ᠬᠡᠷᠡᠯ ᠰᠡᠭᠦᠳᠡᠷ ᠬᠢᠭᠡᠳ ᠥᠩᠭᠡ ᠪᠤᠳᠤᠭ ᠰᠣᠯᠪᠢᠴᠠᠵᠤ᠂ ᠤᠯᠠᠮᠵᠢᠯᠠᠯ ᠬᠢᠭᠡᠳ ᠣᠲᠣ ᠦᠶ᠎ᠡ ᠤᠴᠠᠷᠠᠯᠳᠤᠨᠠ |
᠂ 10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ |
ᠪᠣᠯᠤᠨ ᠥᠪᠥᠷ ᠮᠣᠩᠭᠤᠯ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠠᠴᠠ ᠭᠤᠤᠯᠯᠠᠨ ᠡᠷᠭᠢᠯᠡᠭᠰᠡᠨ ︽ᠤᠯᠠᠭᠠᠨ |
ᠲᠤᠭ ᠬᠥᠩᠭᠡᠨ ᠮᠣᠷᠢᠲᠤ ᠴᠡᠷᠢᠭ ᠭᠡᠶᠢᠭᠦᠯᠬᠦᠢ— ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠬᠡᠷᠡᠯ |
ᠵᠢᠷᠤᠭ ᠤᠨ ᠦᠵᠡᠭᠦᠯᠭᠡ︾ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ᠤ ᠰᠢᠭᠤᠳ ᠬᠠᠷᠢᠶ᠎ᠠ |
ᠤᠯᠠᠭᠠᠨᠮᠥ᠋ᠴᠢᠷ ᠤᠨ ᠦᠵᠡᠭᠦᠯᠭᠡ ᠶᠢᠨ ᠲᠢᠩᠬᠢᠮ ᠳᠤ ᠶᠠᠪᠤᠭᠳᠠᠪᠠ᠃ ᠦᠵᠡᠭᠦᠯᠭᠡ ᠳᠤ ᠤᠯᠠᠭᠠᠨᠮᠥ᠋ᠴᠢᠷ ᠢ ᠡᠭᠦᠳᠦᠨ |
ᠪᠠᠶᠢᠭᠤᠯᠤᠭᠰᠠᠨ ᠬᠥᠭᠵᠢᠯᠲᠡ᠂ ᠤᠯᠠᠭᠠᠨᠮᠥ᠋ᠴᠢᠷ ᠤᠨ ᠥᠭᠡᠷᠡᠴᠢᠯᠡᠯᠲᠡ ᠶᠢᠨ ᠦᠢᠯᠡᠳᠦᠯᠭᠡ᠂ ᠰᠢᠨ᠎ᠡ ᠴᠠᠭ ᠦᠶ᠎ᠡ ᠶᠢᠨ |
ᠤᠯᠠᠭᠠᠨᠮᠥ᠋ᠴᠢᠷ ᠭᠡᠬᠦ ᠭᠤᠷᠪᠠᠨ ᠬᠡᠰᠡᠭ ᠢ ᠪᠠᠭᠲᠠᠭᠠᠵᠤ᠂ ᠪᠤᠳᠤᠭ ᠦᠭᠡᠢ ᠠᠴᠠ ᠥᠩᠭᠡ ᠪᠤᠳᠤᠭ ᠲᠠᠢ ᠬᠦᠷᠲᠡᠯ᠎ᠡ᠂ |
ᠪᠠᠯᠠᠷᠬᠠᠶ ᠠᠴᠠ ᠥᠨᠳᠥᠷ ᠲᠣᠳᠣ ᠬᠦᠷᠲᠡᠯ᠎ᠡ᠂ ᠬᠡᠷᠡᠯ ᠵᠢᠷᠤᠭ ᠤᠳ ᠨᠢ 60 ᠭᠠᠷᠤᠶ ᠵᠢᠯ ᠤᠨ ᠲᠤᠷᠰᠢᠬᠢ ᠪᠠᠶᠢᠳᠠᠯ ᠢ |
ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ ᠤᠯᠠᠭᠠᠨᠮᠥ᠋ᠴᠢᠷ ᠨᠢ ᠨᠠᠮ ᠤᠨ ᠤᠳᠤᠷᠢᠳᠤᠯᠭ᠎ᠠ ᠳᠤᠤᠷ᠎ᠠ᠂ ᠤᠳᠬ᠎ᠠ |
ᠤᠷᠠᠯᠢᠭ ᠤᠨ ᠹᠷᠣᠨᠲ ᠳᠡᠭᠡᠷᠡᠬᠢ ᠨᠢᠭᠡᠨ ᠲᠤᠭ ᠲᠡᠮᠳᠡᠭ ᠪᠣᠯᠤᠭᠰᠠᠨ ᠤ ᠬᠤᠪᠢ ᠳᠤ᠂ ᠬᠠᠷᠢᠴᠠᠯᠠᠰᠢ ᠥᠬᠡᠶ ᠦᠨᠡᠨᠴᠢ |
