ᠤᠨ ᠤᠯᠠᠷᠢᠯ ᠤᠨ ᠵᠤᠭᠠᠴᠠᠯ ᠤᠨ ᠵᠠᠮ ᠱᠤᠭᠤᠮ᠃ ᠵᠤᠭᠠᠴᠠᠭᠰᠠᠳ ᠢ | 
                   ᠣᠬᠤᠷᠬᠠᠨ ᠬᠤᠭᠤᠴᠠᠭᠠᠨ ᠤ ᠳᠣᠲᠣᠷᠠ ᠣᠯᠠᠨ ᠵᠤᠭᠠᠴᠠᠯ ᠤᠨ ᠦᠵᠡᠮᠵᠢ ᠶᠢᠨ ᠣᠷᠣᠨ ᠳᠤ ᠣᠴᠢᠭᠤᠯᠵᠦ᠂ᠵᠤᠭᠠᠴᠠᠨ | 
                   ᠨᠠᠭᠠᠳᠬᠤ ᠴᠠᠭ ᠢ ᠠᠷᠪᠢᠯᠠᠵᠦ᠂ ᠵᠤᠭᠠᠴᠠᠯ ᠤᠨ ᠠᠶᠢᠵᠠᠮ ᠢ ᠨᠡᠩ ᠨᠢᠭᠲᠠ ᠪᠣᠯᠭᠠᠬᠤ ᠶᠢᠨ ᠲᠥᠯᠥᠭᠡ᠂ᠡᠮᠦᠨᠡ ᠬᠡᠰᠡᠭ | 
                   ᠂ ᠬᠤᠶᠢᠳᠤ ᠬᠡᠰᠡᠭ ᠤᠨ ᠵᠤᠭᠠᠴᠠᠭᠰᠠᠳ ᠤᠨ ᠲᠥᠪ᠂ 3 ᠳ᠋ᠤᠭᠠᠷ ᠨᠣᠮᠧᠷᠲᠤ ᠭᠠᠯᠲᠤ ᠠᠭᠤᠯᠠ ᠵᠢᠬᠤᠯᠪᠣᠯᠳᠤᠭᠤᠯᠵᠤ᠂ | 
                   ᠦᠵᠡᠮᠵᠢ ᠶᠢᠨ ᠣᠷᠣᠨ ᠤ ᠡᠮᠦᠨᠡ ᠤᠮᠠᠷᠠ ᠵᠠᠮ ᠤᠨ ᠬᠡᠰᠡᠭ ᠢ ᠬᠤᠯᠪᠣᠬᠤ ᠶᠢᠨ ᠬᠠᠮᠲᠤᠤᠳᠤᠨ ᠮᠡᠴᠢᠳ ᠢ | 
                   ᠰᠤᠨᠢᠷᠬᠠᠬᠤ ᠭᠠᠵᠠᠷ᠂ ᠠᠷᠠᠳ ᠤᠨ ᠣᠷᠣᠨ ᠰᠠᠭᠤᠴᠠ᠂ ᠠᠮᠲᠠᠲᠤ ᠢᠳᠡᠭᠡᠨ ᠵᠡᠷᠭᠡ ᠵᠢᠤᠶᠠᠯᠳᠤᠭᠤᠯᠤᠨ ᠡᠪᠦᠯ ᠤᠨ | 
                   ᠤᠯᠠᠷᠢᠯ ᠤᠨ ᠵᠤᠭᠠᠴᠠᠯ ᠤᠨ ᠰᠣᠳᠣᠨ ᠵᠠᠮ ᠱᠤᠭᠤᠮ ᠢ ᠪᠤᠢ ᠪᠣᠯᠭᠠᠪᠠ᠃ | 
                   ᠬᠤᠶᠠᠷ᠂ ︽ᠭᠠᠯᠲᠤ ᠠᠭᠤᠯᠠ ᠶᠢᠨ ᠰᠥᠨᠢ︾ ᠰᠡᠳᠦᠪᠳᠦ ᠳᠠᠭᠤᠤ ᠬᠥᠭᠵᠢᠮ ᠰᠤᠨᠢᠷᠬᠠᠬᠤ ᠵᠠᠮ ᠱᠤᠭᠤᠮ᠃ | 
                   ᠭᠠᠯᠲᠤ ᠠᠭᠤᠯᠠ ᠶᠢᠨ ᠨᠠᠶᠢᠷᠠᠯ ᠳᠠᠭᠤᠤ ᠪᠠᠷ ᠡᠬᠢᠯᠡᠯᠲᠡ ᠪᠣᠯᠭᠠᠵᠤ᠂ ︽ᠲᠥᠮᠥᠰᠥᠨ ᠪᠥᠵᠢᠭ︾ ᠤᠨ ᠲᠣᠭᠯᠠᠯᠲᠠ᠂ | 
                   ᠬᠤᠸᠠᠷ ᠫᠤᠤᠵᠢᠩ ᠤᠨ ᠦᠵᠡᠭᠦᠯᠭᠡ᠂ ᠭᠠᠯᠲᠤ ᠳᠡᠪᠦᠷᠡ ᠶᠢᠨ ᠲᠣᠭᠯᠠᠯᠲᠠ ᠵᠡᠷᠭᠡ ᠠᠵᠢᠯᠯᠠᠭᠠᠨ ᠲᠠᠢ ᠬᠠᠮᠵᠢᠯᠴᠠᠨ᠂ | 
