|
|
|
︵ᠰᠤᠷᠪᠤᠯᠵᠢᠯᠠᠭᠴᠢ ᠶᠠᠩ ᠼᠠᠢ ᠰᠢᠶᠠ︶ 11 ᠳ᠋ᠦ᠋ᠭᠡᠷ ᠰᠠᠷ᠎ᠠ ᠶᠢᠨ 18 ᠠᠴᠠ 19 ᠤ ᠡᠳᠦᠷ᠂ ᠳᠤᠮᠳᠠᠳᠤ |
ᠤᠯᠤᠰ ᠤᠨ ᠤᠯᠠᠨ ᠤᠯᠤᠰ ᠤᠨ ᠨᠥᠬᠦᠷᠰᠡᠭ ᠬᠤᠳᠠ ᠶᠢᠨ ᠶᠡᠭᠡ ᠬᠤᠷᠠᠯ ᠶᠦᠨᠨᠠᠨ ᠮᠤᠵᠢ ᠶᠢᠨ ᠺᠦᠨᠮᠢᠩ ᠬᠤᠳᠠ ᠳᠤ |
ᠬᠤᠷᠠᠯᠳᠤᠵᠤ᠂ ᠶᠡᠭᠡ ᠬᠤᠷᠠᠯ ᠠᠴᠠ ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠢᠯ ᠢ ᠭᠢᠯᠠᠷᠠᠭᠤᠯᠤᠮᠠ |
ᠥᠷᠨᠢᠭᠦᠯᠦᠭᠰᠡᠨ ᠮᠤᠵᠢ ᠬᠤᠳᠠ ᠶᠢ ᠬᠥᠬᠢᠭᠦᠯᠦᠨ ᠰᠠᠶᠢᠰᠢᠶᠠᠪᠠ᠃ ᠬᠥᠬᠡᠬᠤᠲᠠ ︽ᠣᠯᠠᠨ ᠤᠯᠤᠰ ᠤᠨ ᠨᠥᠬᠦᠷᠰᠡᠭ |
ᠬᠤᠲᠠ ᠶᠢᠨ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠬᠦᠷᠲᠡᠵᠡᠢ᠂ ᠲᠣᠰ ᠱᠠᠩᠨᠠᠯ ᠨᠢ ᠣᠯᠠᠨ |
ᠤᠯᠤᠰ ᠤᠨ ᠨᠥᠬᠦᠷᠰᠡᠭ ᠬᠤᠲᠠ ᠶᠢᠨ ᠠᠵᠢᠯ ᠤᠨ ᠬᠠᠮᠤᠭ ᠤᠨ ᠳᠡᠭᠡᠳᠦ ᠱᠠᠩᠨᠠᠯ ᠪᠣᠯᠣᠨ᠎ᠠ᠂ ᠪᠥᠬᠦ ᠤᠯᠤᠰ ᠲᠤ |
ᠨᠡᠶᠢᠲᠡ 10 ᠬᠤᠲᠠ ᠲᠤᠰ ᠱᠠᠩᠨᠠᠯ ᠢ ᠬᠦᠷᠲᠡᠪᠡ᠃ ᠲᠣᠰ ᠤᠳᠠᠭᠠᠨ ᠤ ᠱᠠᠩᠨᠠᠯ ᠨᠢ ᠬᠥᠬᠡᠬᠤᠲᠠ ᠶᠢᠨ ᠤᠯᠤᠰ ᠤᠨ |
ᠶᠡᠷᠦᠩᠬᠡᠶ ᠭᠠᠳᠠᠭᠠᠳᠤ ᠬᠠᠷᠢᠯᠴᠠᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠭᠰᠠᠨ ᠶᠠᠪᠤᠳᠠᠯ |
ᠪᠣᠯᠤᠨ᠎ᠠ᠃ 1987 ᠣᠨ ᠠᠴᠠ ᠣᠲᠣ ᠪᠣᠯᠲᠠᠯ᠎ᠠ᠂ ᠬᠥᠬᠡᠬᠤᠲᠠ ᠨᠢᠭᠡᠨᠲᠡ ᠶᠠᠫᠣᠨ ᠤ ᠭᠠᠩᠴᠢ ᠬᠤᠲᠠ᠂ ᠮᠣᠩᠭᠤᠯ |