ᠰᠢᠳᠤᠷᠭᠤ ᠤᠯᠤᠰ ᠲᠥᠷᠥ ᠶᠢᠨ ᠬᠡᠪ ᠴᠢᠨᠠᠷ ᠢᠶᠠᠨ ᠡᠷᠡᠰ ᠭᠤᠶᠢᠪᠢᠰᠢ ᠥᠬᠡᠶ ᠳᠠᠪᠲᠠᠨ ᠪᠣᠯᠪᠠᠰᠤᠷᠠᠭᠤᠯᠵᠤ᠂ |
ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠴᠣᠭᠴᠠᠯᠠᠬᠤ ᠤᠳᠬ᠎ᠠ ᠤᠷᠠᠯᠢᠭ ᠤᠨ ᠡᠭᠦᠷᠭᠡᠯᠡᠯ ᠢᠶᠠᠨ ᠡᠷᠡᠰ |
ᠭᠤᠶᠢᠪᠢᠰᠢ ᠥᠬᠡᠶ ᠴᠢᠩᠭᠠᠳᠬᠠᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠬᠦ᠂ ᠮᠠᠯᠴᠢᠨ |
ᠲᠠᠷᠢᠶᠠᠴᠢᠨ ᠲᠦᠮᠡᠨ ᠳᠤ ᠦᠢᠯᠡᠴᠢᠯᠡᠬᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠬᠤ ᠰᠢᠯᠢᠳᠡᠭ |
ᠤᠯᠠᠮᠵᠢᠯᠠᠯ ᠢ ᠡᠷᠡᠰ ᠭᠤᠶᠢᠪᠢᠰᠢ ᠥᠬᠡᠶ ᠪᠠᠳᠠᠷᠠᠭᠤᠯᠤᠭᠰᠠᠨ ᠶᠤᠮ᠃ ᠦᠵᠡᠭᠦᠯᠭᠡ ᠳᠤ ᠨᠡᠶᠢᠲᠡ 100 ᠭᠠᠷᠤᠶ ᠬᠡᠷᠡᠯ |
ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠦ᠂ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠨᠠᠭᠠᠰᠢᠬᠢ ᠲᠣᠭᠯᠠᠯᠲᠠ |
᠂ ᠵᠣᠬᠢᠶᠠᠨ ᠪᠦᠲᠦᠭᠡᠯᠭᠡ᠂ ᠤᠬᠠᠭᠠᠭᠤᠯᠭᠠ᠂ ᠬᠠᠪᠰᠤᠷᠤᠨ ᠵᠢᠯᠤᠭᠤᠳᠤᠯᠭ᠎ᠠ᠂ ᠦᠢᠯᠡᠴᠢᠯᠡᠭᠡ᠂ ᠤᠯᠠᠮᠵᠢᠯᠠᠯ᠂ |
ᠰᠢᠨ᠎ᠡ ᠶᠢ ᠡᠭᠦᠳᠬᠦ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠵᠡᠷᠭᠡ ᠶᠠᠪᠤᠴᠠ ᠳᠤ ᠦᠯᠡᠳᠡᠭᠳᠡᠵᠦ |
ᠢᠷᠡᠭᠰᠡᠨ ᠰᠣᠳᠣᠨ ᠪᠦᠲᠦᠭᠡᠯ ᠢ ᠡᠮᠬᠢᠳᠬᠡᠨ ᠴᠤᠭᠯᠠᠭᠤᠯᠵᠠᠶ᠃ ᠵᠢᠷᠤᠭ ᠨᠢ ᠣᠨᠴᠠᠭᠠᠢ ᠬᠠᠷᠠᠭᠠᠰᠤ ᠠᠴᠠ |
ᠤᠯᠠᠭᠠᠨᠮᠥ᠋ᠴᠢᠷ ᠢ ᠠᠵᠢᠭᠯᠠᠵᠤ᠂ ᠲᠡᠮᠳᠡᠭᠯᠡᠵᠦ᠂ ᠮᠡᠳᠡᠷᠡᠵᠦ᠂ ᠬᠥᠮᠦᠰ ᠤᠨ ᠰᠡᠳᠬᠢᠯ ᠢ ᠬᠥᠳᠡᠯᠭᠡᠮ᠎ᠡ ᠮᠠᠰᠢ ᠤᠯᠠᠨ |
ᠰᠠᠶᠢᠨ ᠰᠠᠶᠢᠬᠠᠨ ᠬᠤᠷᠣᠮ ᠢ ᠲᠣᠭᠲᠠᠭᠠᠭᠰᠠᠨ ᠪᠠᠶᠢᠨ᠎ᠠ᠃ |
|