                   ᠡᠪᠦᠯ ᠤᠨ ᠤᠯᠠᠷᠢᠯ ᠤᠨ ᠵᠤᠭᠠᠴᠠᠯ ᠤᠨ ︽ᠬᠦᠭᠵᠢᠶᠡᠨ︾ ᠢ ᠨᠣᠴᠣᠭᠠᠪᠠ᠃ ᠡᠭᠦᠨ ᠤ ᠬᠠᠮᠲᠤ᠂ ᠭᠠᠷᠠᠭ | 
                   ᠪᠦᠷᠢᠰᠦ᠋ ᠲᠠᠢ ᠴᠠᠢ᠂ ᠺᠣᠹᠧ᠂ ᠬᠥᠯᠳᠡᠭᠡᠭᠰᠡᠨ ᠲᠥᠮᠥᠰᠥ᠂ ᠰᠢᠷᠠᠮᠠᠯ ᠲᠥᠮᠥᠰᠥ᠂ ᠬᠥᠯᠳᠡᠭᠦᠦ ᠠᠯᠢᠮᠠ ᠵᠢᠴᠢ | 
                   ᠮᠣᠩᠭᠤᠯᠭᠡᠷ᠂ ᠲᠦᠳᠡᠭ ᠭᠠᠯ ᠵᠡᠷᠭᠡ ᠶᠢ ᠵᠢᠭᠤᠯᠴᠢᠯᠠᠭᠰᠠᠳ ᠲᠤ ᠦᠨᠡ ᠲᠥᠯᠥᠪᠦᠷᠢ ᠦᠭᠡᠢ ᠪᠠᠷ ᠬᠠᠩᠭᠠᠬᠤ | 
                   ᠪᠤᠯᠤᠨᠠ᠃ | 
                   ᠭᠤᠷᠪᠠ᠂ ︽ᠭᠠᠯᠲᠤ ᠠᠭᠤᠯᠠ ᠶᠢᠨ ᠬᠥᠮᠦᠨ ᠦᠭᠡᠢ ᠨᠢᠰᠭᠡᠯ ᠤᠨ ᠵᠢᠭᠰᠠᠭᠠᠯ︾ ᠰᠡᠳᠦᠪᠳᠦ ᠬᠠᠷᠠᠭᠠᠨ | 
                   ᠰᠠᠷᠠᠯ ᠤᠨ ᠦᠪᠡᠳᠡᠭᠰᠢ ᠳᠠᠢᠯᠠᠯᠭᠠ᠃ 3 ᠳ᠋ᠤᠭᠠᠷ ᠨᠣᠮᠧᠷᠲᠦ ᠭᠠᠯᠲᠤ ᠠᠭᠤᠯᠠ ᠶᠢᠨ ᠭᠤᠣᠯ ᠴᠣᠭᠴᠠ ᠶᠢᠨ ᠳᠡᠭᠡᠷᠡ | 
                   2000 ᠬᠥᠮᠦᠨ ᠥᠬᠡᠢ ᠨᠢᠰᠭᠡᠯ ᠢᠶᠠᠷ ᠳᠠᠮᠵᠢᠨ ᠰᠢᠨᠡ ᠡᠭᠦᠳᠦᠯᠲᠡ ᠶᠢᠨ ᠦᠵᠡᠭᠦᠯᠦᠯᠭᠡ ᠬᠢᠨᠡ᠃ | 
                   ᠵᠢᠭᠰᠠᠭᠠᠯ ᠤᠨᠬᠡᠯᠪᠡᠷᠢ ᠪᠠᠷ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠥᠩᠭᠡ ᠦᠵᠡᠮᠵᠢ ᠵᠢᠴᠢ ᠥᠪᠥᠷ | 
                   ᠮᠣᠩᠭᠤᠯ ᠤᠨᠣᠨᠴᠠᠯᠢᠭᠲᠤ ᠡᠯᠧᠮᠧᠨ᠋ᠲ ᠤᠨ ᠵᠢᠷᠤᠭ ᠳᠦᠷᠰᠦ ᠢ ᠪᠦᠷᠢᠯᠳᠦᠭᠦᠯᠵᠦ᠂ ᠲᠣᠰ ᠤᠳᠠᠭᠠᠨ ᠤ | 
                   ᠠᠵᠢᠯᠯᠠᠭᠠ ᠶᠢᠨ ᠭᠤᠤᠯᠰᠡᠳᠦᠪᠲᠦ ᠥᠰᠥᠭ ᠢ ᠪᠦᠷᠢᠯᠳᠦᠭᠦᠯᠦᠨᠡ᠃ | 
