10 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠭᠤᠷᠪᠠᠳᠤᠭᠠᠷ ᠬᠤᠭᠤᠴᠠᠭᠠᠨ ᠤ ᠬᠤᠪᠢᠰᠬᠠᠯ ᠤᠨ ᠥᠯᠢᠭᠡᠷ ᠢ ᠲᠠᠶᠢᠯᠪᠤᠷᠢᠯᠠᠭᠴᠢ ᠶᠢᠨ ᠶᠡᠭᠡ ᠤᠷᠤᠯᠳᠤᠭᠠᠨ ᠤ |
ᠰᠢᠢᠳᠪᠦᠷᠢᠲᠦ ᠤᠷᠤᠯᠳᠤᠭᠠᠨ ᠬᠥᠬᠡᠬᠤᠲᠠ ᠳᠤ ᠥᠨᠳᠥᠷᠯᠡᠪᠡ᠃ ᠤᠷᠤᠯᠳᠤᠭᠠᠨ ᠢ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠤᠯᠯᠠᠨ ᠡᠷᠭᠢᠯᠡᠵᠦ᠂ ᠤᠷᠤᠯᠳᠤᠭᠠᠨ |
ᠨᠢ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ |
ᠲᠠᠶᠢᠯᠪᠤᠷᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠰᠢᠨ᠎ᠡ ᠴᠠᠭ ᠦᠶ᠎ᠡ ᠶᠢᠨ ᠬᠤᠪᠢᠰᠬᠠᠯᠲᠤ |
ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠶ᠃ |
ᠠᠩᠬᠠᠨ ᠤ ᠱᠠᠲᠤᠨ ᠤ ᠤᠷᠤᠯᠳᠤᠭᠠᠨ ᠤ ᠰᠢᠯᠭᠠᠷᠠᠭᠤᠯᠤᠯᠲᠠ ᠪᠠᠷ ᠳᠠᠮᠵᠢᠨ᠂ ᠨᠡᠶᠢᠲᠡ 38 ᠤᠷᠤᠯᠴᠠᠭᠴᠢ |
ᠰᠢᠢᠳᠪᠦᠷᠢᠲᠦ ᠤᠷᠤᠯᠳᠤᠭᠤᠨ ᠳᠤ ᠣᠷᠣᠪᠠ᠃ ᠰᠢᠢᠳᠪᠦᠷᠢᠲᠦ ᠤᠷᠤᠯᠳᠤᠭᠠᠨ ᠨᠢ ︽ᠡᠷᠬᠡ ᠲᠡᠭᠰᠢ᠂ ᠲᠥᠪ |
ᠭᠤᠤᠯᠴᠢ᠂ ᠢᠯᠡ ᠲᠣᠳᠣ︾ ᠬᠢᠨᠠᠨ ᠰᠢᠯᠭᠠᠷᠠᠭᠤᠯᠬᠤ ᠪᠠᠷᠢᠮᠵᠢᠶ᠎ᠠ ᠪᠠᠷ᠂ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠨᠠᠷᠠᠲᠤ ᠲᠤᠰᠬᠠᠶ ᠮᠡᠷᠭᠡᠵᠢᠯᠲᠡᠨ᠂ ᠡᠷᠳᠡᠮᠲᠡᠳ ᠢ |
ᠤᠷᠢᠵᠤ ᠬᠢᠨᠠᠨ ᠰᠢᠯᠭᠠᠷᠠᠭᠤᠯᠬᠤ ᠪᠦᠯᠬᠦᠮ ᠪᠠᠶᠢᠭᠤᠯᠵᠤ᠂ ᠤᠷᠤᠯᠳᠤᠭᠠᠨ ᠳᠤ ᠣᠷᠣᠯᠴᠠᠭᠰᠠᠳ ᠤᠨ ᠳᠦᠷᠢ ᠲᠥᠷᠬᠦ᠂ |
ᠬᠤᠪᠢᠰᠬᠠᠯ ᠤᠨ ᠥᠯᠢᠭᠡᠷ ᠤᠨ ᠰᠡᠳᠦᠪ ᠰᠣᠩᠭᠤᠬᠤ᠂ ᠲᠠᠶᠢᠯᠪᠤᠷᠢᠯᠠᠬᠤ ᠤᠷ᠎ᠠ ᠮᠡᠷᠭᠡᠵᠢᠯ᠂ ᠦᠭᠡ ᠬᠡᠯᠡᠨ ᠤ |
ᠢᠯᠡᠳᠬᠡᠯᠲᠡ ᠵᠡᠷᠭᠡ ᠲᠠᠯ᠎ᠠ ᠳᠤ ᠶᠡᠷᠦᠩᠬᠡᠶᠢᠯᠡᠭᠰᠡᠨ ᠬᠤᠪᠢ ᠤᠯᠭᠤᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ |
ᠳᠠᠮᠵᠢᠭᠠᠳ᠂ ᠾᠧᠦ ᠼᠠᠢ ᠯᠢᠩ ᠵᠡᠷᠭᠡ 5 ᠠᠯᠲᠠᠨ ᠮᠧᠳᠠᠯᠲᠤ ᠲᠠᠶᠢᠯᠪᠤᠷᠢᠯᠠᠭᠴᠢ᠂ ᠵᠢᠶᠠᠩ ᠢᠦᠶ ᠰᠢᠨ ᠵᠡᠷᠭᠡ 10 |
