| 
                   ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ | 
                   ᠨᠠᠮ ᠤᠨ ᠬᠤᠷᠢᠶᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠ ᠶᠢᠨ ᠱᠦᠵᠢ ᠪᠦᠦ ᠭᠠᠩ ᠴᠢᠩ | 
                   ᠱᠦᠢ ᠾᠧ ᠰᠢᠶᠠᠨ᠂ ᠬᠤᠷᠢᠨᠭᠡᠷ ᠰᠢᠶᠠᠨ ᠳᠤ ᠬᠦᠷᠴᠦ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ | 
                   ᠰᠠᠶᠢᠲᠠᠢ ᠬᠥᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃ ᠴᠢᠩ ᠱᠦᠢ ᠡᡁᠧ ᠰᠢᠶᠠᠨ ᠳᠤ᠂ ᠪᠣᠣ ᠭᠠᠩ ᠯᠣᠣ | 
                   ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ | 
                   ᠡᠭᠦᠳᠦᠨ ᠪᠠᠶᠢᠭᠤᠯᠬᠤ ᠠᠵᠢᠯ ᠢ ᠭᠤᠣᠯᠳᠠᠯᠭᠠ ᠲᠠᠢ ᠪᠠᠶᠢᠴᠠᠭᠠᠨ ᠰᠤᠳᠤᠯᠵᠤ᠂ ᠴᠧᠩ ᠸᠠᠨ ᠭᠠᠷᠠᠮ᠂ ᠯᠣᠣ ᠨᠢᠦ | 
                   ᠸᠠᠨ ᠬᠡᠰᠡᠭ ᠣᠷᠣᠨ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠡᠵᠡᠩᠨᠡᠯᠲᠡ ᠵᠢᠴᠢ ᠲᠡᠦᠬᠡ | 
                   ᠰᠣᠶᠣᠯ ᠤᠨ ᠦᠵᠡᠭᠦᠯᠭᠡ ᠵᠡᠷᠭᠡ ᠶᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠯᠣᠣ ᠨᠢᠤ ᠸᠠᠨ ᠤ ᠬᠠᠲᠤᠨ | 
                   ᠭᠤᠤᠯ ᠤᠨ ᠶᠡᠭᠡ ᠬᠠᠪᠴᠢᠯ ᠤᠨ 5A ᠲᠠᠰ ᠤᠨ ᠦᠵᠡᠮᠵᠢ ᠶᠢᠨ ᠣᠷᠣᠨ ᠢ ᠪᠠᠶᠢᠭᠤᠯᠬᠤ ᠶᠢ ᠳᠥᠯᠭᠢᠨ ᠠᠬᠢᠭᠤᠯᠬᠤ | 
                   ᠪᠣᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠶ ᠬᠥᠭᠵᠢᠭᠦᠯᠬᠦ ᠪᠣᠳᠠᠲᠠᠶ ᠠᠵᠢᠯᠯᠠᠭᠠ ᠪᠣᠯᠬᠤ ᠪᠠᠷ | 
                   ᠪᠠᠷᠠᠬᠤ ᠥᠬᠡᠶ᠂ ᠮᠥᠨ ᠴᠤ ᠬᠤᠲᠠ ᠶᠢᠨ ᠠᠷᠠᠳ᠂ ᠵᠢᠭᠤᠯᠴᠢᠯᠠᠭᠴᠢᠳ ᠤᠨ ᠵᠤᠭᠠᠴᠠᠬᠤ ᠪᠣᠳᠠᠲᠤ ᠬᠡᠷᠡᠭᠴᠡᠭᠡ ᠶᠢ | 
                   ᠬᠠᠩᠭᠠᠬᠤ ᠶᠠᠪᠤᠳᠠᠯ ᠪᠣᠯᠤᠨᠠ᠃ ᠡᠭᠦᠳᠦᠨ ᠪᠠᠶᠢᠭᠤᠯᠬᠤ ᠠᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶᠠ ᠪᠠᠷ ᠬᠢᠵᠦ᠂ | 
                   ᠦᠵᠡᠮᠵᠢ ᠶᠢᠨ ᠣᠷᠣᠨ ᠤ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠦᠵᠡᠮᠵᠢ ᠶᠢᠨ ᠶᠠᠰᠤ | 
                   ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠬᠦ ᠵᠡᠷᠭᠡ ᠲᠠᠯᠠ ᠪᠠᠷ ᠦᠷᠭᠦᠯᠵᠢᠯᠡᠨ | 
                   ᠬᠦᠴᠦᠯᠡᠵᠦ᠂ ᠦᠵᠡᠮᠵᠢ ᠶᠢᠨ ᠣᠷᠣᠨ ᠤ ᠲᠠᠲᠠᠬᠤ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | 
