10 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶᠠᠨ ᠤ ᠡᠷᠭᠢᠯᠡᠭᠰᠡᠨ |
2024 ᠣᠨ ᠤ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠪᠠ ᠲᠡᠦᠬᠡ ᠶᠢᠨ |
ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠠᠩᠭᠢ ᠬᠥᠬᠡᠬᠤᠲᠠ ᠳᠤ |
ᠡᠬᠢᠯᠡᠪᠡ᠃ ᠲᠣᠰ ᠤᠳᠠᠭᠠᠨ ᠤ ᠪᠤᠯᠪᠠᠰᠤᠷᠠᠯ ᠤᠨ ᠵᠣᠷᠢᠯᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ |
ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ |
ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠣᠶᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ |
ᠣᠷᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ᠂ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠤᠯᠢ ᠬᠡᠷᠡᠭᠵᠢᠭᠦᠯᠬᠦ |
ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ |
ᠠᠯᠬᠤᠮ ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠪᠠ ᠬᠠᠤᠯᠢ ᠬᠡᠷᠡᠭᠵᠢᠭᠦᠯᠬᠦ |
ᠠᠵᠢᠯ ᠢ ᠴᠢᠩᠭᠠᠳᠬᠠᠬᠤ ᠶᠢᠨ ᠲᠥᠯᠥᠭᠡ ᠶᠤᠮ᠃ |
ᠪᠣᠯᠪᠠᠰᠤᠷᠠᠯ ᠤᠨ ᠠᠩᠭᠢ ᠨᠢ ᠰᠢ ᠠᠨ᠂ ᠳ᠋ᠠᠯᠢᠶᠠᠨ᠂ ᠰᠢᠦ᠋ᠢᠵᠸᠤ ᠵᠡᠷᠭᠡ ᠭᠠᠵᠠᠷ ᠤᠨ ᠡᠯᠪᠡᠭ ᠪᠠᠶᠠᠯᠢᠭ |
ᠦᠢᠯᠡᠳᠦᠯᠭᠡ ᠶᠢᠨ ᠲᠤᠷᠰᠢᠯᠭ᠎ᠠ ᠲᠠᠢ ᠲᠤᠰᠬᠠᠢ ᠮᠡᠷᠭᠡᠵᠢᠯᠲᠡᠨ ᠢ ᠣᠨᠴᠠᠭᠠᠶᠢᠯᠠᠨ ᠤᠷᠢᠵᠤ᠂ ᠲᠡᠦᠬᠡ ᠶᠢᠨ |
ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ᠂ ᠲᠡᠦᠬᠡ ᠶᠢᠨ |
ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠱᠠᠭᠠᠷᠳᠠᠯᠭ᠎ᠠ ᠵᠢᠴᠢ ᠬᠡᠷᠡᠭ ᠤᠨ |
ᠵᠢᠱᠢᠶ᠎ᠡ ᠶᠢ ᠵᠠᠳᠠᠯᠬᠤ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ |
ᠡᠷᠡᠭᠦᠦ ᠰᠢᠢᠳᠬᠡᠯ ᠢ ᠵᠣᠯᠭᠠᠭᠤᠯᠬᠤ ᠵᠡᠷᠭᠡ ᠲᠠᠯ᠎ᠠ ᠪᠠᠷ ᠲᠤᠰ ᠲᠤᠰ ᠲᠤᠰᠬᠠᠢ ᠰᠡᠳᠦᠪ ᠢᠶᠠᠷ ᠬᠢᠴᠢᠶᠡᠯᠯᠡᠪᠡ᠃ |
ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠪᠠ᠃ |
ᠪᠥᠬᠦ ᠣᠷᠣᠨ ᠤ ᠡᠯ᠎ᠡ ᠠᠶᠢᠮᠠᠭ ᠬᠤᠲᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ |
ᠲᠣᠪᠴᠢᠶ᠎ᠠ ᠵᠢᠴᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ |
ᠲᠤᠪᠴᠢᠶᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯᠯᠠᠭᠴᠢ |
ᠬᠦᠴᠦᠨ ᠵᠡᠷᠭᠡ 150 ᠬᠥᠮᠥᠨ ᠪᠣᠯᠪᠠᠰᠤᠷᠠᠯ ᠳᠤ ᠣᠷᠣᠯᠴᠠᠵᠠᠢ᠃ |