ᠰᠢᠯᠢᠳᠡᠭ ᠲᠠᠶᠢᠯᠪᠤᠷᠢᠯᠠᠭᠴᠢ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ |
ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠯᠢ ᠶᠢᠨ ᠭᠤᠤᠯ |
ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ 3 ᠰᠢᠯᠢᠳᠡᠭ |
ᠵᠣᠬᠢᠶᠠᠨ ᠪᠠᠶᠢᠭᠤᠯᠤᠭᠴᠢ ᠶᠢᠨ ᠱᠠᠩᠨᠠᠯ ᠢ ᠰᠢᠯᠭᠠᠷᠠᠭᠤᠯᠪᠠ᠃ ︽ᠥᠪᠥᠷ ᠮᠣᠩᠭᠤᠯ ᠤᠨ ᠬᠤᠪᠢᠰᠬᠠᠯ ᠤᠨ ᠲᠡᠦᠬᠡ |
ᠰᠣᠶᠣᠯ ᠤᠨ ᠠᠭᠤᠯᠤᠭᠳᠠᠬᠤᠨ ᠭᠦᠨ ᠵᠤᠵᠠᠭᠠᠨ᠂ ᠬᠤᠪᠢᠰᠬᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ |
ᠬᠤᠪᠢᠰᠬᠠᠯ ᠤᠨ ᠡᠬᠢ ᠪᠠᠶᠠᠯᠢᠭ ᠤᠨ ᠲᠣᠮᠣ ᠣᠷᠣᠨ ᠪᠣᠯᠤᠨ᠎ᠠ᠂ ᠬᠤᠪᠢᠰᠬᠠᠯ ᠤᠨ ᠥᠯᠢᠭᠡᠷ ᠢ ᠲᠠᠶᠢᠯᠪᠤᠷᠢᠯᠠᠭᠴᠢ ᠶᠢᠨ |
ᠤᠷᠤᠯᠳᠤᠭᠠᠨ ᠪᠣᠯ ᠥᠪᠥᠷ ᠮᠣᠩᠭᠤᠯ ᠤᠨ ᠬᠤᠪᠢᠰᠬᠠᠯᠲᠤ ᠵᠢᠭᠤᠯᠴᠢᠯᠠᠯ ᠤᠨ ᠥᠷᠨᠢᠩᠭᠦᠶ ᠬᠥᠭᠵᠢᠯᠲᠡ ᠶᠢᠨ |
ᠪᠠᠶᠢᠳᠠᠯ ᠢ ᠲᠤᠰᠬᠠᠬᠤ ᠴᠢᠬᠤᠯᠠ ᠴᠤᠩᠬᠤᠪᠴᠢ ᠪᠣᠯᠤᠨ᠎ᠠ᠃︾ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠯᠡᠬᠦ ᠳᠤ ᠪᠠᠨ᠂ |
ᠥᠪᠥᠷ ᠮᠣᠩᠭᠤᠯ ᠤᠷᠤᠯᠳᠤᠭᠠᠨ ᠢ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠣᠷᠣᠨ ᠤ ᠳᠣᠲᠣᠷᠠᠬᠢ |
ᠬᠤᠪᠢᠰᠬᠠᠯᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠰᠠᠭᠤᠷᠢᠯᠠᠨ᠂ ᠬᠤᠪᠢᠰᠬᠠᠯᠲᠤ ᠰᠣᠶᠣᠯ ᠤᠨ |
ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ |
ᠬᠤᠪᠢᠰᠬᠠᠯᠲᠤ ᠲᠠᠶᠢᠯᠪᠤᠷᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠥᠪᠥᠷ |
ᠮᠣᠩᠭᠤᠯ ᠤᠨ ᠬᠤᠪᠢᠰᠬᠠᠯᠲᠤ ᠥᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠨ᠂ |
ᠬᠤᠪᠢᠰᠬᠠᠯᠲᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠡᠶ᠃ |
|