                   ᠳᠡᠭᠡᠭᠰᠢᠯᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠤᠨ ᠲᠡᠦᠬᠡ ᠰᠣᠶᠣᠯ ᠢ ᠰᠠᠶᠢᠲᠤᠷ ᠠᠭᠤᠳᠠᠯᠵᠤ᠂ ︽ᠬᠠᠳᠤᠨ | 
                   ᠭᠤᠣᠯ ᠪᠣᠯᠤᠨ ᠤᠷᠳᠤ ᠴᠠᠭᠠᠨ ᠬᠡᠷᠡᠮ︾ ᠤᠨ ᠦᠯᠢᠭᠡᠷ ᠢ ᠰᠠᠶᠢᠲᠤᠷ ᠶᠠᠷᠢᠵᠤ᠂ ᠬᠠᠳᠤᠨ ᠭᠤᠣᠯ ᠤᠷᠳᠤ ᠴᠠᠭᠠᠨ | 
                   ᠬᠡᠷᠡᠮ ᠳᠠᠭᠠᠤ ᠶᠢᠨ ᠦᠵᠡᠮᠵᠢ ᠶᠢ ᠬᠤᠯᠪᠣᠬᠤ ᠪᠠᠷ ᠬᠦᠴᠦᠯᠡᠵᠦ᠂ ᠬᠠᠳᠤᠨ ᠭᠤᠣᠯ ᠤᠷᠳᠤ ᠴᠠᠭᠠᠨ ᠬᠡᠷᠡᠮ ᠤᠨ | 
                   ᠰᠣᠶᠣᠯ ᠵᠢᠭᠤᠯᠴᠢᠯᠠᠯ ᠤᠨ ᠪᠦᠰᠡ ᠶᠢᠨ ᠥᠪᠡᠷᠮᠢᠴᠡ ᠰᠠᠶᠢᠬᠠᠨ ᠪᠠᠶᠢᠭᠠᠯᠢ ᠶᠢᠨ ᠦᠵᠡᠮᠵᠢ ᠶᠢ ᠢᠯᠡᠷᠡᠭᠦᠯᠵᠦ᠂ ᠯᠣᠤ | 
                   ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠢ ᠤᠮᠠᠷᠠᠲᠤ ᠬᠢᠯᠢ ᠶᠢᠨ ᠴᠢᠬᠤᠯᠠ ᠵᠢᠭᠤᠯᠴᠢᠯᠠᠯ ᠤᠨ ᠣᠷᠣᠨ | 
                   ᠪᠣᠯᠭᠠᠬᠤ ᠬᠡᠷᠡᠭᠲᠡᠢ ᠭᠡᠵᠡᠢ᠃ ᠬᠤᠷᠢᠨᠭᠡᠷ ᠰᠢᠶᠠᠨ ᠳᠤ᠂ ᠪᠣᠣ ᠭᠠᠩ ᠰᠢᠷᠦᠢ ᠶᠢᠨ ᠬᠤᠲᠠ ᠶᠢᠨ ᠪᠠᠭᠤᠷᠢ ᠪᠣᠯᠣᠨ | 
                   ᠱᠧᠩ ᠯᠧ ᠮᠦᠽᠧᠢ ᠳᠤ ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠢ ᠬᠠᠮᠠᠭᠠᠯᠠᠬᠤ᠂ | 
                   ᠲᠡᠦᠬᠡ ᠶᠢᠨ ᠳᠤᠷᠠᠰᠬᠠᠯᠲᠤ ᠵᠦᠢᠯᠡᠰ ᠢ ᠳᠠᠬᠢᠨ ᠠᠰᠢᠭᠯᠠᠬᠤ ᠪᠠ ᠰᠣᠶᠣᠯ ᠤᠨ ᠦᠵᠡᠰᠬᠦᠯᠡᠩ ᠤᠨ ᠣᠷᠳᠣᠨ ᠤ | 
                   ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠲᠡᠦᠬᠡ ᠶᠢᠨ | 
                   ᠳᠤᠷᠠᠰᠬᠠᠯᠲᠤ ᠵᠦᠢᠯᠡᠰ ᠪᠣᠯ ᠲᠡᠦᠬᠡ ᠶᠢᠨ ᠭᠡᠷᠡᠴᠢ ᠮᠥᠨ᠂ ᠨᠡᠩ ᠴᠤ ᠰᠣᠶᠣᠯ ᠤᠨ ᠠᠴᠢᠶᠠᠯᠠᠪᠤᠷᠢ᠂ ᠬᠤᠷᠢᠨᠭᠡᠷ | 
                   ᠰᠢᠶᠠᠨ ᠤ ᠰᠣᠶᠣᠯ ᠤᠨ ᠤᠯᠠᠮᠵᠢᠯᠠᠯ ᠭᠦᠨ ᠵᠤᠵᠠᠭᠠᠨ᠂ ᠲᠡᠦᠬᠡ ᠶᠢᠨ ᠦᠯᠡᠳᠡᠭᠳᠡᠯ ᠡᠯᠪᠡᠭ ᠪᠠᠶᠠᠯᠢᠭ ᠪᠠᠶᠢᠳᠠᠭ | 
                   ᠪᠣᠯᠬᠤᠷ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠢ ᠴᠢᠬᠤᠯᠠ | 
                   ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | 
                   ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠰᠢᠰᠲ᠋ᠧᠮ ᠲᠠᠢ | 
                   ᠲᠥᠯᠥᠪᠵᠢᠭᠦᠯᠵᠦ᠂ ᠨᠢᠭᠡᠳᠦᠯᠲᠡᠢ ᠠᠬᠢᠭᠤᠯᠤᠨ᠂ ᠬᠠᠭᠤᠴᠢ ᠰᠤᠳᠤᠯᠤᠯ ᠤᠨ ᠪᠠᠭᠤᠷᠢ ᠶᠢ ᠬᠠᠮᠠᠭᠠᠯᠠᠬᠤ᠂ ᠬᠠᠭᠤᠴᠢ | 