ᠤᠯᠤᠰ ᠤᠨ ᠤᠯᠠᠭᠠᠨᠪᠠᠭᠠᠲᠤᠷ ᠬᠤᠲᠠ᠂ ᠠᠮᠧᠷᠢᠺᠠ ᠶᠢᠨ ᠯᠤᠰ ᠠᠩᠵᠧᠯᠧᠰ ᠵᠢᠶᠦ᠋ᠨ ᠵᠡᠷᠭᠡ ᠭᠠᠳᠠᠭᠠᠳᠤ ᠶᠢᠨ 8 |
ᠬᠤᠲᠠ ᠯᠤᠭ᠎ᠠ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠤᠭᠰᠠᠨ ᠪᠦᠭᠡᠳ 20 ᠭᠠᠷᠤᠶ ᠭᠠᠳᠠᠭᠠᠳᠤ ᠶᠢᠨ |
ᠬᠤᠲᠠ ᠲᠠᠢ ᠲᠣᠭᠲᠠᠭᠤᠨ ᠰᠣᠯᠢᠯᠴᠠᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ ᠣᠶᠢᠷ᠎ᠠ ᠶᠢᠨ |
ᠵᠢᠯ ᠳᠤ᠂ ᠬᠥᠬᠡᠬᠤᠲᠠ ᠭᠠᠳᠠᠭᠠᠳᠤ ᠬᠠᠷᠢᠯᠴᠠᠭᠠᠨ ᠳᠤ ᠰᠢᠭᠤᠷᠬᠠᠶ ᠤᠷᠤᠭᠰᠢᠯᠠᠨ᠂ ᠴᠢᠳᠠᠮᠠᠭᠠᠶ ᠬᠢᠵᠦ ᠴᠢᠳᠠᠮᠠᠭᠠᠶ |
ᠪᠦᠲᠦᠭᠡᠵᠦ᠂ ᠨᠥᠬᠦᠷᠰᠡᠭ ᠬᠤᠲᠠ ᠶᠢᠨ ᠪᠠᠶᠢᠷᠢᠰᠢᠭᠤᠯᠤᠯᠲᠠ ᠦᠷᠭᠦᠯᠵᠢᠯᠡᠨ ᠰᠢᠯᠢᠳᠡᠭᠵᠢᠵᠦ᠂ ᠰᠣᠯᠢᠯᠴᠠᠭᠠᠨ ᠤ |
ᠠᠷᠭ᠎ᠠ ᠵᠠᠮ ᠪᠥᠬᠦ ᠲᠠᠯ᠎ᠠ ᠪᠠᠷ ᠥᠷᠭᠡᠳᠴᠦ᠂ ᠬᠠᠮᠲᠤᠷᠠᠯᠴᠠᠭᠠᠨ ᠤ ᠲᠠᠪᠴᠠᠩ ᠲᠠᠰᠤᠷᠠᠯᠲᠠ ᠥᠬᠡᠶ ᠳᠡᠭᠡᠭᠰᠢᠯᠡᠵᠦ᠂ |
ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠪᠠ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ |
ᠬᠥᠭᠵᠢᠯᠲᠡ ᠳᠤ ᠦᠢᠯᠡᠴᠢᠯᠡᠨ ᠢᠳᠡᠪᠬᠢᠲᠡᠶ ᠦᠷ᠎ᠡ ᠪᠦᠲᠦᠮᠵᠢ ᠤᠯᠪᠠ᠃ ᠬᠥᠬᠡᠬᠤᠲᠠ ᠨᠥᠬᠦᠷᠰᠡᠭ ᠬᠤᠲᠠ ᠶᠢᠨ |
ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ |
ᠤᠯᠤᠰ ᠤᠨ ᠨᠥᠬᠦᠷᠰᠡᠭ ᠬᠤᠳᠠ ᠯᠤᠭ᠎ᠠ ᠭᠤᠣᠯᠳᠠᠯᠭ᠎ᠠ ᠲᠠᠢ ᠰᠣᠯᠢᠯᠴᠠᠭᠠᠨ ᠤ ᠠᠵᠢᠯᠯᠠᠭ᠎ᠠ ᠵᠠᠭᠤ ᠭᠠᠷᠤᠢ ᠤᠳᠠᠭ᠎ᠠ |
ᠥᠷᠨᠢᠭᠦᠯᠵᠦ᠂ ᠨᠥᠬᠦᠷᠰᠡᠭ ᠬᠤᠳᠠ ᠶᠢᠨ ᠬᠤᠭᠤᠷᠣᠨᠳᠣᠬᠢ ᠵᠠᠰᠠᠭ ᠤᠨ ᠣᠷᠳᠣᠨ ᠤ ᠬᠠᠷᠢᠯᠴᠠᠨ ᠠᠶᠢᠯᠴᠢᠯᠠᠬᠤ |
ᠪᠦᠯᠬᠦᠮ ᠮᠢᠩᠭ᠎ᠠ ᠭᠠᠷᠤᠢ ᠬᠥᠮᠦᠨ ᠤᠳᠠᠭ᠎ᠠ ᠳᠤ ᠬᠦᠷᠴᠦ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ |
ᠬᠦᠷᠢᠶᠡᠨ ᠤ ᠨᠥᠬᠦᠷᠰᠡᠭ ᠬᠠᠮᠲᠤᠷᠠᠯᠴᠠᠭᠠᠨ ᠤ ᠰᠠᠨᠠᠮᠵᠢ ᠪᠢᠴᠢᠭ᠂ ᠬᠡᠯᠡᠯᠴᠡᠭᠡᠷ ᠪᠢᠴᠢᠭ 50 ᠭᠠᠷᠤᠢ ᠬᠤᠪᠢ |
ᠲᠣᠭᠲᠠᠭᠰᠠᠨ ᠪᠦᠭᠡᠳ ᠲᠤᠮᠤ ᠬᠡᠯᠪᠡᠷᠢ ᠶᠢᠨ ᠤᠯᠠᠨ ᠤᠯᠤᠰ ᠤᠨ ᠦᠵᠡᠰᠬᠦᠯᠡᠩ ᠵᠢᠴᠢ ᠶᠠᠷᠢᠶᠠᠨ ᠤ ᠲᠠᠪᠴᠠᠩ ᠵᠡᠷᠭᠡ |
ᠠᠵᠢᠯᠯᠠᠭᠠᠨ ᠳᠤ ᠭᠠᠷ ᠤᠨ ᠦᠰᠦᠭ ᠵᠢᠷᠤᠵᠤ᠂ ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠤ ᠠᠬᠤᠢ |
ᠠᠷᠠᠯᠵᠢᠶ᠎ᠠ᠂ ᠰᠣᠶᠣᠯ ᠵᠢᠭᠤᠯᠴᠢᠯᠠᠯ᠂ ᠡᠮ ᠡᠮᠨᠡᠯᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ |
ᠵᠡᠷᠭᠡ ᠬᠦᠷᠢᠶᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠨᠥᠬᠦᠷᠰᠡᠭ ᠬᠤᠳᠠ ᠶᠢᠨ |
ᠰᠣᠯᠢᠯᠴᠠᠭᠠᠨ ᠤ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠨᠥᠬᠦᠷᠰᠡᠭ ᠬᠤᠳᠠ ᠶᠢᠨ ᠶᠠᠪᠤᠯᠴᠠᠭ᠎ᠠ ᠶᠢᠨ |
ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠤᠯᠠᠨ ᠵᠢᠯ ᠤᠨ ᠲᠤᠷᠰᠢ᠂ ᠬᠥᠬᠡᠬᠤᠲᠠ ᠪᠣᠯᠤᠨ ᠡᠯ᠎ᠡ |
ᠨᠥᠬᠦᠷᠰᠡᠭ ᠬᠤᠳᠠ ᠶᠢᠨ ᠬᠢᠨ ᠰᠣᠶᠣᠯ ᠢᠷᠭᠡᠨᠰᠢᠯ ᠤᠨ ᠬᠦᠷᠢᠶᠡᠨ ᠤ ᠨᠥᠬᠦᠷᠰᠡᠭ ᠰᠣᠯᠢᠯᠴᠠᠭ᠎ᠠ ᠶᠢ ᠢᠳᠡᠪᠬᠢᠲᠡᠢ |
ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠵᠠᠯᠠᠭᠤᠴᠤᠳ ᠪᠠᠭᠠᠴᠤᠳ ᠢ ᠬᠠᠷᠢᠯᠴᠠᠨ ᠲᠣᠮᠢᠯᠠᠵᠤ |
ᠨᠥᠬᠦᠷᠰᠡᠭ ᠰᠣᠯᠢᠯᠴᠠᠭ᠎ᠠ ᠬᠢᠬᠦ ᠪᠦᠯᠬᠦᠮ ᠳᠤᠭᠤᠶᠢᠯᠠᠩ ᠨᠢ ᠵᠠᠭᠤ ᠰᠢᠬᠠᠮ ᠪᠦᠯᠦᠭ ᠮᠢᠩᠭ᠎ᠠ ᠭᠠᠷᠤᠶ ᠬᠥᠮᠦᠨ |
ᠤᠳᠠᠭ᠎ᠠ ᠬᠦᠷᠴᠦ᠂ ︽ᠬᠥᠬᠡᠬᠤᠲᠠ ᠶᠢᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠨᠥᠬᠦᠷᠰᠡᠭ |
ᠬᠠᠷᠢᠯᠴᠠᠭ᠎ᠠ︾ ᠶᠢᠨ ᠨᠡᠷᠡᠲᠦ ᠲᠡᠮᠳᠡᠭ ᠢ ᠡᠭᠦᠳᠴᠦ᠂ ᠨᠥᠬᠦᠷᠰᠡᠭ ᠬᠤᠲᠠ ᠶᠢᠨ ᠵᠠᠯᠠᠭᠤᠴᠤᠳ ᠪᠠᠭᠠᠴᠤᠳ ᠢ |
ᠬᠦᠬᠡᠬᠤᠲᠠ ᠳᠤ ᠤᠷᠢᠵᠤ ᠡᠯ᠎ᠡ ᠭᠠᠵᠠᠷ ᠤᠨ ᠬᠡᠦᠬᠡᠳ ᠪᠠᠭᠠᠴᠤᠳ ᠬᠠᠷᠢᠯᠴᠠᠨ ᠲᠠᠨᠢᠯᠴᠠᠵᠤ᠂ ᠳᠤᠮᠳᠠᠳᠤ ᠶᠢᠨ |
ᠰᠢᠯᠢᠳᠡᠭ ᠤᠯᠠᠮᠵᠢᠯᠠᠯᠲᠤ ᠰᠣᠶᠣᠯ ᠢ ᠣᠶᠢᠯᠭᠠᠵᠤ᠂ ᠣᠷᠣᠨ ᠤ ᠲᠥᠪ ᠬᠤᠲᠠ ᠶᠢᠨ ᠠᠵᠤ ᠠᠬᠤᠶ ᠨᠡᠶᠢᠭᠡᠮ ᠤᠨ |
ᠬᠥᠭᠵᠢᠯᠲᠡ ᠶᠢᠨ ᠪᠠᠶᠢᠳᠠᠯ ᠢ ᠮᠡᠳᠡᠷᠡᠪᠡ᠃ ᠮᠠᠨ ᠤ ᠬᠤᠲᠠ ᠶᠢᠨ ᠳᠤᠮᠳᠠᠳᠤ ᠰᠤᠷᠭᠠᠭᠤᠯᠢ ᠬᠢᠭᠡᠳ ᠮᠣᠩᠭᠤᠯ |
ᠤᠯᠤᠰ ᠤᠨ ᠤᠯᠠᠭᠠᠨᠪᠠᠭᠠᠲᠤᠷ ᠬᠤᠲᠠ᠂ ᠣᠷᠣᠰ ᠤᠨ ᠫᠧᠯᠮ ᠬᠤᠲᠠ᠂ ᠬᠠᠩᠭᠠᠷᠢ ᠶᠢᠨ ᠳ᠋ᠧᠪᠦᠯᠧᠰᠡᠨ ᠬᠤᠲᠠ ᠶᠢᠨ |
