|
|
|
ᠣᠶᠢᠷ᠎ᠠ ᠳᠤ᠂ ᠬᠥᠬᠡᠬᠤᠲᠠ ᠶᠢᠨ ᠡᠪᠯᠡᠯ ᠤᠨ ᠬᠤᠷᠢᠶ᠎ᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ |
ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ |
ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ︽ |
ᠬᠦᠬᠡᠬᠤᠲᠠᠨ᠎ᠠ ᠴᠤᠭᠯᠠᠷᠠᠬᠤ︾ ᠪᠠᠷ ︽ᠲᠠᠪᠤᠨ ᠲᠦᠮᠡᠨ ᠣᠶᠤᠲᠠᠨ ᠢ ᠬᠦᠬᠡᠬᠤᠲᠠᠨ᠎ᠠ ᠬᠤᠴᠤᠷᠭᠠᠵᠤ ᠠᠵᠢᠯᠯᠠᠭᠤᠯᠬᠤ |
︾ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ |
ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ |
200 ᠭᠠᠷᠤᠢ ᠰᠢᠯᠢᠳᠡᠭ ᠵᠠᠯᠠᠭᠤ ᠰᠤᠷᠤᠭᠴᠢᠳ ᠤᠨ ᠲᠦᠯᠦᠭᠡᠯᠡᠭᠴᠢᠳ ᠲᠤᠰ ᠠᠵᠢᠯᠯᠠᠭ᠎ᠠ ᠳᠤ ᠣᠷᠣᠯᠴᠠᠪᠠ᠃ |
ᠣᠶᠢᠯᠠᠭᠠᠭᠰᠠᠨ ᠢᠶᠠᠷ᠂ ᠲᠣᠰ ᠲᠠᠯᠠᠪᠤᠷ ᠤᠨ ᠠᠵᠢᠯᠯᠠᠭ᠎ᠠ ᠨᠢ ᠪᠣᠯ ᠬᠥᠬᠡᠬᠤᠲᠠ ᠶᠢᠨ ᠡᠪᠯᠡᠯ ᠤᠨ ᠬᠤᠷᠢᠶᠠᠨ ᠤ |
ᠶᠡᠭᠡ ᠳᠡᠭᠡᠳᠦ ᠰᠤᠷᠭᠠᠭᠤᠯᠢ ᠳᠠᠬᠢ ᠠᠩᠬᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠬᠤ ᠪᠦᠭᠡᠳ᠂ |
ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ |
ᠬᠠᠷᠢᠭᠤᠴᠠᠯᠭᠠᠲᠠᠨ ᠠᠴᠠ ᠰᠤᠷᠤᠭᠴᠢᠳ ᠤᠨ ᠵᠦᠪ ᠣᠨᠤᠪᠴᠢᠲᠠᠢ ᠠᠵᠢᠯ ᠮᠡᠷᠭᠡᠵᠢᠯ ᠤᠨ ᠬᠦᠰᠡᠯᠡᠩ ᠪᠠ ᠠᠵᠢᠯ |
ᠮᠡᠷᠭᠡᠵᠢᠯ ᠤᠨ ᠦᠵᠡᠯᠲᠡ ᠲᠠᠢ ᠪᠣᠯᠵᠤ᠂ ᠠᠵᠢᠯ ᠰᠣᠩᠭᠤᠬᠤ ᠰᠢᠢᠳᠪᠦᠷᠢᠲᠦ ᠪᠣᠳᠣᠯᠭ᠎ᠠ ᠵᠢᠴᠢ ᠠᠵᠢᠯ ᠮᠡᠷᠭᠡᠵᠢᠯ ᠤᠨ |
ᠬᠦᠰᠡᠯ ᠬᠦᠭᠡᠭᠡᠴᠡᠯᠳᠦᠯ ᠲᠥᠯᠥᠪᠵᠢᠭᠦᠯᠭᠡ ᠪᠠᠨ ᠰᠠᠶᠢᠲᠤᠷ ᠬᠢᠬᠦ ᠳᠤ ᠨᠢ ᠬᠠᠪᠰᠤᠷᠤᠮᠵᠢ ᠦᠵᠡᠭᠦᠯᠬᠦ ᠪᠠᠷ |
ᠬᠥᠬᠡᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠯᠤᠭ᠎ᠠ ᠤᠶᠠᠯᠳᠤᠭᠤᠯᠤᠨ᠂ ᠱᠠᠲᠤ |
ᠦᠶ᠎ᠡ ᠶᠢᠨ ᠦᠷ᠎ᠡ ᠪᠦᠲᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠪᠠᠶᠢᠭᠤᠯᠬᠤ᠂ |
ᠦᠢᠯᠡᠴᠢᠯᠡᠭᠡ ᠪᠠᠨ ᠴᠢᠩᠭᠠᠳᠬᠠᠬᠤ ᠵᠡᠷᠭᠡ ᠠᠴᠠ ︽ᠲᠠᠪᠤᠨ ᠲᠦᠮᠡᠨ ᠤᠶᠤᠲᠠᠳ ᠢ ᠬᠥᠬᠡᠬᠤᠲᠠ ᠳᠤ ᠬᠤᠴᠤᠷᠭᠠᠬᠤ |
ᠢᠨᠵᠧᠨᠧᠷᠢᠩ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠴᠢ ᠤᠶᠤᠲᠠᠳ ᠤᠨ ᠠᠵᠢᠯ ᠤᠯᠬᠤ᠂ ᠠᠳᠠᠯ ᠦᠢᠯᠡᠰ |
ᠴᠣᠭᠴᠠᠯᠠᠬᠤ ᠶᠢ ᠨᠢ ᠳᠠᠮᠵᠢᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ |
ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ |
ᠠᠵᠢᠯᠲᠠᠳ ᠠᠴᠠ ᠤᠶᠤᠲᠠᠳ ᠢ ᠰᠤᠷᠭᠠᠭᠤᠯᠢ ᠲᠡᠭᠦᠰᠦᠭᠰᠡᠨ ᠤ ᠳᠠᠷᠠᠭ᠎ᠠ ᠣᠷᠣᠨ ᠤ ᠲᠥᠪ ᠲᠤ ᠰᠠᠨᠠᠭ᠎ᠠ ᠠᠮᠤᠷ |
ᠠᠵᠢᠯᠯᠠᠵᠤ ᠠᠮᠢᠳᠤᠷᠠᠭᠤᠯᠬᠤ ᠪᠠᠷ ᠣᠷᠣᠰᠢᠨ ᠰᠠᠭᠤᠬᠤ ᠳᠤ ᠲᠣᠬᠢᠷᠠᠮᠵᠢᠲᠠᠶ ︽ᠵᠠᠯᠠᠭᠤᠴᠤᠳ ᠲᠤ ᠠᠰᠢᠭ ᠬᠦᠷᠲᠡᠭᠡᠬᠦ |
︾ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠰᠢᠨ᠎ᠡ ᠡᠭᠦᠳᠦᠯᠲᠡ ᠲᠠᠢ ᠠᠷᠭ᠎ᠠ |
ᠬᠡᠮᠵᠢᠶ᠎ᠡ ᠶᠢ ᠬᠠᠮᠲᠦ ᠳᠤ ᠪᠠᠨ ᠬᠤᠪᠢᠶᠠᠯᠴᠠᠨ᠂ ᠤᠶᠤᠲᠠᠳ ᠤᠨ ᠬᠡᠷ ᠳᠦᠷᠢᠶᠡᠰᠦᠯᠡᠬᠦ ᠪᠠ ᠬᠤᠳᠠᠯᠳᠤᠨ ᠠᠪᠬᠤ |
ᠭᠤᠶᠤᠴᠢᠯᠠᠯ ᠤᠨ ᠨᠥᠬᠦᠴᠡᠯ᠂ ᠲᠥᠷᠥ ᠶᠢᠨ ᠪᠣᠳᠣᠯᠭ᠎ᠠ ᠶᠢᠨ ᠨᠡᠮᠡᠭᠦᠷᠢ ᠵᠡᠷᠭᠡ ᠲᠠᠯ᠎ᠠ ᠪᠠᠷ ᠨᠠᠷᠢᠨ ᠲᠠᠶᠢᠯᠪᠤᠷᠢ ᠬᠢᠪᠡ᠃ |
|
ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ |
ᠰᠤᠷᠭᠠᠭᠤᠯᠢ ᠶᠢᠨ ᠵᠠᠯᠠᠭᠤ ᠯᠧᠺᠲ᠋ᠣᠷ ᠨᠢᠶᠧ ᠱᠣ᠋᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ |
ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠶ ᠮᠡᠷᠭᠡᠵᠢᠯ ᠤᠨ |
ᠳᠠᠭᠠᠭᠠᠮᠠᠯ ᠵᠠᠩ ᠺᠠᠶ ᠱᠤᠸᠠᠢ ᠨᠠᠷ ᠬᠥᠬᠡᠬᠤᠲᠠ ᠳᠤ ᠴᠢᠷᠮᠠᠶᠢᠨ ᠠᠵᠢᠯᠯᠠᠵᠤ ᠰᠤᠷᠤᠯᠴᠠᠵᠤ ᠪᠠᠶᠢᠭᠰᠠᠨ |
ᠦᠩᠭᠡᠷᠡᠯᠲᠡ ᠪᠠᠨ ᠶᠠᠷᠢᠪᠠ᠃ |
ᠣᠶᠢᠯᠠᠭᠠᠭᠰᠠᠨ ᠢᠶᠠᠷ᠂ ᠬᠥᠬᠡᠬᠤᠲᠠ ᠶᠢᠨ ᠡᠪᠯᠡᠯ ᠤᠨ ᠬᠤᠷᠢᠶ᠎ᠠ ︽ᠬᠦᠬᠡᠬᠤᠲᠠᠨ᠎ᠠ ᠴᠤᠭᠯᠠᠷᠠᠬᠤ︾ ᠪᠠᠷ ︽ |
ᠲᠠᠪᠤᠨ ᠲᠦᠮᠡᠨ ᠤᠶᠤᠲᠠᠳ ᠢ ᠬᠦᠬᠡᠬᠤᠲᠠᠨ᠎ᠠ ᠬᠤᠴᠤᠷᠭᠠᠵᠤ ᠠᠵᠢᠯᠯᠠᠭᠤᠯᠬᠤ︾ ᠳᠤ ᠬᠦᠴᠦᠨ ᠨᠡᠮᠡᠷᠢᠯᠡᠬᠦ ᠲᠤᠰᠬᠠᠢ |
ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ |
ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ᠵᠠᠯᠠᠭᠤᠴᠤᠳ ᠤᠨ ᠬᠥᠭᠵᠢᠯᠲᠡ ᠳᠤ ᠠᠰᠢᠭᠲᠠᠢ ᠬᠤᠲᠠ ᠶᠢ |
ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠰᠠᠷ︾ ᠠᠷᠭ᠎ᠠ ᠬᠡᠮᠵᠢᠶ᠎ᠡ ᠪᠠᠷ |
ᠵᠠᠯᠠᠭᠤᠴᠤᠳ ᠤᠨ ᠬᠥᠭᠵᠢᠯᠲᠡ ᠶᠢᠨ ︽ᠬᠠᠮ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠠᠯᠠᠭᠤ |
ᠴᠢᠳᠠᠪᠤᠷᠢᠲᠠᠨ ᠢ ᠬᠤᠲᠠ ᠶᠢᠨ ᠬᠥᠭᠵᠢᠯᠲᠡ ᠶᠢᠨ ᠭᠤᠤᠯ ᠪᠠᠶᠢᠷᠢᠨ ᠳᠤ ᠲᠠᠯᠪᠢᠵᠦ᠂ ᠬᠤᠲᠠ ᠶᠢᠨ ᠰᠦᠷ ᠳᠠᠯᠠᠶᠢᠴᠠᠲᠠᠢ |
ᠠᠮᠢᠵᠢᠷᠠᠯ ᠬᠦᠴᠦᠨ ᠢ ᠬᠦᠭᠵᠢᠭᠡᠨ᠎ᠡ᠃ |
|
|
|
|
|
|
|
|
|
|
|
|
|
|
|
|
|
|
|
|
|
|
᠁ |