                   ᠰᠤᠳᠤᠯᠤᠯ ᠤᠨ ᠬᠤᠯᠪᠣᠭᠠᠯᠠᠭᠰᠠᠨ ᠠᠭᠤᠳᠠᠯᠤᠯᠲᠠ ᠬᠢᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ | 
                   ᠦᠵᠡᠭᠦᠯᠬᠦ᠂ ᠰᠣᠶᠣᠯ ᠤᠨ ᠦᠵᠡᠰᠬᠦᠯᠡᠩ ᠤᠨ ᠣᠷᠳᠣᠨ ᠤ ᠪᠦᠳᠦᠭᠡᠨ ᠪᠠᠶᠢᠭᠤᠯᠤᠯᠲᠠ ᠵᠡᠷᠭᠡ ᠶᠢ ᠤᠶᠠᠯᠳᠤᠭᠤᠯᠵᠤ᠂ | 
                   ᠰᠢᠷᠦᠢ ᠶᠢᠨ ᠬᠤᠲᠠ ᠶᠢᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠥᠨᠳᠥᠷ | 
                   ᠪᠠᠷᠢᠮᠵᠢᠶᠠ ᠪᠠᠷ ᠪᠠᠶᠢᠭᠤᠯᠵᠤ᠂ ᠱᠧᠩ ᠯᠧ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠣᠯᠭᠠᠨ | 
                   ᠪᠠᠶᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠲᠡᠤᠬᠡ ᠶᠢᠨ ᠳᠤᠷᠠᠰᠬᠠᠯᠲᠤ ᠵᠦᠢᠯ ᠤᠨ ᠦᠨᠡ ᠥᠷᠲᠡᠭ ᠢ | 
                   ᠠᠭᠤᠳᠠᠯᠠᠨ ᠢᠯᠡᠷᠡᠭᠦᠯᠵᠦ᠂ ᠮᠦᠽᠧᠶ ᠳᠤ ᠬᠠᠳᠠᠭᠠᠯᠠᠵᠤ ᠪᠠᠶᠢᠭᠠ ᠲᠡᠤᠬᠡ ᠶᠢᠨ ᠳᠤᠷᠠᠰᠬᠠᠯᠲᠤ ᠵᠦᠢᠯ ᠬᠢᠭᠡᠳ ᠳᠡᠯᠭᠡᠨ | 
                   ᠦᠵᠡᠭᠦᠯᠵᠦ ᠪᠠᠶᠢᠭᠠ ᠲᠡᠦᠬᠡ ᠶᠢᠨ ᠥᠪ ᠬᠥᠷᠥᠩᠭᠡ ᠶᠢ ︽ᠠᠮᠢᠯᠠᠭᠤᠯᠵᠤ︾᠂ ᠲᠡᠤᠬᠡ ᠶᠢᠨ ᠳᠤᠷᠠᠰᠬᠠᠯᠲᠤ | 
                   ᠵᠦᠢᠯ ᠤᠨ ᠬᠠᠮᠠᠭᠠᠯᠠᠯᠲᠠ᠂ ᠬᠠᠭᠤᠴᠢ ᠪᠠᠭᠤᠷᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠷᠡ | 
                   ᠪᠦᠲᠦᠭᠡᠯ ᠢ ᠣᠯᠠᠨ ᠲᠦᠮᠡᠨ ᠳᠤ ᠨᠡᠩ ᠶᠡᠭᠡ ᠬᠦᠷᠲᠡᠭᠡᠬᠦ ᠬᠡᠷᠡᠭᠲᠡᠶ ᠭᠡᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ | 
                   ᠂ ᠪᠦᠦ ᠭᠠᠩ ᠪᠠᠰᠠ ᠴᠢᠩ ᠱᠦᠶ ᠾᠧ ᠮᠦᠽᠧᠶ᠂ ᠬᠤᠷᠢᠨᠭᠡᠷ ᠰᠢᠶᠠᠨ ᠤ ᠪᠦᠪᠡᠢ ᠭᠤᠤᠯ ᠤᠨ ᠠᠮᠢ ᠠᠬᠤᠶ ᠶᠢᠨ | 
                   ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠯᠢᠦ ᠵᠢᠢ ᠶᠢᠩ᠂ | 
                   ᠼᠤᠤ ᡁᠢ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ | 
                    | 
                    | 
                    | 
                    | 
                    | 
                    | 
                    | 
                    | 
                    | 
                    | 
                    | 
                   ᠁ |