| 
                   ︵ᠰᠤᠷᠪᠤᠯᠵᠢᠯᠠᠭᠴᠢ ᠶᠦᠨ ᠶᠠᠨ ᠹᠠᠩ︶ ᠣᠶᠢᠷᠠ ᠳᠤ᠂ ᠳᠤᠮᠳᠠᠳᠤ ᠤᠯᠤᠰ ᠤᠨ ᠬᠤᠪᠢᠰᠬᠠᠯ ᠤᠨ ᠰᠠᠭᠤᠷᠢᠨ | 
                   ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ | 
                   ᠵᠠᠰᠠᠬᠤ ᠣᠷᠣᠨ ᠤ ᠬᠤᠪᠢᠰᠬᠠᠯ ᠤᠨ ᠰᠠᠭᠤᠷᠢᠨ ᠭᠠᠵᠠᠷ ᠤᠨ 13 ᠬᠤᠪᠢᠰᠬᠠᠯ ᠤᠨ ᠣᠷᠳᠣᠨ ᠳᠤ ︿ᠬᠤᠪᠢᠰᠬᠠᠯ ᠤᠨ | 
                   ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ﹀ ᠤᠨ ᠫᠠᠶᠢᠰᠠ ᠣᠯᠭᠤᠬᠤ ᠲᠤᠬᠠᠢ ᠲᠣᠭᠲᠠᠭᠠᠯ︾ ᠭᠠᠷᠭᠠᠵᠤ | 
                   ᠂ ᠡᠭᠦᠨ ᠳᠤ ᠦᠴᠤᠸᠠᠨ ᠰᠢᠶᠠᠨ ᠤ ︽ᠳᠠᠯᠠᠨ ᠬᠠᠷᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠲᠠᠶᠢᠨ ᠤ | 
                   ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ︾᠂ ᠲᠦᠮᠡᠳ ᠵᠡᠭᠦᠨ ᠬᠤᠰᠢᠭᠤᠨ ᠤ ︽ᠤᠯᠠᠭᠠᠨᠬᠦᠦ ᠶᠢᠨ | 
                   ᠬᠠᠭᠤᠴᠢᠨ ᠰᠠᠭᠤᠴᠠ︾᠂ ᠰᠢᠨᠡ ᠬᠤᠲᠠ ᠲᠣᠭᠤᠷᠢᠭ ᠤᠨ ︽ᠳᠠᠯᠠᠨ ᠬᠠᠷᠠ ᠠᠭᠤᠯᠠ ᠶᠢᠨ ᠬᠤᠪᠢᠰᠬᠠᠯ ᠤᠨ | 
                   ᠰᠣᠶᠣᠯ ᠤᠨ ᠴᠡᠴᠡᠷᠯᠢᠭ︾᠂ ᠴᠢᠩ ᠱᠦᠢ ᠾᠧ ᠰᠢᠶᠠᠨ ᠤ ︽ᠯᠤᠤ ᠨᠢᠦ ᠫᠦᠸᠧ ᠨᠠᠮ ᠤᠨ ᠡᠭᠦᠷ ᠤᠨ ᠬᠠᠭᠤᠴᠢᠨ | 
                   ᠪᠠᠭᠤᠷᠢ︾ ᠵᠡᠷᠭᠡ 4 ᠬᠤᠪᠢᠰᠬᠠᠯ ᠤᠨ ᠣᠷᠳᠣᠨ ᠵᠢᠭᠰᠠᠭᠠᠭᠳᠠᠪᠠ᠃ 11 ᠳ᠋ᠦ᠋ᠭᠡᠷ ᠰᠠᠷᠠ ᠶᠢᠨ 14 ᠤ ᠡᠳᠦᠷ᠂ | 
                   ᠥᠪᠥᠷ ᠮᠣᠩᠭᠤᠯ᠂ ᠬᠥᠬᠡᠬᠤᠲᠠ ᠬᠤᠶᠠᠷ ᠱᠠᠲᠤᠨ ᠤ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ | 
                   ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠳᠠᠯᠠᠨ ᠬᠠᠷᠠ ᠠᠭᠤᠯᠠ ᠶᠢᠨ ᠬᠤᠪᠢᠰᠬᠠᠯ ᠤᠨ ᠰᠣᠶᠣᠯ ᠤᠨ | 
