2024 ᠣᠨ ᠤ 10 ᠳ᠋ᠤᠭᠠᠷ ᠰᠠᠷ᠎ᠠ ᠶᠢᠨ 17 ᠤ ᠡᠳᠦᠷ ᠠᠴᠠ 21 ᠤ ᠡᠳᠦᠷ ᠪᠣᠯᠲᠠᠯ᠎ᠠ᠂ ᠰᠣᠶᠣᠯ ᠪᠠ |
ᠵᠢᠭᠤᠯᠴᠢᠯᠠᠯ ᠤᠨ ᠶᠠᠮᠤᠨ ᠭᠤᠤᠯᠯᠠᠨ ᠡᠷᠭᠢᠯᠡᠵᠦ᠂ ᠱᠠᠨᠳᠦ᠋ᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ |
ᠵᠢᠨᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠳᠠᠭᠠᠭᠠᠨ ᠡᠷᠭᠢᠯᠡᠭᠰᠡᠨ ᠨᠠᠢᠮᠠᠳᠤᠭᠠᠷ |
ᠬᠤᠭᠤᠴᠠᠭᠠᠨ ᠤ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠱᠠᠨᠳᠦ᠋ᠩ |
ᠮᠤᠵᠢ ᠶᠢᠨ ᠵᠢᠨᠠᠨ ᠬᠤᠲᠠ ᠶᠢᠨ ᠱᠦᠨ ᠭᠧᠩ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ |
ᠶᠠᠪᠤᠭᠳᠠᠪᠠ᠃ ᠲᠤᠰ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠨᠢ ︽ |
ᠤᠯᠠᠮᠵᠢᠯᠠᠯ ᠢ ᠬᠠᠮᠠᠭᠠᠯᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠬᠤ︾ ᠪᠠᠷ ᠭᠤᠣᠯ ᠰᠡᠳᠦᠪ ᠪᠣᠯᠭᠠᠵᠤ᠂ ︽ᠭᠤᠸ᠎ᠠ |
ᠰᠠᠶᠢᠬᠠᠨ ᠤ ᠠᠮᠢ ᠠᠬᠤᠢ ᠨᠡᠩ ᠠᠮᠢᠳᠤᠯᠢᠭ︾ ᠵᠡᠷᠭᠡ ᠭᠤᠣᠯᠳᠠᠯᠭ᠎ᠠ ᠲᠠᠢ ᠬᠡᠰᠡᠭ ᠢ ᠲᠤᠬᠢᠷᠠᠭᠤᠯᠪᠠ᠃ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠯᠢᠭᠡᠷ᠂ ᠴᠠᠭᠠᠨ ᠢᠳᠡᠭᠡ ᠦᠢᠯᠡᠳᠬᠦ ᠤᠷ᠎ᠠ ᠮᠡᠷᠭᠡᠰᠢᠯ ᠵᠡᠷᠭᠡ 5 |
ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ 8 ᠪᠣᠳᠠᠰ ᠤᠨ ᠪᠤᠰᠤ |
ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠲᠤᠰ ᠬᠤᠭᠤᠴᠠᠭᠠᠨ ᠤ |
ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ ᠮᠠᠨ ᠤ ᠣᠷᠣᠨ ᠤ ᠳᠤᠮᠳᠠᠳᠤ ᠤᠯᠤᠰ ᠲᠤ ︽ᠪᠣᠳᠠᠰ ᠤᠨ ᠪᠤᠰᠤ |
ᠰᠣᠶᠣᠯ ᠤᠨ ᠥᠪ ᠢ ᠬᠠᠮᠠᠭᠠᠯᠠᠬᠤ ᠨᠡᠶᠢᠲᠡ ᠶᠢᠨ ᠭᠡᠷ᠎ᠡ︾ ᠳᠤ ᠣᠷᠣᠯᠴᠠᠭᠰᠠᠨ 20 ᠵᠢᠯ ᠤᠨ ᠲᠤᠷᠰᠢᠬᠢ ᠪᠣᠳᠠᠰ ᠤᠨ |
ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠢᠯᠡᠷᠡᠭᠦᠯᠪᠡ᠃ |
|
ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ︽ᠮᠠᠰᠢ ᠭᠤᠶᠤ︾ |