                   ᠲᠦᠷᠪᠡ᠂ ︽ᠭᠤᠸᠠᠩ ᠬᠠᠨ ᠬᠦᠩ ᠣᠷᠳᠣᠨ ᠳᠠᠬᠢ ᠴᠠᠩ ᠧ︾ ᠭᠡᠬᠦ ᠭᠤᠣᠯ ᠰᠡᠳᠦᠪᠲᠦ IP ᠶᠢ | 
                   ᠪᠠᠶᠢᠭᠤᠯᠤᠨᠠ᠃ ᠡᠪᠦᠯ ᠤᠨ ᠤᠯᠠᠷᠢᠯ ᠤᠨ ᠭᠠᠯᠲᠤ ᠠᠭᠤᠯᠠ ᠶᠢᠨ ᠰᠠᠷᠠᠨ ᠪᠥᠮᠪᠥᠷᠴᠡᠭ ᠤᠨ ᠭᠠᠵᠠᠷ ᠤᠨ | 
                   ᠭᠠᠳᠠᠷᠭᠤ ᠲᠠᠢ ᠲᠦᠰᠳᠡᠢ ᠥᠪᠡᠷᠮᠢᠴᠡ ᠣᠨᠴᠠᠯᠢᠭ ᠢ ᠠᠰᠢᠭᠯᠠᠨ᠂ ︽ᠰᠢ ᠠᠨ ᠤ ᠳ᠋ᠠ ᠲᠠᠩ ᠤᠨ ᠦᠳᠡᠰᠢ ᠦᠭᠡᠢ | 
                   ᠬᠤᠲᠠ︾ ᠪᠠᠷ ᠪᠠᠷᠢᠮᠵᠢᠶᠠᠯᠠᠵᠤ᠂ ︽ᠭᠤᠸᠠᠩ ᠬᠠᠨ ᠬᠦᠩ ᠣᠷᠳᠣᠨ ᠳᠠᠬᠢ ᠴᠠᠩ ᠧ︾ ᠶᠢᠨ IP ᠢ ᠴᠣᠭᠴᠠᠯᠠᠵᠤ | 
                   ᠂ᠰᠦᠯᠵᠢᠶᠡᠨ ᠳᠡᠭᠡᠷᠡᠬᠢ ᠰᠣᠶᠣᠯ ᠵᠢᠭᠤᠯᠴᠢᠯᠠᠯ ᠤᠨ ᠬᠠᠯᠠᠮᠰᠢᠯ ᠤᠨ ᠴᠡᠭ ᠪᠣᠯᠭᠠᠬᠤ ᠪᠠᠷ ᠴᠢᠷᠮᠠᠶᠢᠨᠡ᠃ | 
                   ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠦᠷᠭᠦᠯᠵᠢᠯᠡᠨ ᠡᠪᠦᠯ ᠤᠨ | 
                   ᠤᠯᠠᠷᠢᠯ ᠤᠨ ᠵᠢᠭᠤᠯᠴᠢᠯᠠᠯ ᠤᠨ ᠰᠡᠳᠬᠢᠬᠦ ᠠᠷᠭᠠ ᠬᠡᠮᠵᠢᠶᠡ ᠶᠢ ᠲᠡᠭᠦᠯᠳᠡᠷᠵᠢᠭᠦᠯᠵᠦ᠂ ᠡᠪᠦᠯ ᠤᠨ ᠤᠯᠠᠷᠢᠯ ᠤᠨ | 
                   ᠵᠤᠭᠠᠴᠠᠭᠰᠠᠳ ᠢ 200 ᠲᠦᠮᠡ ᠳᠤ ᠬᠦᠷᠦᠭᠦᠯᠵᠦ᠂ ᠣᠷᠣᠯᠭᠠ ᠶᠢ 3 ᠳ᠋ᠦᠩᠰᠢᠭᠤᠷ ᠲᠥᠭᠦᠷᠢᠭ | 
                   ᠳᠠᠪᠠᠭᠤᠯᠬᠤ ᠪᠠᠷᠴᠢᠷᠮᠠᠶᠢᠵᠤ᠂ ᠭᠠᠯᠲᠤ ᠠᠭᠤᠯᠠ ᠶᠢᠨ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ | 
                   ᠲᠠᠰᠤᠷᠠᠯᠲᠠ ᠥᠬᠡᠶ ᠳᠡᠭᠡᠭᠰᠢᠯᠡᠭᠦᠯᠦᠨᠡ᠃ |