ᠳᠤᠮᠳᠠᠳᠤ ᠰᠤᠷᠭᠠᠭᠤᠯᠢ ᠨᠤᠭᠤᠳ ᠲᠠᠢ ᠲᠣᠰ ᠲᠣᠰ ᠰᠤᠷᠭᠠᠭᠤᠯᠢ ᠶᠢᠨ ᠬᠤᠭᠤᠷᠣᠨᠳᠣᠬᠢ ᠨᠥᠬᠦᠷᠰᠡᠭ |
ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ |
᠂ ᠨᠥᠬᠦᠷᠯᠡᠯ ᠢ ᠵᠤᠵᠠᠭᠠᠳᠬᠠᠵᠠᠢ᠃ ᠳᠤᠮᠳᠠᠳᠤ ᠮᠣᠩᠭᠤᠯ ᠤᠨ ᠬᠠᠮᠲᠤᠪᠠᠷ ᠪᠠᠶᠢᠭᠤᠯᠬᠤ ᠠᠺᠠᠳᠧᠮᠢᠴᠢ ᠶᠢᠨ ᠲᠤᠰᠬᠠᠶ |
ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠲᠥᠷᠥᠯ ᠵᠦᠢᠯ ᠢ ᠠᠰᠢᠭᠯᠠᠨ᠂ ᠮᠠᠨ ᠤ ᠬᠤᠲᠠ ᠶᠢᠨ ᠮᠤᠩᠭᠤᠯ ᠡᠮ |
ᠡᠮᠨᠡᠯᠭᠡ ᠶᠢᠨ ᠬᠦᠭᠵᠢᠬᠦ ᠶᠢ ᠳᠡᠮᠵᠢᠪᠡ᠃ ᠮᠠᠨ ᠤ ᠬᠤᠲᠠ ᠪᠠ ᠮᠣᠩᠭᠤᠯ ᠤᠯᠤᠰ᠂ ᠹᠢᠨᠯᠠᠨᠳ᠋ ᠵᠡᠷᠭᠡ ᠭᠠᠵᠠᠷ ᠲᠠᠢ |
ᠴᠡᠴᠡᠷᠯᠢᠭ ᠤᠨ ᠨᠣᠭᠤᠭᠠᠷᠠᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠵᠢᠯ ᠮᠡᠷᠭᠡᠵᠢᠯ ᠤᠨ ᠪᠣᠯᠪᠠᠰᠤᠷᠠᠯ᠂ |
ᠨᠠᠰᠤᠲᠠᠶᠢᠴᠤᠳ ᠤᠨ ᠶᠡᠭᠡ ᠰᠤᠷᠭᠠᠭᠤᠯᠢ᠂ ᠬᠡᠤᠬᠡᠳ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ |
ᠰᠤᠷᠪᠤᠯᠵᠢᠯᠠᠭ᠎ᠠ ᠪᠠ ᠰᠣᠯᠢᠯᠴᠠᠭ᠎ᠠ ᠶᠢ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠵᠠᠶ ᠶᠢ ᠲᠠᠰᠤᠷᠠᠯᠲᠠ ᠦᠭᠡᠢ |
ᠦᠷᠭᠡᠳᠭᠡᠪᠡ᠃ |
|
|
|
|
|
|
|
|
|
|
|
|
|
|
|
|
|
|
|
|
|
|
|
|
|
᠁ |