                   ᠴᠡᠴᠡᠷᠯᠢᠭ ᠲᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠨᠡ 4 | 
                   ︽ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ︾ ᠤᠨ ᠠᠭᠤᠯᠭᠠ ᠨᠢ ᠢᠯᠡ ᠲᠣᠳᠣ᠂ | 
                   ᠬᠤᠪᠢᠰᠬᠠᠯ ᠤᠨ ᠰᠠᠭᠤᠷᠢᠨ ᠭᠠᠵᠠᠷ ᠤᠨ ᠪᠠᠶᠢᠭᠤᠯᠤᠭᠰᠠᠨ ᠲᠡᠦᠬᠡ ᠪᠠ ᠲᠡᠦᠬᠡᠲᠦ ᠬᠤᠪᠢ ᠨᠡᠮᠡᠷᠢ ᠶᠢ ᠬᠦᠢᠴᠡᠳ | 
                   ᠳᠡᠯᠭᠡᠨ ᠦᠵᠡᠭᠦᠯᠵᠦ᠂ ᠬᠤᠪᠢᠰᠬᠠᠯ ᠤᠨ ᠰᠠᠭᠤᠷᠢᠨ ᠭᠠᠵᠠᠷ ᠤᠨ ᠵᠣᠷᠢᠭ ᠰᠠᠨᠠᠭᠠᠨ ᠤ ᠭᠦᠨᠵᠡᠭᠡᠶ ᠠᠭᠤᠯᠤᠭᠳᠠᠬᠤᠨ ᠢ | 
                   ᠣᠯᠠᠨ ᠳᠤ ᠤᠬᠠᠭᠤᠯᠪᠠ᠃ ᠰᠠᠭᠤᠷᠢ ᠠᠵᠢᠯ ᠨᠢ ᠯᠠᠪᠳᠠᠭᠤᠨ ᠪᠠᠲᠤᠲᠠᠶ᠂ ᠣᠷᠳᠣᠨ ᠤ ᠲᠥᠬᠦᠭᠡᠷᠦᠮᠵᠢ ᠪᠦᠷᠢᠨ | 
                   ᠲᠥᠬᠦᠷ᠂ ᠤᠬᠠᠭᠤᠯᠤᠨ ᠲᠠᠶᠢᠯᠪᠤᠷᠢᠯᠠᠬᠤ ᠮᠠᠲ᠋ᠧᠷᠢᠶᠠᠯ ᠨᠢ ᠨᠠᠷᠢᠨ ᠪᠣᠳᠠᠲᠠᠶ ᠪᠥᠭᠡᠳ ᠠᠮᠢᠳᠤᠯᠢᠭ᠃ | 
                   ᠬᠠᠮᠢᠶᠠᠷᠤᠯᠲᠠ ᠨᠢ ᠵᠢᠷᠤᠮᠵᠢᠯ ᠲᠠᠢ᠂ ᠪᠠᠶᠢᠭᠤᠯᠤᠮᠵᠢ ᠪᠦᠷᠢᠨ᠂ ᠳᠦᠷᠢᠮ ᠲᠣᠭᠲᠠᠭᠠᠯ ᠪᠠ ᠵᠠᠷᠤᠳᠠᠯ ᠨᠢ ᠨᠠᠶᠢᠳᠠᠪᠤᠷᠢᠲᠠᠢ | 
                   ᠃ ᠴᠢᠳᠠᠮᠵᠢ ᠦᠢᠯᠡᠳᠦᠯ ᠨᠢ ᠢᠯᠡᠷᠬᠡᠶ᠂ ᠨᠡᠯᠢᠶᠡᠳ ᠥᠨᠳᠥᠷ ᠠᠯᠳᠠᠷᠰᠢᠯ ᠪᠠ ᠦᠵᠡᠭᠴᠢᠳ ᠤᠨ ᠤᠷᠤᠰᠬᠠᠯ ᠤᠨ | 
                   ᠬᠡᠮᠵᠢᠶᠡ ᠲᠠᠢ᠂ ᠨᠡᠶᠢᠭᠡᠮ ᠤᠨ ᠨᠥᠯᠥᠭᠡ ᠨᠢ ᠥᠷᠭᠡᠨ ᠳᠡᠯᠭᠡᠷ ᠪᠠᠶᠢᠳᠠᠭ᠃ ᠳᠠᠷᠠᠭᠠᠴᠢ ᠶᠢᠨ ᠠᠯᠬᠤᠮ ᠳᠤ᠂ | 
                   ᠬᠥᠬᠡᠬᠤᠲᠠ ᠶᠢᠨ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠨᠢ | 
                   ᠠᠮᠵᠢᠯᠲᠠ ᠪᠠᠨ ᠪᠠᠳᠠᠷᠠᠭᠤᠯᠵᠤ᠂ ᠦᠷᠭᠦᠯᠵᠢᠯᠡ ᠴᠢᠷᠮᠠᠶᠢᠵᠤ᠂ ᠬᠤᠪᠢᠰᠬᠠᠯ ᠤᠨ ᠰᠠᠭᠤᠷᠢᠨ ᠭᠠᠵᠠᠷ ᠤᠨ ᠦᠯᠡᠳᠡᠭᠳᠡᠯ | 
