|
ᠰᠢ ᠶᠢᠨ ᠫᠢᠩ ᠶᠡᠷᠦᠩᠬᠡᠶ ᠱᠦᠵᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ |
ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠮᠠᠨ ᠤ ᠬᠤᠲᠠ ᠶᠢᠨ ᠲᠡᠤᠬᠡ ᠶᠢᠨ ᠳᠤᠷᠠᠰᠬᠠᠯᠲᠤ |
ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ |
ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠮᠠᠨ ᠤ |
ᠬᠤᠲᠠ ᠦᠬᠠᠶ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ |
ᠪᠣᠯᠪᠠᠰᠤᠷᠠᠯ ᠤᠨ ᠬᠤᠷᠠᠯ ᠡᠷᠭᠢᠯᠡᠪᠡ᠃ ᠬᠤᠲᠠ᠂ ᠲᠣᠭᠤᠷᠢᠭ ᠬᠤᠶᠠᠷ ᠱᠠᠲᠤᠨ ᠤ ᠰᠣᠶᠣᠯ ᠲᠡᠦᠬᠡ ᠶᠢᠨ |
ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ᠵᠢᠴᠢ |
ᠳᠥᠷᠪᠡᠳᠦᠭᠡᠷ ᠣᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ |
ᠠᠵᠢᠯ ᠤᠨ ᠲᠤᠰᠬᠠᠢ ᠪᠠᠭ ᠤᠨ ᠪᠦᠷᠢᠯᠳᠦᠬᠦᠨ ᠵᠡᠷᠭᠡ 40 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ |
ᠪᠣᠯᠪᠠᠰᠤᠷᠠᠯ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠤᠨ ᠳᠡᠳ᠋ ᠳᠠᠷᠤᠭ᠎ᠠ ᠵᠠᠩ |
ᠸᠧᠨ ᠫᠢᠩ ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ |
ᠵᠦᠢᠯᠡᠰ ᠢ ᠬᠠᠮᠠᠭᠠᠯᠠᠬᠤ ᠠᠵᠢᠯ ᠳᠠᠬᠢ ᠵᠢᠯᠣᠭᠤᠳᠬᠤ ᠠᠴᠢ ᠬᠤᠯᠪᠣᠭᠳᠠᠯ ᠢ ᠭᠦᠨᠵᠡᠭᠡᠢ ᠲᠠᠶᠢᠯᠪᠤᠷᠢᠯᠠᠭᠰᠠᠨ ᠪᠥᠭᠡᠳ |
ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ |
ᠴᠢᠬᠤᠯᠠᠴᠢᠯᠠᠪᠠ᠃ ᠲᠤᠰᠬᠠᠶ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠲᠡᠤᠬᠡ ᠶᠢᠨ ᠳᠤᠷᠠᠰᠬᠠᠯᠲᠤ ᠵᠦᠢᠯᠡᠰ ᠤᠨ |
ᠬᠠᠮᠠᠭᠠᠯᠠᠯᠲᠠ ᠪᠣᠯ ᠲᠡᠦᠬᠡ ᠰᠣᠶᠣᠯ ᠤᠨ ᠤᠯᠠᠮᠵᠢᠯᠠᠯ ᠪᠣᠯᠬᠤ ᠪᠠᠷ ᠪᠠᠷᠠᠬᠤ ᠥᠬᠡᠶ᠂ ᠨᠠᠩ ᠴᠤ ᠤᠯᠤᠰ ᠤᠨ |
ᠰᠣᠶᠣᠯ ᠤᠨ ᠵᠥᠭᠡᠯᠡᠨ ᠪᠣᠳᠠᠲᠤ ᠬᠦᠴᠦᠨ ᠤ ᠢᠯᠡᠷᠡᠯ ᠮᠥᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯᠲᠠᠳ |
ᠡᠷᠬᠡᠪᠰᠢ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠵᠤ᠂ ᠲᠡᠤᠬᠡ ᠶᠢᠨ ᠳᠤᠷᠠᠰᠬᠠᠯᠲᠤ |
ᠵᠦᠢᠯᠡᠰ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠬᠦ ᠬᠡᠷᠡᠭᠲᠡᠶ ᠭᠡᠵᠡᠢ᠃ |
ᠡᠭᠦᠨ ᠠᠴᠠ ᠭᠠᠳᠠᠨ᠎ᠠ᠂ ᠪᠣᠯᠪᠠᠰᠤᠷᠠᠯ ᠤᠨ ᠬᠤᠷᠠᠯ ᠨᠢ ᠪᠠᠰᠠ ᠴᠢᠨ ᠤᠯᠤᠰ ᠤᠨ ᠠᠰᠬᠠᠨ ᠵᠠᠮ ᠤᠨ ᠪᠠᠭᠤᠷᠢ |
ᠡᠪᠳᠡᠯᠡᠭᠡ ᠳᠤ ᠤᠴᠠᠷᠠᠭᠰᠠᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠷᠠᠯ ᠳᠤ |
ᠣᠷᠣᠯᠴᠠᠭᠰᠠᠳ ᠲᠤ ᠰᠡᠷᠡᠮᠵᠢᠯᠡᠭᠦᠯᠬᠦ ᠬᠥᠮᠦᠵᠢᠯ ᠬᠢᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠤᠯᠢ |
ᠲᠦᠭᠡᠮᠡᠯᠵᠢᠭᠦᠯᠦᠯᠲᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠤᠬᠠᠭᠤᠯᠭ᠎ᠠ |
ᠬᠥᠮᠦᠵᠢᠯ ᠢᠶᠠᠨ ᠴᠢᠩᠭᠠᠳᠬᠠᠵᠤ᠂ ᠪᠥᠬᠦ ᠨᠡᠶᠢᠭᠡᠮ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ |
ᠲᠦᠪᠰᠢᠨ ᠤ ᠲᠠᠨᠢᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠠᠮᠠᠭᠠᠯᠠᠬᠤ ᠤᠬᠠᠮᠰᠠᠷ ᠢᠶᠠᠨ |
ᠴᠢᠩᠭᠠᠳᠬᠠᠬᠤ ᠬᠡᠷᠡᠭᠳᠡᠢ ᠭᠡᠵᠦ ᠱᠠᠭᠠᠷᠳᠠᠪᠠ᠃ |
|
|
|
|
|
|
|
|
|
|
|
᠁ |