|
ᠴᠠᠭᠠᠨ ᠢᠳᠡᠭᠡ ᠦᠢᠯᠡᠳᠬᠦ ᠤᠷ᠎ᠠ ᠮᠡᠷᠭᠡᠵᠢᠯ᠂ ᠨᠡᠭᠦᠷᠡᠰᠦᠨᠭᠠᠯ ᠢᠶᠠᠷ ᠪᠣᠷᠴᠠ ᠦᠢᠯᠡᠳᠬᠦ ᠤᠷ᠎ᠠ ᠮᠡᠷᠭᠡᠵᠢᠯ |
ᠬᠤᠶᠠᠷ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠷᠢᠯᠭ᠎ᠠ ᠪᠠᠷ ᠲᠤᠰ ᠬᠤᠭᠤᠴᠠᠭᠠᠨ ᠤ |
ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠤᠨ ᠭᠤᠣᠯ ᠰᠡᠳᠦᠪᠲᠦ ᠦᠵᠡᠭᠦᠯᠭᠡ ᠳᠤ ᠣᠷᠣᠯᠴᠠᠵᠤ᠂ |
ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠭᠤᠶᠢᠳᠠ ᠰᠠᠶᠢᠬᠠᠨ ᠤᠷ᠎ᠠ |
ᠮᠡᠷᠭᠡᠵᠢᠯ ᠪᠣᠯᠤᠨ ᠤᠷ᠎ᠠ ᠮᠡᠷᠭᠡᠵᠢᠯ ᠤᠨ ᠤᠯᠠᠮᠵᠢᠯᠠᠯ ᠢ ᠭᠤᠣᠯᠳᠠᠯᠭ᠎ᠠ ᠲᠠᠢ ᠳᠡᠯᠭᠡᠨ ᠦᠵᠡᠭᠦᠯᠵᠡᠢ᠃ |
|
︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠩᠭᠡ ᠦᠵᠡᠮᠵᠢ︾ ᠦᠵᠡᠭᠦᠯᠭᠡ ᠶᠢᠨ |
ᠲᠣᠭᠤᠷᠢᠭ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠦᠷ᠎ᠡ |
ᠪᠦᠲᠦᠮᠵᠢ ᠪᠠᠷ ᠰᠠᠶᠢᠨ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠨᠡᠶᠢᠲᠡᠯᠢᠭ ᠵᠢᠱᠢᠶ᠎ᠡ ᠦᠵᠡᠭᠦᠯᠬᠦ ᠠᠴᠢ |
ᠬᠤᠯᠪᠣᠭᠳᠠᠯ ᠲᠠᠢ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠢ ᠭᠤᠣᠯᠳᠠᠯᠭ᠎ᠠ ᠲᠠᠢ |
ᠰᠣᠩᠭᠤᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ |
ᠠᠬᠢᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠲᠠᠯ᠎ᠠ ᠪᠠᠷ ᠬᠢ ᠡᠯᠪᠡᠭ |
ᠪᠠᠶᠠᠯᠢᠭ ᠦᠷ᠎ᠡ ᠪᠦᠲᠦᠭᠡᠯ ᠢ ᠳᠡᠯᠭᠡᠨ ᠦᠵᠡᠭᠦᠯᠪᠡ᠃ ᠮᠠᠨ ᠤ ᠣᠷᠣᠨ ᠤ ᠪᠠᠶ ᠯᠠᠩ ᠯᠢᠨ ᠰᠤ᠋ ᠲᠤᠰᠬᠤᠨ ᠤ ᠮᠣᠳᠣᠨ |
ᠬᠠᠯᠢᠰᠤᠨ ᠵᠢᠷᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠭᠡᠯ ᠤᠨ ᠭᠠᠵᠠᠷ ᠦᠵᠡᠰᠬᠦᠯᠡᠩ ᠳᠤ |
ᠣᠷᠣᠯᠴᠠᠵᠤ᠂ ᠷᠠᠰᠢᠶᠠᠨ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ |
ᠵᠠᠯᠭᠠᠮᠵᠢᠯᠠᠬᠤ᠂ ᠠᠵᠢᠯ ᠣᠯᠭᠤᠯᠲᠠ ᠶᠢ ᠥᠷᠭᠡᠨ ᠢᠶᠠᠷ ᠰᠢᠩᠭᠡᠭᠡᠨ ᠠᠪᠬᠤ᠂ ᠪᠣᠳᠠᠰ ᠤᠨ ᠪᠤᠰᠤ ᠰᠣᠶᠣᠯ ᠤᠨ |