                   ᠣᠷᠳᠣᠨ ᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠪᠠ ᠤᠯᠤᠰ ᠤᠨ | 
                   ᠰᠤᠷᠲᠠᠯ ᠤᠬᠠᠭᠤᠯᠭᠠ ᠦᠵᠡᠯ ᠰᠠᠨᠠᠭᠠ ᠰᠣᠶᠣᠯ ᠤᠨ ᠠᠵᠢᠯ ᠢ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ | 
                   ᠱᠠᠭᠠᠷᠳᠠᠯᠭᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳᠡᠭᠡᠷ ᠬᠤᠪᠢᠰᠬᠠᠯ ᠤᠨ ᠣᠷᠳᠣᠨ ᠢ | 
                   ᠲᠤᠰ ᠪᠡᠶᠡ ᠶᠢᠨ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠪᠠ ᠵᠣᠷᠢᠭ | 
                   ᠰᠠᠨᠠᠭᠠ ᠶᠢ ᠤᠬᠠᠭᠤᠯᠤᠨ ᠪᠠᠳᠠᠷᠠᠭᠤᠯᠵᠤ᠂ ᠬᠥᠮᠦᠨ ᠢ ᠬᠦᠮᠦᠵᠢᠭᠦᠯᠦᠨ ᠵᠣᠷᠢᠭ ᠢ ᠨᠢᠭᠲᠠᠷᠠᠭᠤᠯᠬᠤ ᠴᠢᠬᠤᠯᠠ | 
                   ᠵᠢᠭᠰᠠᠭᠠᠯ ᠤᠨ ᠭᠠᠵᠠᠷ ᠪᠣᠯᠭᠠᠨᠠ᠃ ᠡᠭᠦᠨ ᠤ ᠬᠠᠮᠲᠤ᠂ ᠳᠡᠯᠭᠡᠨ ᠦᠵᠡᠭᠦᠯᠬᠦ ᠠᠭᠤᠯᠭᠠ ᠶᠢ ᠤᠯᠠᠮ ᠨᠢᠭᠡ ᠠᠯᠬᠤᠮ | 
                   ᠪᠠᠶᠠᠯᠢᠭᠵᠢᠭᠤᠯᠵᠤ᠂ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠪᠢᠰᠬᠠᠯ ᠤᠨ ᠣᠷᠣᠨ ᠤ | 
                   ᠵᠣᠷᠢᠭ ᠰᠠᠨᠠᠭᠠ ᠶᠢ ᠤᠬᠠᠭᠤᠯᠤᠨ ᠪᠠᠳᠠᠷᠠᠭᠤᠯᠬᠤ᠂ ᠬᠤᠪᠢᠰᠬᠠᠯ ᠤᠨ ᠤᠳᠤᠮᠰᠢᠯ ᠢ ᠦᠷᠭᠦᠯᠵᠢᠯᠡᠨ ᠤᠯᠠᠮᠵᠢᠯᠠᠬᠤ ᠳᠤ | 
                   ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠣᠨᠠ᠃ | 
                    | 
                    | 
                    | 
                    | 
                    | 
                    | 
                    | 
                    | 
                    | 
                    | 
                    | 
                   ᠁ |