ᠥᠪ ᠤᠨ ᠦᠢᠯᠡᠳᠭᠡᠯ ᠤᠨ ᠭᠠᠵᠠᠷ ᠬᠢᠭᠡᠳ ᠬᠥᠳᠡᠭᠡ ᠲᠣᠰᠬᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ |
ᠠᠵᠢᠯᠯᠠᠭ᠎ᠠ ᠵᠡᠷᠭᠡ ᠲᠥᠷᠥᠯ ᠵᠦᠢᠯ ᠢ ᠤᠶᠠᠯᠳᠤᠭᠤᠯᠤᠭᠰᠠᠨ ᠠᠷᠭ᠎ᠠ ᠬᠡᠮᠵᠢᠶ᠎ᠡ ᠶᠢ ᠳᠡᠯᠭᠡᠷᠡᠭᠦᠯᠪᠡ᠃ |
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠡᠰ ᠤᠨ ᠪᠤᠳᠠᠰ ᠤᠨ ᠪᠤᠰᠤ |
ᠰᠤᠶᠤᠯ ᠤᠨ ᠥᠪ ᠤᠨ ᠲᠥᠰᠦᠯ ᠪᠣᠯᠬᠤ ᠦᠯᠢᠭᠡᠷ ᠡᠨᠡ ᠠᠷᠭ᠎ᠠ ᠬᠡᠮᠵᠢᠶᠡᠨ ᠤ ︽ᠳᠠᠭᠤᠷᠢᠯᠢᠭ ᠤᠨ ᠠᠭᠤᠯᠠ |
ᠤᠷᠠᠯᠢᠭ ᠤᠨ ᠳᠠᠯᠠᠢ︾ ᠬᠤᠯᠪᠤᠭᠠᠨ ᠤ ᠠᠵᠢᠯᠯᠠᠭᠠᠨ ᠳᠤ ᠤᠷᠢᠭᠳᠠᠨ ᠤᠷᠤᠯᠴᠠᠵᠤ᠂ ᠲᠦᠩᠯᠢᠶᠣᠤ ᠬᠤᠲᠠ ᠶᠢᠨ |
ᠵᠠᠷᠤᠳ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ |
ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢᠳ 10 ᠳ᠋ᠤᠭᠠᠷ ᠰᠠᠷ᠎ᠠ ᠶᠢᠨ 16᠂ 17 ᠤ ᠣᠷᠣᠢ ᠵᠢᠨᠠᠨ ᠤ ᠪᠠᠢ ᠬᠤᠸᠠ |
ᠵᠸᠤ ᠲᠢᠶᠠᠲᠷ ᠲᠤ ᠦᠵᠡᠭᠴᠢᠳ ᠲᠤ ︽ᠯᠦᠳᠢᠩ ᠬᠥᠭᠦᠷᠭᠡ ᠶᠢ ᠪᠤᠯᠢᠶᠠᠨ ᠠᠪᠤᠭᠰᠠᠨ ᠨᠢ︾ ᠭᠡᠰᠡᠨ ᠭᠤᠶᠢᠳᠠ |
ᠰᠠᠶᠢᠬᠠᠨ ᠲᠣᠭᠯᠠᠯᠲᠠ ᠭᠠᠷᠭᠠᠵᠤ᠂ ᠦᠵᠡᠭᠴᠢᠳ ᠲᠤ ᠬᠠᠯᠠᠭᠤᠨ ᠢᠶᠠᠷ ᠤᠭᠲᠤᠭᠳᠠᠪᠠ᠃ |
|
ᠲᠣᠰ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠨᠢ ᠰᠢᠨ᠎ᠡ ᠰᠡᠪᠡᠭᠦᠨ |
ᠳᠡᠯᠭᠡᠨ ᠦᠵᠡᠭᠦᠯᠬᠦ ᠵᠢᠷᠤᠭ ᠲᠥᠯᠥᠪᠯᠡᠭᠡ᠂ ᠡᠯᠪᠡᠭ ᠪᠠᠶᠠᠯᠢᠭ ᠠᠭᠤᠯᠭ᠎ᠠ ᠬᠠᠩᠭᠠᠯᠭ᠎ᠠ᠂ ᠲᠤᠰᠬᠠᠶ ᠮᠡᠷᠭᠡᠵᠢᠯ ᠤᠨ |
ᠢᠯᠡᠷᠡᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ |
ᠦᠷ᠎ᠡ ᠪᠦᠲᠦᠭᠡᠯ ᠢ ᠭᠦᠶ᠋ᠴᠡᠳ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ |
ᠬᠠᠮᠠᠭᠠᠯᠠᠯᠲᠠ ᠶᠢᠨ ᠣᠶᠢᠯᠠᠭᠠᠭᠳᠠᠬᠤᠨ ᠢ ᠤᠬᠠᠭᠤᠯᠪᠠ᠃ ᠥᠪᠥᠷ ᠮᠣᠩᠭᠤᠯ ᠤᠨᠦᠵᠡᠭᠦᠯᠭᠡ ᠶᠢᠨ ᠲᠣᠭᠤᠷᠢᠭ ᠢ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠭᠦᠯᠡᠩ ᠤᠨ ᠣᠷᠳᠣᠨ ᠠᠴᠠ ᠨᠢᠭᠡᠳᠦᠯᠲᠡᠶ |
ᠲᠥᠯᠥᠪᠯᠡᠨ ᠬᠠᠮᠵᠢᠨ ᠡᠷᠭᠢᠯᠡᠪᠡ᠃ |